| | | | | | 5 ᠰᠠᠷ᠎ᠠ ᠶᠢᠨ 4 ᠤ ᠡᠳᠦᠷ᠂ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ | ᠲᠡᠷᠢᠭᠦᠯᠡᠭᠴᠢ ᠸᠠᠩ ᠱᠦ ᠭᠤᠸᠠᠩ᠂ ᠳᠡᠳ᠋ ᠲᠡᠷᠢᠭᠦᠯᠡᠭᠴᠢ ᠳ᠋ᠠᠶ ᠴᠢᠶᠠᠩ᠂ ᠨᠠᠷᠢᠨ ᠪᠢᠴᠢᠭ ᠤᠨ ᠳᠠᠷᠤᠭ᠎ᠠ ᠯᠢᠦ | ᠲᠦᠩ ᠸᠧᠨ ᠨᠢᠭᠡ ᠪᠦᠯᠦᠭ ᠵᠠᠯᠠᠨ ᠠᠶᠢᠯ ᠬᠤᠲᠠ ᠳᠤ ᠬᠦᠷᠴᠦ ᠰᠣᠶᠣᠯ ᠵᠢᠭᠤᠯᠴᠢᠯᠠᠯ ᠤᠨ ᠠᠵᠤ ᠤᠶᠢᠯᠡᠰ ᠵᠢᠴᠢ | ᠭᠤᠤᠯᠳᠠᠯᠭ᠎ᠠ ᠲᠠᠢ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ᠃ ᠵᠠᠯᠠᠨ | ᠠᠶᠢᠯ ᠬᠤᠲᠠ ᠶᠢᠨ ᠨᠠᠮ ᠤᠨ ᠬᠤᠷᠢᠶᠠᠨ ᠤ ᠱᠦᠵᠢ ᠪᠠᠢ ᡁᠢ ᠵᠢᠶᠦ᠋ᠨ᠂ ᠬᠤᠲᠠ ᠶᠢᠨ ᠤᠯᠤᠰ ᠲᠦᠷᠦ ᠶᠢᠨ | ᠵᠥᠪᠯᠡᠯᠭᠡᠨ ᠤ ᠲᠡᠷᠢᠭᠦᠯᠡᠭᠴᠢ ᠢᠦᠢ ᠫᠢᠩ ᠪᠠᠷ᠎ᠠ ᠪᠤᠯᠵᠤ ᠪᠠᠶᠢᠴᠠᠭᠠᠨ ᠰᠤᠳᠤᠯᠤᠯᠲᠠ ᠬᠢᠵᠡᠢ᠃ | | ᠸᠠᠩ ᠱᠦ ᠭᠤᠸᠠᠩ ᠨᠢᠭᠡ ᠪᠦᠯᠦᠭ ᠤᠷᠢᠳ ᠬᠤᠵᠢᠳ ᠳᠤᠮᠳᠠᠳᠤ ᠤᠯᠤᠰ ᠤᠨ ᠵᠡᠭᠦᠨ ᠬᠤᠶᠢᠲᠤ ᠶᠢᠨ | ᠲᠡᠮᠦᠷ ᠵᠠᠮ ᠤᠨ ᠮᠦᠽᠧᠢ᠂ ᠰᠡᠬᠡᠭᠡᠲᠡᠨ ᠵᠠᠯᠠᠭᠤᠴᠤᠳ ᠤᠨ ᠮᠦᠽᠧᠢ᠂ ᠼᠦᠢ ᠫᠢᠩ ᠱᠠᠨ ᠠᠭᠤᠯᠠᠨ ᠤ ᠳ᠋ᠦ᠋ ᠵᠢᠤᠸᠠᠨ | ᠫᠦᠸᠧ ᠪᠣᠯᠤᠨ ᠶᠢᠨ ᠯᠦᠩ ᠱᠠᠨ ᠠᠭᠤᠯᠠᠨ ᠤ ᠴᠠᠰᠤᠨ ᠳᠤ ᠭᠤᠯᠭᠤᠬᠤ ᠲᠠᠯᠠᠪᠠᠢ ᠵᠡᠷᠭᠡ ᠭᠠᠵᠠᠷ ᠲᠤ ᠬᠦᠷᠴᠡᠢ᠃ | ᠵᠠᠯᠠᠨ ᠠᠶᠢᠯ ᠬᠤᠲᠠ ᠶᠢᠨ ᠵᠢᠭᠤᠯᠴᠢᠯᠠᠯ ᠤᠨ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ ᠵᠢᠴᠢ ᠪᠥᠬᠦ ᠬᠤᠲᠠ | ᠶᠢᠨ ᠭᠤᠤᠯᠳᠠᠯᠭ᠎ᠠ ᠲᠠᠢ ᠲᠥᠷᠥᠯ ᠵᠣᠶᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ ᠪᠠᠶᠢᠭ᠎ᠠ ᠪᠠᠶᠢᠳᠠᠯ ᠢ | ᠰᠣᠨᠣᠰᠴᠤ᠂ ᠡᠯ᠎ᠡ ᠮᠦᠽᠧᠶ ᠶᠢᠨ ᠮᠦᠽᠧᠶ ᠳᠤ ᠬᠠᠳᠠᠭᠠᠯᠠᠵᠤ ᠪᠠᠶᠢᠭ᠎ᠠ ᠡᠳ᠋ ᠪᠣᠳᠠᠰ᠂ ᠳᠡᠯᠭᠡᠨ ᠦᠵᠡᠭᠦᠯᠦᠯᠭᠡ᠂ | ᠬᠠᠳᠠᠭᠠᠯᠠᠵᠤ ᠪᠠᠶᠢᠭ᠎ᠠ ᠣᠳᠣᠬᠢ ᠪᠠᠶᠢᠳᠠᠯ ᠪᠠ ᠡᠵᠡᠩᠨᠡᠯᠲᠡ ᠶᠢᠨ ᠪᠠᠶᠢᠳᠠᠯ ᠵᠢᠴᠢ ᠶᠢᠩ ᠱᠠᠨ ᠬᠤᠩ ᠠᠮᠢ ᠠᠬᠤᠶ ᠶᠢᠨ | ᠴᠡᠴᠡᠷᠯᠢᠭ ᠤᠨ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠪᠠ ᠴᠠᠰᠤᠨ ᠳᠤ ᠭᠤᠯᠭᠤᠬᠤ | ᠲᠠᠯᠠᠪᠠᠶ ᠶᠢᠨ ᠪᠥᠲᠥᠭᠡᠨ ᠪᠠᠶᠢᠭᠤᠯᠤᠯᠲᠠ ᠡᠵᠡᠩᠨᠡᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ | | ᠸᠠᠩ ᠱᠦ ᠭᠤᠸᠠᠩ ᠵᠭᠠᠵᠤ ᠭᠠᠷᠭᠠᠭᠰᠠᠨ ᠨᠢ᠂ ᠵᠠᠯᠠᠨ ᠠᠶᠢᠯ ᠬᠤᠲᠠ ᠪᠦᠬᠦ ᠴᠠᠷᠠᠭᠠᠨ ᠤ ᠵᠤᠭᠠᠴᠠᠯ ᠢ ᠪᠤᠶ | ᠪᠣᠯᠭᠠᠬᠤ ᠤᠷᠢᠳᠴᠢᠯᠠᠭᠰᠠᠨ ᠨᠥᠬᠦᠴᠡᠯ ᠲᠠᠢ᠂ ᠵᠠᠯᠠᠨ ᠠᠶᠢᠯ ᠬᠤᠳᠠ ᠶᠢᠨ ᠬᠢᠨ ᠳᠠᠪᠠᠭᠤᠯᠢᠭ ᠢᠶᠠᠨ ᠠᠰᠢᠭᠯᠠᠨ | ᠠᠰᠢᠭᠲᠠᠢ ᠪᠠᠶᠢᠳᠠᠯ ᠢ ᠠᠮᠵᠢᠨ ᠤᠷᠤᠭᠰᠢᠯᠠᠵᠤ᠂ ᠰᠣᠶᠣᠯ ᠵᠤᠭᠠᠴᠠᠯ ᠤᠨ ᠦᠢᠯᠡᠰ ᠤᠨ ᠬᠥᠭᠵᠢᠯᠲᠡ ᠶᠢᠨ ᠴᠢᠬᠤᠯᠠ | ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠵᠠᠯᠠᠨ ᠠᠶᠢᠯ ᠬᠤᠳᠠ ᠶᠢᠨ ᠥᠪᠡᠷᠮᠢᠴᠡ ᠡᠬᠢ ᠪᠠᠶᠠᠯᠢᠭ ᠤᠨ | ᠳᠠᠪᠠᠭᠤᠯᠢᠭ ᠢ ᠭᠦᠨᠵᠡᠭᠡᠢ ᠠᠭᠤᠳᠠᠯᠵᠤ᠂ ᠲᠡᠦᠬᠡ ᠶᠢᠨ ᠦᠯᠡᠳᠡᠭᠳᠡᠯ ᠤᠨ ᠴᠠᠭ ᠦᠶ᠎ᠡ ᠶᠢᠨ ᠦᠨ᠎ᠡ ᠦᠷᠳᠡᠭ ᠢ | ᠪᠦᠲᠦᠮᠵᠢᠲᠡᠢ ᠪᠠᠳᠠᠷᠠᠭᠤᠯᠵᠤ᠂ ᠰᠡᠳᠬᠢᠴᠡ ᠪᠠᠨ ᠢᠳᠡᠪᠬᠢᠲᠡᠢ ᠥᠷᠭᠡᠳᠬᠡᠵᠦ᠂ ᠤᠨᠢᠨ ᠳᠡᠭᠡᠷ᠎ᠡ ᠨᠢ ᠣᠷᠣᠨ ᠪᠠᠶᠢᠷᠢ | ᠲᠣᠭᠲᠠᠭᠠᠵᠤ᠂ ᠠᠪᠤᠷᠠᠯᠳᠠ ᠶᠢᠨ ᠴᠢᠨᠠᠷᠲᠠᠢ ᠬᠠᠮᠠᠭᠠᠯᠠᠯᠲᠠ ᠪᠣᠯᠤᠨ ᠪᠠᠷᠠᠭᠠᠯᠬᠢᠯᠠᠯ ᠤᠨ ᠴᠢᠨᠠᠷᠲᠠᠢ | ᠲᠥᠯᠥᠪᠵᠢᠭᠦᠯᠭᠡ ᠶᠢ ᠰᠠᠶᠢᠲᠤᠷ ᠬᠢᠵᠦ᠂ ᠵᠠᠯᠠᠨ ᠠᠶᠢᠯ ᠬᠤᠳᠠ ᠶᠢᠨ ᠣᠨᠴᠠᠯᠢᠭ ᠲᠠᠢ ᠲᠡᠦᠬᠡ ᠰᠣᠶᠣᠯ ᠤᠨ ᠵᠡᠭᠡᠯᠢ | ᠲᠣᠭᠤᠷᠢᠭ ᠢ ᠪᠠᠶᠢᠭᠤᠯᠬᠤ ᠶᠢ ᠬᠦᠰᠡᠵᠦ ᠪᠠᠶᠢᠨ᠎ᠠ᠃ ᠬᠤᠷᠴᠠ ᠤᠯᠠᠭᠠᠨ ᠴᠡᠴᠡᠭ ᠤᠨ ᠰᠣᠶᠣᠯ ᠪᠣᠯᠤᠨ ᠮᠥᠰᠥ | ᠴᠠᠰᠤᠨ ᠤ ᠲᠠᠮᠢᠷ ᠤᠨ ᠬᠥᠳᠡᠯᠭᠡᠭᠡᠨ ᠳᠤ ᠲᠦᠰᠢᠭᠯᠡᠵᠦ᠂ ᠳᠦᠷᠪᠡᠨ ᠤᠯᠠᠷᠢᠯ ᠤᠨ ᠵᠤᠭᠠᠴᠠᠯ᠂ ᠪᠦᠬᠦ ᠣᠷᠣᠨ ᠪᠦᠰᠡ | ᠶᠢᠨ ᠵᠤᠭᠠᠴᠠᠯ ᠢ ᠪᠦᠬᠦ ᠬᠦᠴᠦᠨ ᠢᠶᠠᠷ ᠢᠶᠠᠨ ᠴᠣᠭᠴᠠᠯᠠᠵᠤ᠂ ᠵᠠᠯᠠᠨ ᠠᠶᠢᠯ ᠬᠤᠲᠠ ᠶᠢᠨ ᠰᠣᠶᠣᠯ ᠵᠤᠭᠠᠴᠠᠯ ᠤᠨ | ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠴᠢᠨᠠᠭᠰᠢᠳᠠ ᠠᠬᠢᠭᠤᠯᠬᠤ ᠬᠡᠷᠡᠭᠲᠡᠢ ᠭᠡᠪᠡ᠃ | | ᠸᠠᠩ ᠱᠦ ᠭᠤᠸᠠᠩ ᠴᠢᠬᠤᠯᠠᠴᠢᠯᠠᠭᠰᠠᠨ ᠨᠢ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ | ᠬᠥᠭᠵᠢᠯᠲᠡ ᠶᠢᠨ ᠰᠡᠳᠬᠢᠴᠡ ᠪᠠᠨ ᠲᠠᠰᠤᠷᠠᠯᠲᠠ ᠦᠭᠡᠢ ᠰᠢᠨᠡᠴᠢᠯᠡᠵᠦ᠂ ᠵᠤᠭᠠᠴᠠᠯ ᠤᠨ ᠰᠢᠨ᠎ᠡ ᠡᠵᠡᠩᠨᠡᠯᠲᠡ ᠶᠢᠨ | ᠬᠡᠯᠪᠡᠷᠢ ᠶᠢ ᠪᠠᠶᠠᠯᠢᠭᠵᠢᠭᠤᠯᠵᠤ᠂ ᠵᠠᠯᠠᠨ ᠠᠶᠢᠯ ᠤᠨ ᠣᠨᠴᠠᠯᠢᠭ ᠲᠠᠢ ᠣᠷᠣᠨ ᠪᠦᠰᠡ ᠶᠢᠨ ᠰᠣᠶᠣᠯ ᠵᠤᠭᠠᠴᠠᠯ ᠤᠨ | ᠬᠥᠭᠵᠢᠯᠲᠡ ᠶᠢᠨ ᠰᠢᠨ᠎ᠡ ᠵᠠᠭᠪᠤᠷ ᠢ ᠡᠭᠦᠳᠬᠦ ᠬᠡᠷᠡᠭᠲᠡᠢ᠃ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ | ᠥᠬᠡᠶ ᠬᠥᠭᠵᠢᠯᠲᠡ ᠶᠢᠨ ᠤᠳᠤᠷᠢᠳᠤᠮᠵᠢ ᠶᠢ ᠪᠠᠲᠤ ᠪᠠᠬᠢ ᠪᠣᠶ ᠪᠣᠯᠭᠠᠵᠤ᠂ ︽ᠲᠠᠪᠤᠨ ᠶᠡᠭᠡ ᠠᠵᠢᠯᠯᠠᠭᠠᠨ ᠤ | ᠲᠥᠯᠥᠪᠯᠡᠭᠡ︾ ᠶᠢ ᠭᠦᠨᠵᠡᠭᠡᠶ ᠨᠠᠶᠢᠳᠠᠪᠤᠷᠢᠵᠢᠭᠤᠯᠵᠤ᠂ ᠼᠦᠢ ᠫᠢᠩ ᠱᠠᠨ ᠠᠭᠤᠯᠠ ᠶᠢᠨ ᠶᠢᠩ ᠱᠠᠨ ᠬᠤᠩ ᠠᠮᠢ | ᠠᠬᠤᠶ ᠶᠢᠨ ᠴᠡᠴᠡᠷᠯᠢᠭ᠂ ᠶᠢᠨ ᠯᠦᠩ ᠱᠠᠨ ᠠᠭᠤᠯᠠ ᠶᠢᠨ ᠴᠠᠰᠤᠨ ᠳᠤ ᠭᠤᠯᠭᠤᠬᠤ ᠲᠠᠯᠠᠪᠠᠶ ᠶᠢ ᠲᠠᠰ ᠳᠡᠪᠰᠢᠭᠦᠯᠬᠦ | ᠵᠡᠷᠭᠡ ᠵᠢᠭᠤᠯᠴᠢᠯᠠᠯ ᠤᠨ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠵᠢᠴᠢ ᠵᠠᠯᠠᠨ ᠠᠶᠢᠯ ᠬᠤᠲᠠ ᠶᠢᠨ | 2022 ᠣᠨ ᠤ ᠭᠤᠤᠯᠳᠠᠯᠭ᠎ᠠ ᠲᠠᠢ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠳᠥᠯᠭᠢᠨ | ᠠᠬᠢᠭᠤᠯᠵᠤ᠂ ᠵᠠᠯᠠᠨ ᠠᠶᠢᠯ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠤᠯᠠᠮ ᠨᠢᠭᠡ | ᠠᠯᠬᠤᠮ ᠳᠥᠯᠭᠢᠨ ᠠᠬᠢᠭᠤᠯᠬᠤ ᠬᠡᠷᠡᠭᠲᠡᠶ ᠭᠡᠵᠡᠢ᠃ | | ᠪᠠᠢ ᡁᠢ ᠵᠢᠶᠦ᠋ᠨ᠂ ᠵᠠᠯᠠᠨ ᠠᠶᠢᠯ ᠬᠤᠳᠠ ᠶᠢᠨ ᠬᠢᠨ ᠪᠦᠬᠦ ᠣᠷᠣᠨ ᠪᠦᠰᠡ᠂ ᠪᠦᠬᠦ ᠤᠯᠠᠷᠢᠯ᠂ ᠪᠦᠬᠦ | ᠦᠢᠯᠡᠰ ᠤᠨ ᠬᠥᠭᠵᠢᠯᠲᠡ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠵᠤᠭᠠᠴᠠᠯ ᠤᠨ ᠲᠦᠷᠦᠯ ᠵᠦᠢᠯ ᠪᠣᠯᠤᠨ ᠦᠵᠡᠮᠵᠢ | ᠶᠢᠨ ᠣᠷᠣᠨ ᠤ ᠪᠦᠳᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠬᠤᠶᠠᠷ ᠲᠡᠦᠬᠡ ᠰᠣᠶᠣᠯ ᠤᠨ ᠵᠡᠭᠡᠯᠢ | ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠠᠮᠠᠷᠠᠯᠲᠠ ᠰᠡᠯᠡᠭᠦᠴᠡᠯ | ᠵᠤᠭᠠᠴᠠᠯ ᠤᠨ ᠵᠣᠷᠢᠭᠰᠠᠨ ᠭᠠᠵᠠᠷ ᠪᠣᠯᠤᠨ ᠰᠣᠶᠣᠯ ᠦᠵᠡᠰᠬᠦᠯᠡᠩ ᠤᠨ ᠵᠠᠩ ᠦᠢᠯᠡ ᠶᠢᠨ ᠵᠢᠵᠢᠭ ᠪᠠᠯᠭᠠᠰᠤ ᠶᠢ | ᠬᠦᠴᠦᠯᠡᠨ ᠪᠠᠶᠢᠭᠤᠯᠤᠨ᠎ᠠ ᠭᠡᠵᠦ ᠢᠯᠡᠳᠬᠡᠪᠡ᠃ ᠡᠭᠦᠨ ᠤ ᠬᠠᠮᠲᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠭᠤᠣᠯᠳᠠᠯᠭ᠎ᠠ ᠲᠠᠢ ᠲᠦᠷᠦᠯ ᠵᠦᠢᠯ | ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ | ᠶᠢᠨ ᠬᠤᠷᠳᠤᠴᠠ ᠶᠢ ᠲᠦᠷᠭᠡᠳᠬᠡᠵᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠵᠤ᠂ ᠰᠢᠯᠢᠳᠡᠭ ᠠᠮᠵᠢᠯᠲᠠ | ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠨ᠎ᠠ᠃ |