ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠱᠦᠵᠢ ᠪᠠᠶ ᡁᠢ ᠵᠢᠶᠦ᠋ᠨ ᠶᠡᠭᠡ ᠬᠢᠩᠭᠠᠨ ᠳᠠᠪᠠᠭ᠎ᠠ ᠶᠢᠨ ᠴᠠᠭᠠᠰᠤ ᠴᠠᠷᠳᠠᠬᠤ ᠺᠣᠮᠫᠠᠨᠢ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2022/5/11
 
    4 ᠳ᠋ᠦ᠋ᠭᠡᠷ ᠰᠠᠷ᠎ᠠ ᠶᠢᠨ 26      ᠤ ᠡᠳᠦᠷ᠂ ᠵᠠᠯᠠᠨ ᠠᠶᠢᠯ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠠᠶ ᡁᠢ ᠵᠢᠶᠦ᠋ᠨ ᠥᠪᠥᠷ ᠮᠣᠩᠭᠤᠯ ᠤᠨ ᠶᠡᠭᠡ ᠬᠢᠩᠭᠠᠨ ᠳᠠᠪᠠᠭ᠎ᠠ ᠶᠢᠨ ᠴᠠᠭᠠᠰᠤ ᠴᠠᠷᠳᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠭᠦᠨᠵᠡᠭᠡᠶᠢᠷᠡᠨ ᠠᠵᠤ ᠠᠬᠤᠶᠢᠯᠠᠯ ᠤᠨ ᠠᠵᠢᠯᠯᠠᠭᠠᠨ᠂ ᠠᠶᠤᠯᠭᠦᠶ ᠦᠢᠯᠡᠳᠪᠦᠷᠢᠯᠡᠯ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠵᠦ ᠬᠢᠨᠠᠨ ᠵᠢᠯᠣᠭᠤᠳᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠵᠢᠶᠠᠩ ᠵᠢᠶᠦ᠋ᠨ ᠶᠦᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃     ᠪᠠᠢ ᡁᠢ ᠵᠢᠶᠦ᠋ᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠭᠦᠨᠵᠡᠭᠡᠢ ᠶᠠᠷᠢᠯᠴᠠᠬᠤ ᠪᠠᠷ ᠳᠠᠮᠵᠢᠭᠤᠯᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠠᠵᠢᠯᠯᠠᠭ᠎ᠠ᠂ ᠪᠣᠬᠢᠷ ᠤᠰᠤ ᠶᠢ ᠰᠢᠢᠳᠪᠦᠷᠢᠯᠡᠬᠦ ᠵᠡᠷᠭᠡ ᠦᠢᠯᠡᠳᠪᠦᠷᠢ ᠶᠢᠨ ᠲᠠᠰᠤᠭ ᠢ ᠪᠣᠳᠠᠲᠠᠢ ᠭᠠᠵᠠᠷ ᠲᠤᠨᠢ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠶᠠᠪᠤᠴᠠ᠂ ᠦᠢᠯᠡᠳᠪᠦᠷᠢᠯᠡᠯ ᠡᠵᠡᠩᠨᠡᠯᠲᠡ᠂ ᠠᠶᠤᠯᠭᠦᠢ ᠦᠢᠯᠡᠳᠪᠦᠷᠢᠯᠡᠯ᠂ ᠪᠣᠬᠢᠷ ᠤᠰᠤ ᠶᠢ ᠰᠢᠢᠳᠪᠦᠷᠢᠯᠡᠭᠰᠡᠨ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠶᠢ ᠮᠠᠭᠲᠠᠨ  ᠰᠠᠶᠢᠰᠢᠶᠠᠪᠠ᠃     ᠪᠠᠢ ᡁᠢ ᠵᠢᠶᠦ᠋ᠨ᠂ ᠥᠨᠢ ᠤᠳᠠᠭᠠᠨ ᠲᠡᠦᠬᠡ ᠲᠠᠢ ᠬᠠᠭᠤᠴᠢᠨ ᠬᠦᠩᠭᠡᠨ ᠠᠵᠤ ᠦᠢᠯᠡᠳᠪᠦᠷᠢ ᠶᠢᠨ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠵᠠᠬ᠎ᠠ ᠳᠡᠯᠭᠡᠭᠦᠷ ᠠᠴᠠ ᠦᠷ᠎ᠡ ᠠᠰᠢᠭ ᠤᠯᠬᠤ᠂ ᠰᠢᠨ᠎ᠡ ᠶᠢ ᠡᠭᠦᠳᠬᠦ ᠠᠴᠠ ᠬᠥᠭᠵᠢᠯᠲᠡ ᠶᠢ ᠡᠷᠢᠯᠬᠢᠯᠡᠬᠦ ᠶᠢ ᠢᠮᠠᠭᠲᠠ ᠪᠠᠷᠢᠮᠲᠠᠯᠠᠬᠤ ᠬᠡᠷᠡᠭᠲᠡᠢ᠃ ᠪᠠᠶ ᡁᠢ ᠵᠢᠶᠦ᠋ᠨ ᠠᠵᠤ ᠠᠬᠤᠶᠢᠯᠠᠯ ᠢ ᠵᠣᠷᠢᠭᠵᠢᠭᠤᠯᠵᠤ᠂ ᠰᠢᠨ᠎ᠡ ᠴᠠᠭ ᠦᠶ᠎ᠡ᠂ ᠰᠢᠨ᠎ᠡ ᠠᠵᠠ ᠲᠣᠬᠢᠶᠠᠯ᠂ ᠰᠢᠨ᠎ᠡ ᠥᠷᠢᠰᠥᠯᠳᠦᠭᠡᠨ ᠤ ᠡᠮᠦᠨ᠎ᠡ᠂ ᠵᠠᠬ᠎ᠠ ᠳᠡᠯᠭᠡᠭᠦᠷ ᠤᠨ ᠠᠵᠤ ᠠᠬᠤᠶ ᠶᠢᠨ ᠬᠥᠭᠵᠢᠯᠲᠡ ᠶᠢᠨ ᠵᠢᠮ᠎ᠡ ᠶᠣᠰᠣᠨ ᠳᠤ ᠲᠠᠰᠤᠷᠠᠯᠳᠠ ᠦᠭᠡᠢ ᠵᠣᠬᠢᠴᠠᠵᠤ᠂ ᠠᠯᠤᠰ ᠢᠷᠡᠭᠡᠳᠦᠶ ᠳᠤ ᠰᠠᠭᠤᠷᠢᠯᠠᠨ᠂ ᠠᠵᠠ ᠲᠣᠬᠢᠶᠠᠯ ᠢ ᠠᠮᠵᠢᠵᠤ᠂ ᠦᠢᠯᠡᠳᠪᠦᠷᠢᠯᠡᠯ ᠤᠨ ᠤᠷ᠎ᠠ ᠮᠡᠷᠭᠡᠰᠢᠯ ᠢ ᠴᠠᠭ ᠲᠤᠬᠠᠶ ᠳᠤᠨᠢ ᠰᠢᠨ᠎ᠡ ᠶᠢ ᠡᠭᠦᠳᠦᠨ ᠰᠢᠯᠢᠳᠡᠭ ᠢ ᠡᠭᠦᠳᠴᠦ᠂ ᠮᠡᠷᠭᠡᠵᠢᠯ᠂ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ ᠠᠵᠢᠯ ᠢ ᠰᠠᠶᠢᠲᠤᠷ ᠬᠢᠵᠦ᠂ ᠲᠣᠯᠣᠭᠠᠶᠢᠯᠠᠭᠴᠢ ᠦᠢᠯᠡᠳᠬᠦᠨ ᠪᠠ ᠤᠨᠴᠠᠯᠢᠭᠳᠤ ᠦᠢᠯᠡᠳᠬᠦᠨ ᠢ ᠨᠠᠷᠢᠯᠢᠭ ᠪᠥᠭᠡᠳ ᠰᠢᠯᠢᠳᠡᠭᠵᠢᠭᠦᠯᠵᠦ᠂ ᠦᠢᠯᠡᠳᠬᠦᠨ ᠤ ᠪᠣᠷᠣᠯᠠᠭᠤᠯᠭ᠎ᠠ ᠶᠢᠨ ᠠᠷᠭ᠎ᠠ ᠵᠠᠮ ᠢ ᠪᠤᠵᠠᠭᠠᠶᠢᠷᠠᠭᠤᠯᠤᠨ ᠥᠷᠭᠡᠳᠬᠡᠵᠦ᠂ ᠳᠤᠮᠳᠠ ᠳᠡᠭᠡᠳᠦ ᠲᠡᠰ ᠤᠨ ᠦᠢᠯᠡᠳᠬᠦᠨ ᠢ ᠰᠤᠳᠤᠯᠤᠨ ᠨᠡᠭᠡᠭᠡᠬᠦ ᠶᠢ ᠭᠦᠨᠵᠡᠭᠡᠶᠢᠷᠡᠭᠦᠯᠦᠨ ᠨᠠᠷᠢᠯᠢᠬᠵᠢᠭᠤᠯᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠲᠠᠰᠤᠷᠠᠯᠳᠠ ᠦᠭᠡᠢ ᠲᠦᠯᠬᠢᠨ ᠠᠬᠢᠭᠤᠯᠬᠤ ᠬᠡᠷᠡᠭᠲᠡᠶ᠃ ᠡᠭᠦᠨ ᠤ ᠬᠠᠮᠲᠤ᠂ ᠭᠠᠵᠠᠷ ᠣᠷᠣᠨ ᠤ ᠠᠵᠤ ᠠᠬᠤᠶᠢᠯᠠᠯ ᠪᠠ ᠠᠵᠢᠯ ᠲᠥᠷᠥᠯ ᠤᠨ ᠳᠠᠭᠠᠭᠤᠯᠤᠭᠴᠢ ᠠᠵᠤ ᠠᠬᠤᠶᠢᠯᠠᠯ ᠯᠤᠭ᠎ᠠ ᠶᠢᠨ ᠨᠡᠪᠲᠡᠷᠡᠯᠴᠡᠭᠡ ᠬᠠᠮᠲᠤᠷᠠᠯᠴᠠᠭ᠎ᠠ ᠪᠠᠨ ᠲᠠᠰᠤᠷᠠᠯᠲᠠ ᠥᠬᠡᠶ ᠴᠢᠩᠭᠠᠳᠬᠠᠵᠤ᠂ ᠵᠠᠬ᠎ᠠ ᠳᠡᠯᠭᠡᠭᠦᠷ ᠢ ᠣᠶᠢᠯᠠᠭᠠᠬᠤ᠂ ᠮᠡᠷᠭᠡᠵᠢᠯ ᠢ ᠣᠶᠢᠯᠠᠭᠠᠬᠤ᠂ ᠡᠵᠡᠩᠨᠡᠨ ᠪᠣᠷᠣᠯᠠᠭᠤᠯᠬᠤ ᠶᠢ ᠮᠡᠳᠡᠬᠦ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠲᠠᠰᠤᠷᠠᠯᠲᠠ ᠥᠬᠡᠶ ᠲᠡᠳᠡᠨ ᠠᠪᠴᠢᠷᠠᠬᠤ ᠪᠠ ᠬᠥᠮᠦᠵᠢᠭᠦᠯᠵᠦ᠂ ᠠᠵᠤ ᠠᠬᠤᠶᠢᠯᠠᠯ ᠠᠵᠢᠯ ᠲᠥᠷᠥᠯ ᠤᠨ ᠥᠷᠢᠰᠦᠯᠳᠦᠬᠦ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠨᠠᠩ ᠰᠠᠶᠢᠲᠤᠷ ᠳᠠᠶᠢᠴᠢᠯᠠᠨ ᠠᠬᠢᠭᠤᠯᠬᠤ ᠬᠡᠷᠡᠭᠲᠡᠶ᠃     ᠪᠠᠢ ᡁᠢ ᠵᠢᠶᠦ᠋ᠨ᠂ ᠠᠶᠤᠯᠭᠦᠢ ᠦᠢᠯᠡᠳᠪᠦᠷᠢᠯᠡᠯ ᠪᠣᠯ ᠬᠤᠷᠢᠭ᠎ᠠ ᠱᠤᠭᠤᠮ᠂ ᠤᠯᠠᠭᠠᠨ ᠱᠤᠭᠤᠮ ᠮᠥᠨ᠂ ᠠᠵᠤ ᠠᠬᠤᠶᠢᠯᠠᠯ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠯᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠠᠳᠬᠤᠵᠤ᠂ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠳᠦᠷᠢᠮ ᠢ ᠴᠢᠩᠭ᠎ᠠ ᠵᠢᠷᠤᠮᠯᠠᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠷᠭ᠎ᠠ  ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠵᠢᠷᠤᠮᠵᠢᠭᠰᠠᠨ ᠬᠠᠮᠢᠶᠠᠷᠤᠯᠲᠠ ᠪᠠ ᠠᠵᠢᠯᠯᠠᠭᠠᠨ ᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠠᠶᠤᠯᠭᠦᠢ ᠦᠢᠯᠡᠳᠪᠦᠷᠢᠯᠡᠯ ᠤᠨ ᠬᠥᠮᠦᠵᠢᠯ ᠪᠣᠯᠪᠠᠰᠤᠷᠠᠯ ᠢ ᠲᠠᠰᠤᠷᠠᠯᠲᠠ ᠦᠭᠡᠢ ᠴᠢᠩᠭᠠᠳᠬᠠᠵᠤ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠪᠠᠶᠢᠴᠠᠭᠠᠬᠤ ᠶᠢ ᠪᠠᠶᠢᠩᠭᠤᠵᠢᠭᠤᠯᠤᠨ ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠤᠨ ᠭᠡᠮ ᠰᠣᠭᠤᠭ ᠢ ᠡᠷᠡᠰ ᠴᠡᠭᠴᠡᠯᠡᠨ ᠵᠠᠰᠠᠵᠤ᠂ ᠡᠯ᠎ᠡ ᠲᠦᠷᠦᠯ ᠤᠨ ᠠᠮᠤᠷ ᠲᠦᠪᠰᠢᠨ ᠤ ᠠᠳᠡᠯ ᠭᠠᠷᠬᠤ ᠶᠢ ᠦᠨᠡᠨᠬᠦ ᠰᠡᠷᠭᠡᠶᠢᠯᠡᠬᠦ ᠬᠡᠷᠡᠭᠲᠡᠢ᠃     ᠪᠠᠢ ᡁᠢ ᠵᠢᠶᠦ᠋ᠨ᠂ ᠠᠵᠤ ᠠᠬᠤᠶᠢᠯᠠᠯ ᠤᠨ ᠬᠢᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠢᠢᠯᠠᠭᠠᠭᠳᠠᠬᠤᠨ ᠢ ᠴᠢᠨᠠᠭᠰᠢᠳᠠ ᠴᠢᠩᠭᠠᠳᠬᠠᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠭᠦᠨᠵᠡᠭᠡᠢ ᠰᠠᠶᠢᠲᠤᠷ ᠬᠢᠬᠦ ᠬᠡᠷᠡᠭᠲᠡᠢ᠃ ᠡᠬᠢ ᠡᠭᠦᠰᠦᠯ ᠠᠴᠠ ᠨᠢ ᠵᠠᠰᠠᠬᠤ ᠶᠢ ᠪᠥᠬᠦ ᠲᠠᠯ᠎ᠠ ᠪᠠᠷ ᠰᠠᠶᠢᠲᠤᠷ ᠬᠢᠵᠦ᠂ ᠤᠰᠤᠨ ᠤ ᠴᠢᠨᠠᠷ ᠢ ᠬᠢᠨᠠᠨ ᠬᠡᠮᠵᠢᠬᠦ ᠶᠢ ᠴᠢᠩᠭᠠᠳᠬᠠᠨ᠂ ᠪᠣᠬᠢᠷ ᠤᠰᠤ ᠶᠢ  ᠰᠢᠢᠳᠪᠦᠷᠢᠯᠡᠬᠦ ᠢᠨᠵᠧᠨᠧᠷᠢᠩ ᠢ ᠵᠢᠷᠤᠮᠵᠢᠭᠤᠯᠤᠨ ᠬᠠᠮᠢᠶᠠᠷᠴᠤ᠂  ᠦᠢᠯᠡᠳᠪᠦᠷᠢᠯᠡᠯ ᠤᠨ ᠬᠠᠶᠠᠭᠳᠠᠮᠠᠯ ᠤᠰᠤ ᠶᠢ ᠪᠤᠴᠠᠭᠠᠨ ᠬᠡᠷᠡᠭᠯᠡᠬᠦ ᠨᠣᠷᠮ᠎ᠠ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂  ᠦᠢᠯᠡᠳᠪᠦᠷᠢᠯᠡᠯ ᠤᠨ ᠬᠠᠶᠠᠭᠳᠠᠮᠠᠯ ᠤᠰᠤ ᠶᠢ ᠪᠠᠷᠢᠮᠵᠢᠶ᠎ᠠ ᠳᠤ ᠬᠦᠷᠦᠭᠦᠯᠦᠨ ᠭᠠᠳᠠᠭᠰᠢᠯᠠᠭᠤᠯᠬᠤ ᠶᠢ ᠦᠨᠡᠨ ᠬᠦ ᠪᠠᠲᠤᠯᠠᠵᠤ᠂ ᠠᠷᠠᠳ ᠣᠯᠠᠨ ᠤ ᠠᠩᠬᠠᠷᠤᠯ ᠳᠤ ᠰᠠᠶᠢᠨ ᠬᠠᠷᠢᠭᠤᠯᠲᠠ ᠥᠭᠬᠦ ᠬᠡᠷᠡᠭᠲᠡᠶ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号