ᠵᠥᠩ ᠾᠧ ᠪᠠᠯᠭᠠᠰᠤ ᠬᠠᠪᠤᠷ ᠤᠨ ᠤᠯᠠᠷᠢᠯ ᠤᠨ ᠠᠮᠢᠲᠠᠨ ᠤ ᠬᠢᠵᠢᠭ ᠢ ᠰᠡᠷᠭᠡᠶᠢᠯᠡᠬᠦ ᠠᠵᠢᠯ ᠢ ᠪᠥᠬᠦ ᠲᠠᠯ᠎ᠠ ᠪᠠᠷ ᠥᠷᠨᠢᠭᠦᠯᠪᠡ
ᠨᠡᠶᠢᠲᠡᠯᠡᠭᠰᠡᠨ ᠴᠠᠭ᠄
2022/4/15
     ᠬᠠᠪᠤᠷ ᠤᠨ ᠤᠯᠠᠷᠢᠯ ᠪᠣᠯ ᠮᠠᠯ ᠵᠢᠭᠦᠷᠲᠡᠨ ᠠᠮᠢᠲᠠᠨ ᠤ ᠬᠢᠵᠢᠭ ᠡᠪᠡᠳᠴᠢᠨ ᠤ ᠣᠯᠠᠨ ᠡᠭᠦᠰᠬᠦ ᠬᠤᠭᠤᠴᠠᠭ᠎ᠠ ᠮᠥᠨ᠂ ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ ᠡᠭᠦᠰᠬᠦ ᠶᠢ ᠰᠡᠷᠭᠡᠶᠢᠯᠡᠬᠦ ᠶᠢᠨ ᠲᠥᠯᠥᠭᠡ᠂ ᠣᠶᠢᠷ᠎ᠠ ᠶᠢᠨ ᠡᠳᠦᠷ ᠤᠳ ᠲᠤ᠂ ᠵᠥᠩ ᠾᠧ ᠪᠠᠯᠭᠠᠰᠤ ᠠᠰᠢᠭᠲᠠᠶ ᠴᠠᠭ ᠲᠣᠬᠢᠶᠠᠯ ᠢ ᠵᠠᠪᠳᠤᠨ᠂ ᠢᠳᠡᠪᠬᠢᠲᠡᠶ ᠪᠠᠶᠢᠷᠢᠯᠠᠭᠤᠯᠵᠤ᠂ ᠨᠠᠷᠢᠨ ᠨᠢᠮᠪᠠᠶ ᠳᠣᠭᠢᠷᠠᠭᠤᠯᠤᠨ᠂ ᠬᠠᠪᠤᠷ ᠤᠨ ᠤᠯᠠᠷᠢᠯ ᠤᠨ ᠠᠮᠢᠲᠠᠨ ᠤ ᠬᠢᠵᠢᠭ ᠢ ᠰᠡᠷᠭᠡᠶᠢᠯᠡᠬᠦ ︽ᠰᠡᠷᠭᠡᠶᠢᠯᠡᠬᠦ ᠲᠠᠷᠢᠯᠭ᠎ᠠ︾ ᠶᠢ ᠪᠥᠬᠦ ᠬᠦᠴᠦᠨ ᠢᠶᠠᠷ ᠢᠶᠠᠨ ᠰᠠᠶᠢᠲᠤᠷ ᠳᠠᠷᠢᠭᠰᠠᠨ ᠪᠠᠶᠢᠨ᠎ᠠ᠃       ᠪᠠᠯᠭᠠᠰᠤᠨ ᠤ ᠮᠠᠯ ᠠᠵᠤ ᠠᠬᠤᠶ ᠶᠢᠨ ᠥᠷᠲᠡᠭᠡᠨ ᠤ ᠠᠵᠢᠯᠲᠠᠨ ᠵᠢᠴᠢ ᠪᠥᠬᠦ ᠪᠠᠯᠭᠠᠰᠤᠨ ᠤ 29 ᠠᠮᠢᠲᠠᠨ ᠤ ᠬᠢᠵᠢᠭ ᠢ ᠰᠡᠷᠭᠡᠶᠢᠯᠡᠬᠦ ᠠᠵᠢᠯᠲᠠᠨ ᠲᠤᠰᠬᠠᠶ ᠬᠡᠷᠡᠭᠯᠡᠭᠡᠨ ᠤ ᠪᠠᠭᠠᠵᠢ ᠬᠡᠷᠡᠭᠰᠡᠯ ᠪᠠ ᠮᠠᠯ ᠵᠢᠭᠦᠷᠲᠡᠨ ᠠᠮᠢᠲᠠᠨ ᠤ ᠬᠢᠵᠢᠭ  ᠢ ᠰᠡᠷᠭᠡᠶᠢᠯᠡᠬᠦ ᠸᠠᠺᠼᠢᠨ ᠢ ᠠᠪᠴᠤ᠂ ︽ᠲᠣᠰᠬᠤᠨ ᠳᠤ ᠡᠷᠦᠬᠡ ᠶᠢ ᠣᠷᠬᠢᠭᠳᠠᠭᠤᠯᠬᠤ ᠥᠬᠡᠶ᠂ ᠡᠷᠦᠬᠡ ᠳᠤ ᠮᠠᠯ ᠢ ᠣᠷᠬᠢᠭᠳᠠᠭᠤᠯᠬᠤ ᠥᠬᠡᠶ᠂ ᠮᠠᠯ ᠳᠤ ᠲᠠᠷᠢᠯᠭ᠎ᠠ ᠶᠢ ᠣᠷᠬᠢᠭᠳᠠᠭᠤᠯᠬᠤ ᠥᠬᠡᠶ︾ ᠪᠠᠶᠢᠬᠤ ᠱᠠᠭᠠᠷᠳᠠᠯᠭ᠎ᠠ ᠶᠣᠰᠣᠭᠠᠷ᠂ ᠪᠥᠬᠦ ᠪᠠᠯᠭᠠᠰᠤᠨ ᠤ ᠮᠠᠯ ᠵᠢᠭᠦᠷᠲᠡᠨ ᠳᠤ ᠲᠠᠪᠤᠳᠤᠭᠠᠷ ᠨᠣᠮᠧᠷᠲᠤ ᠡᠪᠡᠳᠴᠢᠨ᠂ ᠰᠢᠯᠦᠬᠡᠶ ᠡᠪᠡᠳᠴᠢᠨ᠂ ᠭᠠᠭ᠋ᠠᠶ ᠶᠢᠨ ᠬᠢᠵᠢᠭ᠂ ᠵᠢᠭᠦᠷᠲᠡᠨ ᠤ ᠬᠠᠯᠳᠠᠪᠤᠷᠢᠲᠤ ᠲᠠᠭᠰᠢᠭᠤᠷ ᠵᠡᠷᠭᠡ ᠡᠪᠡᠳᠴᠢᠨ ᠤ ᠸᠠᠺᠼᠢᠨ ᠤ ᠲᠠᠷᠢᠯᠭ᠎ᠠ ᠶᠢ ᠥᠷᠨᠢᠭᠦᠯᠪᠡ᠃      ᠠᠮᠢᠲᠠᠨ ᠤ ᠬᠢᠵᠢᠭ ᠢ ᠰᠡᠷᠭᠡᠶᠢᠯᠡᠬᠦ ᠠᠵᠢᠯᠲᠠᠨ ᠡᠷᠦᠬᠡ ᠳᠤ ᠣᠷᠣᠵᠤ ᠸᠠᠺᠼᠢᠨ ᠤ ᠲᠠᠷᠢᠯᠭ᠎ᠠ ᠬᠢᠬᠦ ᠲᠣᠬᠢᠶᠠᠯ  ᠢᠶᠠᠷ ᠳᠠᠮᠵᠢᠨ ᠲᠡᠵᠢᠭᠡᠨ ᠦᠷᠡᠵᠢᠭᠦᠯᠬᠦ ᠡᠷᠦᠬᠡ ᠳᠤ ᠠᠮᠢᠲᠠᠨ ᠤ ᠬᠢᠵᠢᠭ ᠢ ᠰᠡᠷᠭᠡᠶᠢᠯᠡᠬᠦ ᠤᠬᠠᠭᠤᠯᠭ᠎ᠠ ᠬᠢᠵᠦ᠂ ᠲᠣᠰᠬᠤᠨ ᠤ ᠠᠷᠠᠳ ᠢ ᠤᠷᠢᠶᠠᠯᠠᠨ ᠠᠮᠢᠲᠠᠨ ᠤ ᠡᠭᠡᠯᠢᠯᠡᠭᠡ ᠶᠢ ᠴᠡᠪᠡᠷᠯᠡᠨ ᠠᠷᠢᠭᠤᠳᠬᠠᠬᠤ ᠠᠵᠢᠯ ᠢ ᠰᠠᠶᠢᠲᠤᠷ ᠬᠢᠵᠦ᠂ ᠰᠣᠯᠪᠢᠴᠠᠨ ᠬᠠᠯᠳᠠᠪᠤᠷᠢᠯᠠᠬᠤ ᠶᠢ ᠰᠡᠷᠭᠡᠶᠢᠯᠡᠵᠦ᠂ ᠮᠠᠯ ᠵᠢᠭᠦᠷᠲᠡᠨ ᠤ ᠡᠪᠡᠳᠴᠢᠨ ᠤ ᠬᠥᠨᠥᠭᠡᠯ ᠡᠭᠦᠰᠬᠦ ᠶᠢ ᠬᠠᠮᠤᠭ ᠶᠡᠭᠡ ᠬᠡᠮᠵᠢᠶ᠎ᠡ ᠪᠠᠷ ᠪᠠᠭᠠᠰᠬᠠᠨ᠎ᠠ᠃ ᠡᠭᠦᠨ ᠤ ᠬᠠᠮᠲᠤ ᠲᠡᠵᠢᠭᠡᠨ ᠦᠷᠡᠵᠢᠭᠦᠯᠬᠦ ᠡᠷᠦᠬᠡ ᠶᠢ ᠰᠢᠪᠠᠳᠠᠵᠤ ᠪᠠᠶᠢᠭᠠᠳ ᠠᠮᠢᠲᠠᠨ ᠤ ᠪᠠᠭᠠᠰᠤ ᠰᠢᠭᠡᠰᠦ ᠶᠢ ᠳᠤᠷ᠎ᠠ ᠪᠠᠷ ᠢᠶᠠᠨ ᠣᠪᠣᠭᠠᠯᠠᠨ ᠲᠠᠯᠪᠢᠵᠤ ᠪᠣᠯᠬᠤ ᠦᠭᠡᠢ᠂ ᠭᠠᠴᠠᠭᠠᠨ ᠤ ᠲᠣᠭᠲᠠᠭᠰᠠᠨ ᠭᠠᠵᠠᠷ ᠲᠤ ᠲᠠᠯᠪᠢᠵᠤ ᠨᠢᠭᠡᠳᠦᠯᠲᠡᠶ ᠰᠢᠢᠳᠪᠦᠷᠢᠯᠡᠬᠦ ᠪᠤᠶᠤ ᠲᠠᠷᠢᠶᠠᠨ ᠭᠠᠵᠠᠷ ᠲᠤ ᠪᠤᠴᠠᠭᠠᠨ ᠠᠪᠠᠴᠢᠵᠤ ᠠᠰᠢᠭᠯᠠᠭᠤᠯᠤᠨ᠂ ᠣᠷᠴᠢᠨ ᠲᠣᠭᠤᠷᠢᠨ ᠢ ᠬᠠᠮᠠᠭᠠᠯᠠᠵᠤ ᠠᠷᠢᠭᠤᠨ ᠴᠡᠪᠡᠷ ᠢ ᠬᠠᠮᠠᠭᠠᠯᠠᠨ᠎ᠠ᠃ ᠣᠲᠣ ᠪᠣᠯᠲᠠᠯ᠎ᠠ᠂ ᠨᠢᠭᠡᠳᠦᠭᠡᠷ ᠱᠠᠲᠤᠨ ᠤ ᠦᠬᠡᠷ᠂ ᠭᠠᠭ᠋ᠠᠶ᠂ ᠵᠢᠭᠦᠷᠲᠡᠨ ᠤ ᠡᠭᠡᠯᠢᠯᠡᠭᠡ ᠶᠢᠨ ᠠᠵᠢᠯ ᠢ ᠨᠢᠭᠡᠨᠲᠡ ᠳᠠᠭᠤᠰᠬᠠᠵᠤ᠂ ᠬᠤᠶᠠᠳᠤᠭᠠᠷ ᠱᠠᠲᠤᠨ ᠤ ᠬᠤᠨᠢᠨ ᠤ ᠡᠭᠡᠯᠢᠯᠡᠭᠡ ᠶᠢᠨ ᠲᠠᠷᠢᠯᠭ᠎ᠠ ᠶᠢᠨ ᠠᠵᠢᠯ ᠢ ᠨᠢᠭᠡᠨᠲᠡ ᠪᠥᠬᠦ ᠲᠠᠯ᠎ᠠ ᠪᠠᠷ ᠥᠷᠨᠢᠭᠦᠯᠪᠡ᠃      ᠳᠠᠷᠠᠭᠠᠴᠢ ᠶᠢᠨ ᠠᠯᠬᠤᠮ ᠳᠤ᠂ ᠵᠦᠩ ᠾᠧ ᠪᠠᠯᠭᠠᠰᠤ ᠶᠢᠨ ᠬᠢᠨ ᠡᠯ᠎ᠡ ᠲᠣᠰᠬᠤᠨ ᠤ ᠬᠢᠵᠢᠭ ᠢ ᠰᠡᠷᠭᠡᠶᠢᠯᠡᠬᠦ ᠶᠠᠰᠤ ᠴᠢᠨᠠᠷ ᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠱᠠᠯᠠᠪᠳᠠᠭᠤᠯᠤᠨ ᠪᠠᠶᠢᠴᠠᠭᠠᠵᠤ᠂ ᠠᠰᠠᠭᠤᠳᠠᠯ ᠢ ᠢᠯᠡᠷᠡᠭᠦᠯᠪᠡᠯ ᠴᠠᠭ ᠲᠤᠬᠠᠢ ᠳᠤᠨᠢ ᠰᠢᠢᠳᠪᠦᠷᠢᠯᠡᠵᠦ᠂ ᠬᠠᠪᠤᠷ ᠤᠨ ᠰᠡᠷᠭᠡᠶᠢᠯᠡᠯᠲᠡ ᠶᠢᠨ ᠠᠵᠢᠯ ᠤᠨ ᠴᠢᠨᠠᠷ ᠴᠢᠨᠰᠠᠭ᠎ᠠ  ᠶᠢ ᠪᠠᠲᠤᠯᠠᠬᠤ ᠶᠢ ᠪᠠᠲᠤᠯᠠᠵᠤ᠂ ᠮᠠᠯ ᠲᠡᠵᠢᠭᠡᠪᠦᠷᠢ ᠶᠢᠨ ᠡᠷᠦᠬᠡ ᠶᠢᠨ ᠰᠡᠳᠬᠢᠯ ᠢ ᠲᠠᠶᠢᠪᠤᠰᠢᠷᠠᠭᠤᠯᠵᠤ᠂ ᠵᠦᠩ ᠾᠧ ᠪᠠᠯᠭᠠᠰᠤ ᠶᠢᠨ ᠮᠠᠯ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠬᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠳᠤ ᠬᠤᠪᠢ ᠨᠡᠮᠡᠷᠢ ᠦᠵᠡᠭᠦᠯᠦᠨ᠎ᠡ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号