ᠪᠠᠶᠢᠩᠭᠤ ᠶᠢᠨ ᠭᠡᠰᠢᠭᠦᠨ ᠯᠢᠦ ᠭᠦᠸᠧ ᠬᠤᠸᠠ
ᠨᠡᠶᠢᠲᠡᠯᠡᠭᠰᠡᠨ ᠴᠠᠭ᠄
2022/4/19
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠯᠠᠨ ᠠᠶᠢᠯ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ︵ᠬᠤᠲᠠ ᠶᠢᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠵᠥᠪᠯᠡᠯ ᠤᠨ ᠠᠯᠪᠠᠨ ᠬᠡᠷ᠂ ᠭᠠᠳᠠᠭᠠᠳᠤ ᠤᠬᠠᠭᠤᠯᠭ᠎ᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠬᠡᠷ᠂ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ᠂ ᠰᠣᠨᠢᠨ ᠮᠡᠳᠡᠭᠡ ᠬᠡᠪᠯᠡᠯ ᠤᠨ ᠡᠷᠬᠡ ᠶᠢᠨ ᠲᠣᠪᠴᠢᠶ᠎ᠠ︶ ᠤᠨ ᠰᠠᠶᠢᠳ ︵ᠡᠷᠬᠢᠯᠡᠭᠴᠢ᠂ ᠲᠣᠪᠴᠢᠶᠠᠨ ᠳᠠᠷᠤᠭ᠎ᠠ︶᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︵ᠮᠣᠩᠭᠤᠯ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠵᠥᠪᠯᠡᠯ ᠤᠨ ᠠᠯᠪᠠᠨ ᠬᠡᠷ︶ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ︵ᠲᠣᠪᠴᠢᠶᠠᠨ ᠳᠠᠷᠤᠭ᠎ᠠ᠂ ᠡᠷᠬᠢᠯᠡᠭᠴᠢ︶ ᠯᠢᠦ  ᠭᠦᠸᠧ ᠬᠤᠸᠡ᠂ ᠡᠷᠡᠭᠲᠡᠶ᠂ ᠬᠢᠲᠠᠳ ᠦᠨᠳᠦᠰᠦᠲᠡᠨ᠂ 1972 ᠣᠨ ᠤ 4 ᠰᠠᠷ᠎ᠠ ᠳᠤ ᠲᠦᠷᠦᠵᠡᠢ ᠂ ᠵᠢᠩᠬᠢᠨᠢ ᠠᠩᠭᠢ ᠶᠢᠨ ᠰᠤᠷᠤᠯᠭ᠎ᠠ ᠶᠢᠨ ᠨᠠᠮᠲᠠᠷ ᠲᠠᠢ᠂  ᠡᠪ ᠬᠠᠮᠲᠣ ᠨᠠᠮ ᠤᠨ ᠭᠡᠰᠢᠭᠦᠨ᠃  
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠤᠷᠳᠣᠨ