5 ᠰᠠᠷ᠎ᠠ ᠶᠢᠨ 12 ᠤᠨ ᠡᠳᠦᠷ ᠪᠣᠯ ᠮᠠᠨ ᠤ ᠤᠯᠤᠰ ᠤᠨ ᠠᠷᠪᠠᠨ ᠳᠥᠷᠪᠡᠳᠡᠬᠢ ᠪᠥᠬᠦ ᠤᠯᠤᠰ ᠤᠨ | ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠡᠳᠦᠷ ᠮᠥᠨ᠂ ᠭᠠᠮᠰᠢᠭ ᠤᠨ ᠶᠡᠷᠦ ᠶᠢᠨ ᠮᠡᠳᠡᠯᠭᠡ᠂ ᠭᠠᠮᠰᠢᠭ ᠢ | ᠰᠡᠷᠭᠡᠶᠢᠯᠡᠨ ᠭᠠᠮᠰᠢᠭ ᠢ ᠪᠠᠭᠠᠰᠬᠠᠬᠤ ᠮᠡᠳᠡᠯᠭᠡ ᠪᠠ ᠭᠠᠮᠰᠢᠭ ᠠᠴᠠ ᠵᠠᠶᠢᠯᠠᠵᠤ ᠥᠪᠡᠷ ᠢ ᠪᠠᠨ ᠠᠪᠤᠷᠬᠠᠤ ᠬᠠᠷᠢᠯᠴᠠᠨ | ᠠᠪᠤᠷᠬᠠᠤ ᠤᠷ᠎ᠠ ᠴᠢᠳᠠᠪᠤᠷᠢ ᠶᠢ ᠥᠷᠭᠡᠨ ᠢᠶᠠᠷ ᠤᠬᠠᠭᠤᠯᠤᠨ ᠲᠦᠭᠡᠮᠡᠯᠵᠢᠭᠦᠯᠵᠦ᠂ ᠳ᠋ᠠ ᠾᠧ ᠸᠠᠨ ᠪᠠᠯᠭᠠᠰᠤᠨ ᠤ | ᠰᠠᠭᠤᠭᠠᠯᠢ ᠠᠷᠠᠳ ᠤᠨ ᠠᠶᠤᠯ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠪᠠ ᠭᠠᠮᠰᠢᠭ ᠠᠴᠠ ᠵᠠᠶᠢᠯᠠᠵᠤ ᠥᠪᠡᠷ ᠢ ᠪᠠᠨ | ᠠᠪᠤᠷᠬᠠᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠳ᠋ᠠ ᠾᠧ ᠸᠠᠨ | ᠪᠠᠯᠭᠠᠰᠤ ︽ᠭᠠᠮᠰᠢᠭ ᠤᠨ ᠠᠶᠤᠯ ᠲᠦᠭᠰᠢᠭᠦᠷᠢ ᠶᠢ ᠪᠠᠭᠠᠰᠬᠠᠵᠤ ᠰᠠᠶᠢᠨ ᠰᠠᠶᠢᠬᠠᠨ ᠬᠡᠷ ᠣᠷᠣᠨ ᠢᠶᠠᠨ ᠰᠠᠬᠢᠨ | ᠬᠠᠮᠠᠭᠠᠯᠠᠬᠤ︾ ᠭᠤᠤᠯ ᠰᠡᠳᠦᠪ ᠤᠨ ᠲᠣᠭᠤᠷᠢᠨ ᠳᠤ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ | ᠥᠷᠨᠢᠭᠦᠯᠪᠡ᠃ | | ᠤᠬᠠᠭᠤᠯᠭ᠎ᠠ ᠶᠢᠨ ᠶᠠᠪᠤᠴᠠ ᠳᠤ᠂ ᠠᠵᠢᠯᠲᠠᠳ ᠲᠣᠰᠬᠤᠨ ᠤ ᠰᠠᠭᠤᠭᠠᠯᠢ ᠠᠷᠠᠳ ᠲᠤ ᠭᠠᠮᠰᠢᠭ ᠢ ᠰᠡᠷᠭᠡᠶᠢᠯᠡᠬᠦ | ᠭᠠᠮᠰᠢᠭ ᠢ ᠪᠠᠭᠠᠰᠬᠠᠬᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢᠨ ᠤᠬᠠᠭᠤᠯᠭ᠎ᠠ ᠶᠢᠨ ᠬᠠᠭᠤᠳᠠᠰᠤ᠂ | ᠤᠬᠠᠭᠤᠯᠭ᠎ᠠ ᠶᠢᠨ ᠭᠠᠷ ᠳᠡᠪᠲᠡᠷ ᠤᠨ ᠬᠡᠯᠪᠡᠷᠢ ᠶᠢ ᠨᠢᠭᠤᠷᠳᠠᠨ ᠲᠠᠷᠬᠠᠭᠠᠬᠤ ᠶᠢᠨ ᠬᠠᠮᠲᠤ ᠭᠠᠷ ᠳᠡᠪᠲᠡᠷ ᠳᠡᠭᠡᠷᠡᠬᠢ | ᠵᠢᠷᠤᠭ ᠪᠣᠯᠤᠨ ᠦᠰᠦᠭ ᠪᠢᠴᠢᠭ ᠢ ᠠᠰᠢᠭᠯᠠᠨ ᠬᠡᠷᠬᠢᠨ ᠭᠠᠮᠰᠢᠭ ᠠᠴᠠ ᠵᠠᠶᠢᠯᠠᠬᠤ᠂ ᠭᠠᠮᠰᠢᠭ ᠤᠨ ᠳᠠᠷᠠᠭᠠᠬᠢ ᠪᠠᠴᠢᠮ | ᠪᠠᠶᠢᠳᠠᠯ ᠢ ᠠᠷᠭᠠᠴᠠᠬᠤ ᠠᠷᠭ᠎ᠠ᠂ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠠᠷᠭ᠎ᠠ ᠵᠡᠷᠭᠡ ᠶᠢ ᠠᠮᠢᠳᠤᠯᠢᠭ | ᠳᠦᠷᠰᠦᠯᠢᠭ ᠢᠶᠠᠷ ᠲᠠᠶᠢᠯᠪᠤᠷᠢᠯᠠᠪᠠ᠃ ᠲᠣᠰ ᠤᠳᠠᠭᠠᠨ ᠤ ᠠᠵᠢᠯᠯᠠᠭ᠎ᠠ ᠳᠤ ᠭᠤᠤᠯᠳᠠᠭᠤ ᠡᠯᠭᠦᠭᠡ ᠪᠢᠴᠢᠭᠡᠰᠦ ᠡᠯᠭᠦᠬᠦ | ᠂ ᠤᠬᠠᠭᠤᠯᠭ᠎ᠠ ᠶᠢᠨ ᠬᠠᠭᠤᠳᠠᠰᠤ᠂ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ᠂ ︽ᠲᠣᠰᠬᠤᠨ ᠪᠣᠯᠭᠠᠨ ᠳᠤ | ᠳᠤᠤᠭᠠᠷᠬᠤ︾᠂ ᠸᠢᠴᠠᠲ ᠤᠨ ︽ᠭᠤᠷᠪᠠᠨ ᠠᠵᠢᠯ︾ ᠢ ᠢᠯᠡ ᠪᠠᠷ ᠨᠡᠶᠢᠲᠡᠯᠡᠬᠦ ᠤᠬᠠᠭᠤᠯᠭ᠎ᠠ ᠶᠢᠨ ᠤᠷᠢᠶ᠎ᠠ | ᠯᠣᠽᠣᠩ᠂ ᠭᠠᠮᠰᠢᠭ ᠢ ᠰᠡᠷᠭᠡᠶᠢᠯᠡᠬᠦ ᠬᠠᠷᠠᠭᠠᠨ ᠳᠠᠪᠲᠠᠮᠵᠢ ᠶᠢ ᠳᠠᠮᠵᠢᠭᠤᠯᠤᠨ ᠲᠠᠷᠬᠠᠭᠠᠬᠤ ᠵᠡᠷᠭᠡ ᠬᠡᠯᠪᠡᠷᠢ ᠪᠠᠷ | ᠤᠬᠠᠭᠤᠯᠭ᠎ᠠ ᠬᠢᠵᠦ᠂ ᠭᠤᠤᠯᠳᠠᠭᠤ ᠬᠥᠳᠡᠭᠡ ᠲᠣᠰᠬᠤᠨ ᠤ ᠭᠠᠯ᠂ ᠴᠠᠬᠢᠯᠭᠠᠨ᠂ ᠬᠡᠶ ᠬᠡᠷᠡᠭᠯᠡᠬᠦ ᠦᠨᠳᠦᠰᠦᠨ ᠠᠮᠤᠷ | ᠲᠦᠪᠰᠢᠨ ᠤ ᠶᠡᠷᠦ ᠶᠢᠨ ᠮᠡᠳᠡᠯᠭᠡ ᠪᠠ ᠦᠶᠡᠷ ᠢ ᠰᠡᠷᠭᠡᠶᠢᠯᠡᠬᠦ᠂ ᠭᠠᠵᠠᠷ ᠬᠥᠳᠡᠯᠦᠯᠲᠡ ᠠᠴᠠ ᠰᠡᠷᠭᠡᠶᠢᠯᠡᠬᠦ | ᠠᠶᠤᠯ ᠠᠴᠠ ᠪᠠᠴᠢᠮ ᠵᠠᠶᠢᠯᠠᠬᠤ ᠠᠷᠭ᠎ᠠ ᠶᠢ ᠤᠬᠠᠭᠤᠯᠪᠠ᠃ | | ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ ᠥᠷᠭᠡᠨ ᠣᠯᠠᠨ ᠲᠣᠰᠬᠤᠨ ᠤ | ᠠᠷᠠᠳ ᠲᠤ ᠡᠯ᠎ᠡ ᠲᠥᠷᠥᠯ ᠤᠨ ᠭᠡᠨᠡᠳᠲᠡ ᠶᠢᠨ ᠪᠠᠶᠢᠭᠠᠯᠢ ᠶᠢᠨ ᠭᠠᠶ ᠭᠠᠮᠰᠢᠭ ᠤᠨ ᠣᠨᠴᠠᠯᠢᠭ ᠪᠠ ᠭᠠᠶ ᠭᠠᠮᠰᠢᠭ ᠤᠨ | ᠪᠠᠶᠢᠳᠠᠯ ᠠᠶᠤᠯ ᠲᠦᠭᠰᠢᠭᠦᠷᠢ ᠶᠢᠨ ᠪᠠᠶᠢᠳᠠᠯ ᠢ ᠢᠯᠭᠠᠨ ᠳᠣᠲᠣᠯᠠᠬᠤ ᠠᠷᠭ᠎ᠠ ᠵᠠᠮ ᠢ ᠤᠯᠠᠮ ᠨᠢᠭᠡ ᠠᠯᠬᠤᠮ | ᠣᠶᠢᠯᠠᠭᠠᠭᠤᠯᠵᠤ᠂ ᠭᠠᠮᠰᠢᠭ ᠠᠴᠠ ᠵᠠᠶᠢᠯᠠᠵᠤ ᠥᠪᠡᠷ ᠢ ᠪᠠᠨ ᠠᠪᠤᠷᠠᠬᠤ᠂ ᠬᠠᠷᠢᠯᠴᠠᠨ ᠠᠪᠤᠷᠬᠠᠤ ᠦᠨᠳᠦᠰᠦᠨ ᠤᠷ᠎ᠠ | ᠴᠢᠳᠠᠪᠤᠷᠢ ᠶᠢ ᠨᠢ ᠳᠡᠭᠡᠭᠰᠢᠯᠡᠭᠦᠯᠦᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠳ᠋ᠠ ᠾᠧ ᠸᠠᠨ | ᠪᠠᠯᠭᠠᠰᠤ ᠶᠢᠨ ᠬᠢᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠤᠬᠠᠭᠤᠯᠭ᠎ᠠ ᠬᠥᠮᠦᠵᠢᠯ ᠤᠨ ᠠᠵᠢᠯ ᠢ | ᠦᠷᠭᠦᠯᠵᠢᠯᠡᠨ ᠰᠠᠶᠢᠲᠤᠷ ᠬᠢᠵᠦ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠤᠷᠳᠤ ᠬᠤᠭᠤᠴᠠᠭᠠᠨ ᠤ | ᠪᠦᠲᠦᠮᠵᠢᠲᠡᠢ ᠲᠣᠭᠲᠠᠴᠠ ᠶᠢ ᠪᠠᠶᠢᠭᠤᠯᠤᠨ ᠪᠦᠷᠢᠨᠰᠢᠬᠦᠯᠦᠨ᠎ᠠ᠃ |