ᠲᠣᠮᠢᠯᠠᠬᠤ ᠪᠠᠷ ᠪᠠᠶᠢᠭ᠎ᠠ ᠺᠠᠳ᠋ᠷ ᠢ ᠵᠠᠷᠯᠠᠨ ᠨᠡᠶᠢᠲᠡᠯᠡᠬᠦ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2022/4/18
    ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠰᠤᠳᠤᠯᠬᠤ ᠪᠠᠷ ᠳᠡᠮᠵᠢᠨ᠂ ᠳᠣᠤᠷᠠᠬᠢ ᠲᠤᠰᠢᠶᠠᠯ ᠳᠤ ᠲᠣᠮᠢᠯᠠᠬᠤ ᠪᠠᠷ ᠪᠠᠶᠢᠭ᠎ᠠ ᠺᠠᠳ᠋ᠷᠴᠤᠳ ᠢ ᠵᠠᠷᠯᠠᠨ ᠨᠡᠶᠢᠲᠡᠯᠡᠬᠦ ᠪᠠᠷ ᠲᠣᠭᠲᠠᠪᠠ᠃   ᠨᠢᠭᠡ᠂ ᠢᠯᠡ ᠨᠡᠶᠢᠲᠡᠯᠡᠬᠦ ᠨᠡᠷᠡᠰ    ᠯᠢᠦ ᠭᠦᠸᠧ ᠵᠥᠩ᠂ ᠡᠷᠡᠭᠲᠡᠶ᠂ 1975 ᠣᠨ ᠤ 8 ᠰᠠᠷ᠎ᠠ ᠳᠤ ᠳᠦᠷᠦᠵᠡᠶ᠂ ᠬᠢᠲᠠᠳ ᠦᠨᠳᠦᠰᠦᠲᠡᠨ᠂ ᠶᠡᠭᠡ ᠰᠤᠷᠭᠠᠭᠤᠯᠢ  ᠶᠢᠨ  ᠰᠣᠷᠣᠯᠭ᠎ᠠ ᠶᠢᠨ ᠨᠠᠮᠳᠠᠷ ᠲᠠᠢ᠂ ᠣᠲᠣ ᠵᠠᠯᠠᠨ ᠠᠶᠢᠯ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ᠂ ᠨᠢᠭᠡᠳᠦᠭᠡᠷ ᠳᠡᠰ ᠤᠨ ᠴᠠᠭᠳᠠᠭᠠᠨ ᠳᠠᠷᠤᠭ᠎ᠠ ᠶᠢᠨ ᠲᠤᠰᠢᠶᠠᠯ ᠲᠠᠢ᠂  ᠣᠳᠣ ᠬᠤᠰᠢᠭᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠤᠯᠤᠰ ᠲᠥᠷᠥ ᠶᠢᠨ ᠭᠡᠰᠢᠭᠦᠨ ᠤ ᠲᠤᠰᠢᠶᠠᠯ ᠳᠤ ᠲᠣᠮᠢᠯᠠᠬᠤ ᠪᠠᠷ ᠪᠣᠶ᠃     ᠬᠤᠶᠠᠷ᠂ ᠢᠯᠡ ᠨᠡᠶᠢᠲᠡᠯᠡᠬᠦ ᠴᠠᠭ    ᠵᠠᠷᠯᠠᠨ ᠨᠡᠶᠢᠲᠡᠯᠡᠬᠦ ᠴᠠᠭ ᠨᠢ 2022 ᠣᠨ ᠤ 4 ᠰᠠᠷ᠎ᠠ ᠶᠢᠨ 16      ᠤ ᠡᠳᠦᠷ ᠠᠴᠠ 2022 ᠣᠨ ᠤ 4 ᠰᠠᠷ᠎ᠠ ᠶᠢᠨ 22      ᠤᠨ ᠡᠳᠦᠷ ᠪᠣᠯᠲᠠᠯ᠎ᠠ᠃   ᠭᠤᠷᠪᠠ᠂ ᠬᠦᠯᠢᠶᠡᠨ ᠠᠪᠴᠤ  ᠰᠢᠢᠳᠪᠦᠷᠢᠯᠡᠬᠦ ᠠᠷᠭ᠎ᠠ ᠮᠠᠶ᠋ᠢᠭ    ᠨᠢᠭᠡᠴᠡ ᠪᠣᠯᠤᠨ ᠬᠤᠪᠢ ᠬᠥᠮᠦᠨ ᠰᠤᠷᠪᠤᠯᠵᠢᠯᠠᠬᠤ ᠪᠠᠷ ᠢᠷᠡᠬᠦ᠂ ᠵᠠᠬᠢᠳᠠᠯ  ᠂ ᠤᠲᠠᠰᠤ ᠠᠪᠬᠤ ᠵᠡᠷᠭᠡ ᠬᠡᠯᠪᠡᠷᠢ ᠪᠠᠷ ᠳᠡᠭᠡᠷ᠎ᠡ ᠳᠤᠷᠠᠳᠤᠭᠰᠠᠨ ᠢᠯᠡ ᠨᠡᠶᠢᠲᠡᠯᠡᠭᠰᠡᠨ ᠡᠲᠡᠭᠡᠳ ᠤᠨ ᠬᠤᠯᠪᠣᠭᠳᠠᠯ ᠪᠦᠬᠦᠢ ᠪᠠᠶᠢᠳᠠᠯ ᠪᠣᠯᠤᠨ ᠠᠰᠠᠭᠤᠳᠠᠯ ᠢ ᠲᠤᠰᠬᠠᠵᠤ ᠪᠣᠯᠤᠨ᠎ᠠ᠃ ᠲᠤᠰᠬᠠᠭᠰᠠᠨ ᠠᠰᠠᠭᠤᠳᠠᠯ ᠢ ᠪᠠᠶᠢᠴᠠᠭᠠᠨ ᠬᠠᠷᠭᠤᠭᠤᠯᠬᠤ ᠳᠤ ᠲᠥᠬᠦᠮ ᠦᠵᠡᠭᠦᠯᠬᠦ ᠶᠢᠨ ᠲᠥᠯᠥᠭᠡ᠂ ᠠᠰᠠᠭᠤᠳᠠᠯ ᠢ ᠲᠤᠰᠬᠠᠬᠤ ᠦᠶ᠎ᠡ ᠳᠤ ᠬᠤᠯᠪᠣᠭᠳᠠᠯ ᠪᠥᠬᠦᠶ ᠰᠦᠪᠡᠭᠴᠢ ᠵᠢᠴᠢ ᠲᠣᠰ ᠬᠥᠮᠦᠨ ᠤ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠬᠡᠯᠪᠡᠷᠢ ᠪᠤᠶᠤ ᠠᠵᠢᠯᠯᠠᠵᠤ ᠪᠠᠶᠢᠭ᠎ᠠ ᠨᠢᠭᠡᠴᠢ ᠵᠡᠷᠭᠡ ᠮᠡᠳᠡᠭᠡ ᠵᠠᠩᠭᠢ ᠶᠢ ᠬᠠᠩᠭᠠᠭᠠᠷᠠᠶ᠂ ᠪᠢᠳᠡ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠨᠢᠭᠤᠴᠠ ᠶᠢ ᠬᠠᠮᠠᠭᠠᠯᠠᠬᠤ ᠡᠭᠦᠷᠭᠡ ᠪᠠᠨ ᠭᠦᠢᠴᠡᠳᠭᠡᠵᠦ᠂ ᠬᠢᠨᠠᠨ ᠬᠠᠷᠭᠤᠭᠤᠯᠤᠭᠰᠠᠨ ᠪᠠᠶᠢᠳᠠᠯ ᠢᠶᠠᠨ ᠴᠠᠭ ᠲᠤᠬᠠᠶ ᠳᠤᠨᠢ ᠬᠠᠷᠢᠭᠤ ᠲᠤᠰᠬᠠᠨ᠎ᠠ᠃   ᠵᠠᠷᠯᠠᠨ ᠨᠡᠶᠢᠲᠡᠯᠡᠬᠦ ᠠᠯᠪᠠᠨ ᠬᠡᠷ ᠢ ᠬᠥᠯᠥᠨ ᠪᠤᠶᠢᠷ ᠬᠤᠲᠠ ᠶᠢᠨ ᠾᠧ ᠳ᠋ᠦᠩ ᠰᠢᠨ᠎ᠡ ᠲᠣᠭᠤᠷᠢᠭ ᠤᠨ ᠨᠠᠮ ᠵᠠᠰᠠᠭ ᠤᠨ ᠠᠯᠪᠠᠨ ᠠᠰᠠᠷ ᠤᠨ 1121 ᠥᠷᠥᠭᠡ ᠳᠤ ᠲᠣᠬᠢᠷᠠᠭᠤᠯᠪᠠ᠃   ᠬᠦᠯᠢᠶᠡᠨ ᠠᠪᠬᠤ ᠴᠠᠭ᠄ ᠠᠵᠢᠯ ᠤᠨ ᠡᠳᠦᠷ ᠤᠨ ᠦᠳᠡ ᠶᠢᠨ ᠡᠮᠦᠨᠡᠬᠢ 9᠄ 00 — 12᠄ 00   ᠦᠳᠡ ᠶᠢᠨ ᠬᠤᠶᠢᠨ᠎ᠠ 14᠄ 00 — 17᠄ 00     ᠬᠦᠯᠢᠶᠡᠨ ᠠᠪᠬᠤ ᠤᠲᠠᠰᠤ᠄ ︵0470︶ 12380                                        ᠣᠨᠴᠠᠭᠠᠶᠢᠯᠠᠨ ᠵᠠᠷᠯᠠᠪᠠ           ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠯᠥᠨ ᠪᠤᠶᠢᠷ ᠬᠤᠲᠠ ᠶᠢᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ                                       2022 ᠣᠨ ᠤ 4 ᠰᠠᠷ᠎ᠠ ᠶᠢᠨ 15      ᠤ ᠡᠳᠦᠷ    
 
ᠢᠷᠡᠯᠲᠡ᠄ ᠵᠠᠯᠠᠨ ᠠᠶᠢᠯ ᠬᠤᠳᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号