ᠪᠤᠯᠠᠰᠢ ᠨᠡᠭᠦᠯᠭᠡᠬᠦ ᠵᠠᠷᠯᠠᠯ
ᠨᠡᠶᠢᠲᠡᠯᠡᠭᠰᠡᠨ ᠴᠠᠭ᠄
2022/5/11
     ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠢᠳᠡᠪᠬᠢᠲᠡᠶ ᠠᠬᠢᠭᠤᠯᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ︾ ᠪᠣᠯᠤᠨ ︽ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠲᠦᠷᠢᠮ︾ ᠤᠨ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠡᠳᠦᠭᠡ ᠵᠠᠯᠠᠨ ᠠᠶᠢᠯ ᠬᠤᠲᠠ ᠶᠢᠨ ᠾᠧ ᠰᠢ ᠰᠢᠨ᠎ᠡ ᠲᠣᠭᠤᠷᠢᠭ ᠤᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠬᠤᠶᠢᠲᠤ ᠲᠠᠯ᠎ᠠ ᠳᠤ ᠪᠠᠶᠢᠭ᠎ᠠ ᠵᠠᠳᠠᠭᠠᠶ ᠪᠤᠯᠠᠰᠢ ᠶᠢ ᠬᠤᠭᠤᠴᠠᠭ᠎ᠠ ᠬᠢᠵᠠᠭᠠᠷᠯᠠᠨ ᠨᠡᠭᠦᠯᠭᠡᠬᠦ ᠪᠠᠷ ᠲᠣᠭᠲᠠᠪᠠ᠂ ᠪᠣᠳᠠᠲᠠᠶ ᠤᠴᠢᠷ ᠢ ᠳᠣᠤᠷᠠᠬᠢ ᠮᠡᠲᠦ ᠵᠠᠷᠯᠠᠶ᠎ᠠ᠄     ᠨᠢᠭᠡ᠂ ᠵᠠᠯᠠᠨ ᠠᠶᠢᠯ ᠬᠤᠳᠠ ᠶᠢᠨ  ᠾᠧ ᠰᠢ ᠰᠢᠨ᠎ᠡ ᠲᠣᠭᠤᠷᠢᠭ ᠤᠨ ᠨᠢᠭᠡᠳᠦᠭᠡᠷ ᠳᠤᠮᠳᠠᠳᠤ ᠰᠤᠷᠭᠠᠭᠤᠯᠢ ᠠᠴᠠ ᠤᠮᠠᠷᠠᠰᠢ᠂  ᠯᠢᠦᠢ ᠯᠢᠨ ᠵᠠᠮ ᠠᠴᠠ ᠡᠮᠦᠨᠡᠰᠢ᠂ ᠯᠢ ᠮᠢᠩ ᠱᠠᠨ ᠵᠠᠮ ᠠᠴᠠ ᠵᠡᠭᠦᠨᠰᠢ᠂  ᠵᠧᠨ ᠰᠢᠩ ᠵᠠᠮ ᠠᠴᠠ ᠪᠠᠷᠠᠭᠤᠨᠰᠢᠬᠢ ᠬᠡᠪᠴᠢᠶᠡᠨ ᠳᠠᠬᠢ ᠪᠤᠳᠠᠷᠠᠭᠰᠠᠨ ᠪᠤᠯᠠᠰᠢ ᠪᠦᠬᠦᠨ ᠢ ᠡᠷᠬᠡᠪᠰᠢ ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ 15 ᠡᠳᠦᠷ ᠤᠨ ᠳᠣᠲᠣᠷ᠎ᠠ ᠪᠦᠬᠦᠨ ᠢᠶᠠᠷ ᠨᠢ ᠨᠡᠭᠦᠯᠭᠡᠬᠦ ᠬᠡᠷᠡᠭᠲᠡᠶ᠃     ᠬᠤᠶᠠᠷ᠂ ᠳᠡᠭᠡᠷ᠎ᠡ ᠳᠤᠷᠠᠳᠤᠭᠰᠠᠨ ᠬᠡᠪᠴᠢᠶᠡᠨ ᠳᠣᠲᠣᠷᠠᠬᠢ ᠭᠤᠣᠯ ᠪᠤᠯᠠᠰᠢ ᠶᠢ ᠪᠣᠯ ᠪᠤᠯᠠᠰᠢ ᠶᠢᠨ ᠡᠵᠡᠨ ᠥᠪᠡᠰᠦᠪᠡᠨ ᠨᠡᠭᠦᠯᠭᠡᠨ᠎ᠡ᠂ ᠬᠤᠯᠪᠣᠭᠳᠠᠯ ᠪᠦᠬᠦᠢ ᠤᠴᠢᠷ ᠶᠠᠪᠤᠳᠠᠯ ᠢ ᠬᠤᠲᠠ ᠶᠢᠨ ᠠᠷᠠᠳ ᠤᠨ  ᠶᠠᠪᠣᠳᠠᠯ ᠤᠨ ᠲᠣᠪᠴᠢᠶ᠎ᠠ ᠲᠠᠢ ᠵᠥᠪᠳᠡᠯᠴᠡᠵᠦ ᠪᠣᠯᠤᠨ᠎ᠠ᠃ ᠬᠤᠭᠤᠴᠠᠭ᠎ᠠ  ᠬᠡᠲᠦᠷᠡᠭᠡᠳ ᠨᠡᠭᠦᠭᠰᠡᠨ ᠦᠭᠡᠢ ᠪᠠᠶᠢᠪᠠᠯ᠂ ᠡᠵᠡᠨ ᠦᠭᠡᠢ ᠤᠡᠭᠭᠤᠨ ᠢᠶᠠᠷ ᠦᠵᠡᠵᠦ᠂ ᠡᠵᠡᠨ ᠦᠭᠡᠢ ᠤᠡᠭᠭᠤᠨ ᠢᠶᠠᠷ  ᠰᠢᠢᠳᠪᠦᠷᠢᠯᠡᠨ᠎ᠡ᠃     ᠭᠤᠷᠪᠠ᠂ ᠡᠵᠡᠨ ᠦᠭᠡᠢ ᠪᠤᠯᠠᠰᠢ ᠶᠢ ᠾᠧ ᠰᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠠ ᠬᠤᠳᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠨᠢᠭᠡᠳᠦᠯᠲᠡᠶ ᠪᠠᠷ  ᠰᠢᠢᠳᠪᠦᠷᠢᠯᠡᠨ᠎ᠡ᠃    ᠡᠭᠦᠨ ᠤ ᠲᠤᠯᠠ ᠣᠨᠴᠠᠭᠠᠶᠢᠯᠠᠨ ᠵᠠᠷᠯᠠᠪᠠ᠃           ᠵᠠᠯᠠᠨ ᠠᠶᠢᠯ ᠤᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠠᠷᠢᠯᠴᠠᠬᠤ ᠤᠲᠠᠰᠤ᠄ 3202491                         ᠵᠠᠯᠠᠨ ᠠᠶᠢᠯ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ                          ᠵᠠᠯᠠᠨ ᠠᠶᠢᠯ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ                                  2022 ᠣᠨ ᠤ 4 ᠰᠠᠷ᠎ᠠ ᠶᠢᠨ 24      ᠤ  ᠡᠳᠦᠷ
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号