| | | | 4 ᠰᠠᠷ᠎ᠠ ᠶᠢᠨ 13 ᠤ ᠡᠳᠦᠷ᠂ ᠵᠠᠯᠠᠨ ᠠᠶᠢᠯ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ | ᠬᠤᠳᠠ ᠶᠢᠨ ᠳᠠᠷᠤᠭ᠎ᠠ᠂ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ | ᠸᠠᠩ ᠪᠥᠸᠧ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2022 ᠣᠨ ᠤ | ᠳᠣᠯᠣᠳᠤᠭᠠᠷ ᠣᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠶᠢᠨ ᠦᠨᠳᠦᠰᠦᠲᠡᠨ ᠤ | ᠠᠵᠢᠯ ᠤᠨ ᠲᠤᠬᠠᠢ ᠴᠢᠬᠤᠯᠠ ᠥᠭᠦᠯᠡᠯᠲᠡ ᠵᠢᠴᠢ ᠬᠤᠯᠪᠣᠭᠳᠠᠯ ᠪᠦᠬᠦᠢ ᠦᠨᠳᠦᠰᠦᠲᠡᠨ ᠤ ᠠᠵᠢᠯ ᠤᠨ | ᠱᠠᠭᠠᠷᠳᠠᠯᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠦᠵᠡᠯᠲᠡ ᠪᠠᠨ ᠬᠤᠪᠢᠷᠠᠭᠤᠯᠬᠤ᠂ ᠰᠤᠷᠲᠠᠯ ᠢᠶᠠᠨ | ᠴᠢᠩᠭᠠᠳᠬᠠᠬᠤ᠂ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠨᠠᠶᠢᠳᠠᠪᠤᠷᠢᠵᠢᠭᠤᠯᠬᠤ ᠶᠢ ᠴᠢᠬᠤᠯᠠᠴᠢᠯᠠᠬᠤ᠂ ᠲᠦᠷᠢ | ᠲᠥᠷᠬᠦ ᠶᠢ ᠪᠤᠢ ᠪᠣᠯᠭᠠᠬᠤ︾ ᠰᠤᠷᠤᠯᠴᠠᠨ ᠦᠢᠯᠡᠳᠦᠯᠭᠡᠵᠢᠭᠦᠯᠬᠦ ᠠᠵᠢᠯᠯᠠᠭ᠎ᠠ ᠶᠢ ᠲᠤᠬᠢᠷᠠᠭᠤᠯᠤᠨ ᠪᠠᠶᠢᠷᠢᠯᠠᠭᠤᠯᠵᠤ᠂ | ᠬᠤᠯᠪᠣᠭᠳᠠᠯ ᠪᠦᠬᠦᠢ ᠵᠥᠪᠯᠡᠬᠦ ᠵᠦᠢᠯ ᠢ ᠬᠢᠨᠠᠨ ᠵᠥᠪᠯᠡᠪᠡ᠃ ᠭᠡᠷ ᠲᠡᠭᠡᠨ ᠪᠠᠶᠢᠭ᠎ᠠ ᠬᠤᠳᠠ ᠶᠢᠨ ᠵᠠᠰᠠᠭ ᠤᠨ | ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠵᠤ᠂ ᠬᠤᠳᠠ ᠶᠢᠨ | ᠵᠠᠰᠠᠭ ᠤᠨ ᠣᠷᠳᠣᠨ ᠤ ᠳᠡᠳ᠋ ᠳᠠᠷᠤᠭ᠎ᠠ ᠯᠦ ᠶᠣᠣ ᠵᠢᠴᠢ ᠬᠤᠳᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ | ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃ | | ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ | ᠦᠨᠳᠦᠰᠦᠲᠡᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯ ᠨᠠᠮ ᠤᠨ ᠲᠦᠷᠦ ᠶᠢ ᠵᠠᠰᠠᠬᠤ ᠠᠷᠭ᠎ᠠ | ᠪᠤᠳᠤᠯᠭ᠎ᠠ ᠶᠢᠨ ᠨᠠᠮ ᠤᠨ ᠦᠨᠳᠦᠰᠦᠲᠡᠨ ᠤ ᠠᠵᠢᠯ ᠤᠨ ᠬᠦᠷᠢᠶᠡᠨ ᠳᠠᠬᠢ ᠲᠥᠪᠯᠡᠷᠡᠩᠭᠦᠢ ᠢᠯᠡᠷᠡᠯ ᠮᠥᠨ᠂ ᠰᠢᠨ᠎ᠡ | ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠳᠤ ᠤᠷᠤᠭᠰᠢᠯᠠᠯᠲᠠ ᠶᠢᠨ ᠴᠢᠭᠯᠡᠯ ᠢ ᠵᠢᠭᠠᠵᠤ | ᠂ ᠦᠨᠳᠦᠰᠦᠨ ᠵᠢᠷᠤᠮᠯᠠᠯ ᠬᠠᠩᠭᠠᠵᠠᠢ ᠭᠡᠵᠡᠢ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠰᠢ ᠶᠢᠨ ᠫᠢᠩ | ᠶᠡᠷᠦᠩᠬᠡᠶ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ | ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠲᠡᠭᠦᠨ ᠤ ᠭᠤᠣᠯ ᠴᠢᠬᠤᠯᠠ ᠠᠭᠤᠯᠭ᠎ᠠ᠂ ᠵᠣᠷᠢᠭ ᠰᠠᠨᠠᠭᠠᠨ ᠤ | ᠮᠥᠨ ᠴᠢᠨᠠᠷ᠂ ᠪᠠᠶᠠᠯᠢᠭ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠪᠦᠷᠢᠨ ᠪᠦᠲᠦᠨ᠂ | ᠣᠨᠣᠪᠴᠢᠲᠠᠢ᠂ ᠪᠦᠬᠦ ᠲᠠᠯ᠎ᠠ ᠪᠠᠷ ᠡᠵᠡᠮᠰᠢᠨ ᠲᠤᠤᠱᠯᠠᠭᠤᠯᠵᠤ᠂ ᠤᠬᠠᠮᠰᠠᠷ ᠠᠴᠠ ᠪᠠᠨ ᠦᠵᠡᠯ ᠰᠠᠨᠠᠭ᠎ᠠ ᠪᠠ ᠦᠢᠯᠡ | ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠲᠠᠢ ᠨᠢᠭᠡᠳᠬᠡᠵᠦ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠰᠢᠨ᠎ᠡ | ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠪᠣᠳᠠᠲᠤ ᠦᠷ᠎ᠡ ᠪᠦᠲᠦᠮᠵᠢ ᠪᠠᠷ | ︽ᠬᠤᠶᠠᠷ ᠢ ᠬᠠᠮᠠᠭᠠᠯᠠᠬᠤ︾ ᠶᠢ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠬᠦ ᠶᠢ ᠠᠬᠢᠭᠤᠯᠬᠤ ᠬᠡᠷᠡᠭᠲᠡᠢ᠃ | | ᠬᠤᠷᠠᠯ ᠠᠴᠠ ᠱᠠᠭᠠᠷᠳᠠᠭᠰᠠᠨ ᠨᠢ᠂ ᠪᠦᠬᠦ ᠬᠤᠲᠠ ᠶᠢᠨ ᠵᠠᠰᠠᠭ ᠤᠨ ᠣᠷᠳᠣᠨ ᠤ ᠰᠢᠰᠲ᠋ᠧᠮ ᠤᠨ ᠡᠯ᠎ᠡ | ᠰᠠᠯᠠᠭ᠎ᠠ ᠮᠥᠴᠢᠷ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠤᠣᠯᠳᠠᠯᠭ᠎ᠠ ᠲᠠᠢ | ᠵᠠᠩᠭᠢᠯᠠᠭ᠎ᠠ ᠶᠢᠨ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠷᠴᠢᠮ ᠤᠨ ᠱᠠᠭᠠᠷᠳᠠᠯᠭ᠎ᠠ ᠶᠢ ᠡᠵᠡᠮᠰᠢᠵᠦ᠂ | ᠠᠯᠬᠤᠮ ᠳᠠᠷᠠᠭ᠎ᠠ ᠶᠢᠨ ᠲᠣᠬᠢᠷᠠᠭᠤᠯᠤᠯᠲᠠ ᠶᠢ ᠴᠢᠩᠭ᠎ᠠ ᠳᠠᠭᠠᠵᠤ᠂ ᠥᠨᠳᠥᠷ ᠪᠠᠷᠢᠮᠵᠢᠶ᠎ᠠ ᠪᠠᠷ ᠠᠬᠢᠭᠤᠯᠵᠤ᠂ ᠥᠨᠳᠥᠷ | ᠶᠠᠰᠤ ᠴᠢᠨᠠᠷ ᠂ ᠥᠨᠳᠥᠷ ᠦᠷ᠎ᠡ ᠪᠦᠲᠦᠮᠵᠢᠲᠡᠢ ᠪᠠᠷ ᠨᠠᠶᠢᠳᠠᠪᠤᠷᠢᠵᠢᠭᠤᠯᠵᠤ᠂ ︽ᠦᠵᠡᠯᠲᠡ ᠪᠠᠨ ᠬᠤᠪᠢᠷᠠᠭᠤᠯᠬᠤ᠂ | ᠰᠤᠷᠲᠠᠯ ᠢᠶᠠᠨ ᠴᠢᠩᠭᠠᠳᠬᠠᠬᠤ᠂ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠨᠠᠶᠢᠳᠠᠪᠤᠷᠢᠵᠢᠭᠤᠯᠬᠤ ᠶᠢ | ᠴᠢᠬᠤᠯᠠᠴᠢᠯᠠᠬᠤ᠂ ᠲᠦᠷᠢ ᠲᠥᠷᠬᠦ ᠶᠢ ᠪᠤᠢ ᠪᠣᠯᠭᠠᠬᠤ︾ ᠰᠤᠷᠤᠯᠴᠠᠯᠭ᠎ᠠ ᠦᠢᠯᠡᠳᠦᠯᠭᠡ ᠶᠢᠨ ᠠᠵᠢᠯᠯᠠᠭ᠎ᠠ ᠶᠢ ᠦᠨᠡᠨᠬᠦ | ᠯᠠᠪᠳᠠᠭᠤᠨ ᠪᠠᠲᠤᠲᠠᠢ ᠥᠷᠨᠢᠭᠦᠯᠵᠦ᠂ ᠪᠦᠬᠦ ᠬᠤᠳᠠ ᠶᠢᠨ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ | ᠭᠡᠰᠢᠭᠦᠨ ᠺᠠᠳ᠋ᠷᠴᠤᠳ ᠢ ᠬᠦᠳᠦᠯᠦᠨ ᠳᠠᠭᠠᠭᠤᠯᠵᠤ ᠨᠡᠩ ᠶᠡᠭᠡ ᠡᠷᠴᠢᠮ ᠢᠶᠠᠷ ᠦᠵᠡᠯ ᠰᠠᠨᠠᠭ᠎ᠠ ᠪᠠᠨ ᠴᠢᠯᠥᠭᠡᠯᠡᠬᠦ᠂ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠪᠣᠳᠠᠲᠠᠢ ᠶᠢ ᠡᠷᠬᠢᠮᠯᠡᠬᠦ ᠠᠵᠢᠯ ᠢ ᠥᠷᠨᠢᠭᠦᠯᠵᠦ᠂ ᠨᠡᠩ ᠴᠢᠩᠭ᠎ᠠ | ᠤᠬᠠᠮᠰᠠᠷ ᠠᠴᠠ ᠪᠠᠨ ᠰᠤᠷᠲᠠᠯ ᠢᠶᠠᠨ ᠬᠤᠪᠢᠷᠠᠭᠤᠯᠵᠤ᠂ ᠴᠢᠳᠠᠪᠤᠷᠢ ᠪᠠᠨ ᠳᠡᠭᠡᠭᠰᠢᠯᠡᠭᠦᠯᠵᠦ᠂ ᠨᠡᠩ ᠪᠣᠳᠠᠲᠠᠢ ᠠᠷᠭ᠎ᠠ | ᠬᠡᠮᠵᠢᠶ᠎ᠡ ᠪᠠᠷ ᠡᠭᠦᠷᠭᠡᠯᠡᠨ ᠠᠵᠢᠯᠯᠠᠵᠤ᠂ ᠬᠥᠭᠵᠢᠯᠲᠡ ᠶᠢ ᠠᠬᠢᠭᠤᠯᠬᠤ ᠬᠡᠷᠡᠭᠲᠡᠢ᠃ | | ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠬᠤᠲᠠ ᠶᠢᠨ ᠵᠠᠰᠠᠭ ᠤᠨ ᠣᠷᠳᠣᠨ ᠤ ᠰᠢᠰᠲ᠋ᠧᠮ ᠤᠨ ᠬᠢᠨ ︽ | ᠦᠵᠡᠯᠲᠡ ᠪᠠᠨ ᠬᠤᠪᠢᠷᠠᠭᠤᠯᠬᠤ᠂ ᠰᠤᠷᠲᠠᠯ ᠢᠶᠠᠨ ᠴᠢᠩᠭᠠᠳᠬᠠᠬᠤ᠂ ᠣᠷᠴᠢᠨ ᠲᠣᠭᠤᠷᠢᠨ ᠢ ᠰᠢᠯᠢᠳᠡᠭᠵᠢᠭᠦᠯᠬᠦ᠂ | ᠨᠠᠶᠢᠳᠠᠪᠤᠷᠢᠵᠢᠭᠤᠯᠤᠯᠲᠠ ᠶᠢ ᠴᠢᠬᠤᠯᠠᠴᠢᠯᠠᠬᠤ᠂ ᠳᠦᠷᠢ ᠲᠥᠷᠬᠦ ᠶᠢ ᠪᠤᠶ ᠪᠣᠯᠭᠠᠬᠤ︾ ᠠᠵᠢᠯᠯᠠᠭ᠎ᠠ ᠶᠢᠨ ᠭᠤᠣᠯ | ᠰᠡᠳᠦᠪ ᠤᠨ ᠲᠣᠭᠤᠷᠢᠨ ᠳᠤ᠂ ᠰᠤᠷᠤᠯᠴᠠᠵᠤ ᠰᠤᠳᠤᠯᠤᠨ ᠶᠠᠷᠢᠯᠴᠠᠬᠤ᠂ ᠪᠠᠶᠢᠴᠠᠭᠠᠨ ᠰᠤᠳᠤᠯᠤᠯᠲᠠ ᠬᠢᠬᠦ᠂ | ᠠᠰᠠᠭᠤᠳᠠᠯ ᠢ ᠪᠠᠶᠢᠴᠠᠭᠠᠨ ᠳᠡᠯᠭᠡᠬᠦ᠂ ᠴᠡᠭᠴᠡᠯᠡᠨ ᠥᠭᠡᠷᠡᠴᠢᠯᠡᠵᠦ ᠬᠤᠪᠢᠷᠠᠭᠤᠯᠬᠤ ᠠᠵᠢᠯ ᠢ ᠭᠦᠨᠵᠡᠭᠡᠶ ᠥᠷᠨᠢᠭᠦᠯᠵᠦ᠂ | ᠠᠵᠢᠯ ᠤᠨ ᠰᠡᠳᠬᠢᠴᠡ ᠪᠠᠨ ᠰᠢᠰᠲ᠋ᠧᠮ ᠲᠠᠢ ᠲᠥᠯᠥᠪᠵᠢᠭᠦᠯᠵᠦ᠂ ᠠᠵᠢᠯ ᠤᠨ ᠰᠤᠷᠲᠠᠯ ᠢᠶᠠᠨ ᠦᠨᠡᠨᠬᠦ | ᠬᠤᠪᠢᠷᠠᠭᠤᠯᠵᠤ᠂ ᠦᠷ᠎ᠡ ᠪᠦᠲᠦᠮᠵᠢ ᠪᠠᠨ ᠳᠡᠭᠡᠭᠰᠢᠯᠡᠭᠦᠯᠦᠨ ᠣᠷᠴᠢᠨ ᠲᠣᠭᠤᠷᠢᠨ ᠢᠶᠠᠨ ᠰᠢᠯᠢᠳᠡᠭᠵᠢᠭᠦᠯᠵᠦ᠂ | ᠰᠡᠳᠬᠢᠯ ᠢᠶᠠᠨ ᠨᠢᠭᠡᠳᠬᠡᠨ ᠬᠦᠴᠦᠨ ᠢᠶᠠᠨ ᠲᠥᠪᠯᠡᠷᠡᠭᠦᠯᠵᠦ ᠪᠠᠶᠢᠭᠠᠳ ᠨᠠᠶᠢᠳᠠᠪᠤᠷᠢᠵᠢᠭᠤᠯᠤᠯᠲᠠ ᠶᠢ ᠴᠢᠩᠭ᠎ᠠ | ᠠᠳᠬᠤᠵᠤ᠂ ᠰᠠᠶᠢᠨ ᠰᠠᠶᠢᠬᠠᠨ ᠳᠦᠷᠢ ᠲᠥᠷᠬᠦ ᠶᠢ ᠪᠥᠬᠦ ᠲᠠᠯ᠎ᠠ ᠪᠠᠷ ᠪᠣᠶ ᠪᠣᠯᠭᠠᠵᠤ᠂ ᠪᠥᠬᠦ ᠨᠡᠶᠢᠭᠡᠮ ᠤᠨ | ᠰᠠᠨᠠᠭᠠᠴᠢᠯᠠᠭᠠᠲᠤ ᠴᠢᠨᠠᠷ ᠪᠠ ᠪᠦᠲᠦᠭᠡᠯᠴᠢ ᠴᠢᠨᠠᠷ ᠢ ᠬᠥᠭᠵᠢᠭᠡᠨ᠂ ᠪᠦᠯᠬᠦᠮᠳᠡᠨ ᠲᠡᠮᠡᠴᠡᠵᠦ᠂ ᠭᠠᠷ ᠤᠨ ᠥᠰᠥᠭ | ᠵᠢᠷᠤᠵᠤ ᠨᠢᠳᠤᠷᠭ᠎ᠠ ᠵᠠᠩᠭᠢᠳᠴᠤ᠂ ᠵᠠᠯᠠᠨ ᠠᠶᠢᠯ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠨᠢᠭᠲᠠᠷᠠᠭᠤᠯᠬᠤ ᠬᠡᠷᠡᠭᠲᠡᠶ᠃ ᠲᠣᠰ ᠤᠳᠠᠭᠠᠨ ᠤ ᠰᠤᠷᠤᠯᠴᠠᠨ | ᠦᠢᠯᠡᠳᠦᠯᠭᠡᠵᠢᠭᠦᠯᠬᠦ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠬᠥᠯᠥᠨ ᠪᠤᠶᠢᠷ ᠬᠤᠲᠠ ᠵᠢᠴᠢ ᠮᠠᠨ ᠤ | ᠬᠤᠲᠠ ᠶᠢᠨ ᠬᠥᠭᠵᠢᠯᠲᠡ ᠶᠢᠨ ᠪᠠᠶᠢᠷᠢ ᠲᠣᠭᠲᠠᠭᠠᠯᠲᠠ᠂ ᠬᠥᠭᠵᠢᠯᠲᠡ ᠶᠢᠨ ᠰᠡᠳᠬᠢᠴᠡ ᠪᠠ ᠬᠠᠷᠠᠯᠲᠠᠲᠤ ᠡᠭᠦᠷᠭᠡ ᠶᠢ | ᠦᠨᠳᠦᠰᠦᠯᠡᠨ᠂ ᠰᠡᠳᠬᠢᠮᠵᠢ ᠪᠠᠨ ᠤᠯᠠᠮ ᠨᠢᠭᠡ ᠠᠯᠬᠤᠮ ᠲᠣᠳᠣᠷᠬᠠᠶ ᠪᠣᠯᠭᠠᠵᠤ᠂ ᠣᠪᠣᠷ ᠰᠤᠷᠲᠠᠯ ᠢᠶᠠᠨ ᠤᠯᠠᠮ | ᠨᠢᠭᠡ ᠠᠯᠬᠤᠮ ᠴᠢᠩᠭᠠᠳᠬᠠᠨ᠂ ᠬᠥᠭᠵᠢᠯᠲᠡ ᠶᠢ ᠠᠬᠢᠭᠤᠯᠵᠤ᠂ ︽ᠴᠢᠩᠭ᠎ᠠ᠂ ᠪᠣᠳᠠᠲᠠᠶ᠂ ᠨᠠᠷᠢᠯᠢᠭ᠂ ᠪᠠᠶᠢᠩᠭᠤ︾ | ᠪᠠᠶᠢᠬᠤ ᠱᠠᠭᠠᠷᠳᠠᠯᠭ᠎ᠠ ᠶᠢ ᠢᠮᠠᠭᠲᠠ ᠲᠤᠤᠱᠯᠠᠭᠤᠯᠤᠨ᠂ ᠦᠢᠯᠡᠳᠦᠯᠭᠡ ᠶᠢᠨ ᠠᠴᠢᠶᠠᠯᠠᠪᠤᠷᠢ ᠶᠢᠨ ᠰᠢᠨ᠎ᠡ ᠶᠢ | ᠡᠭᠦᠳᠴᠦ᠂ ᠨᠡᠶᠢᠯᠡᠮᠡᠯ ᠬᠦᠴᠦᠨ ᠢ ᠨᠢᠭᠲᠠᠷᠠᠭᠤᠯᠤᠨ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ ᠰᠤᠷᠤᠯᠴᠠᠨ | ᠦᠢᠯᠡᠳᠦᠯᠭᠡᠵᠢᠭᠦᠯᠬᠦ ᠠᠵᠢᠯᠯᠠᠭ᠎ᠠ ᠶᠢᠨ ᠦᠷ᠎ᠡ ᠪᠦᠲᠦᠭᠡᠯ ᠢ ᠬᠡᠪ ᠤᠨ ᠪᠠᠶᠢᠳᠠᠯ ᠲᠠᠢ ᠪᠠᠶᠢᠯᠭᠠᠵᠤ᠂ ᠣᠷᠳᠣ | ᠬᠤᠭᠤᠴᠠᠭᠠᠨ ᠤ ᠪᠦᠲᠦᠮᠵᠢᠲᠡᠶ ᠪᠠᠶᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ | | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠤᠨ ᠵᠥᠪᠯᠡᠪᠡ᠃ | |