5 ᠰᠠᠷ᠎ᠠ ᠶᠢᠨ 10 — 11 ᠤ ᠡᠳᠦᠷ ᠪᠣᠯᠲᠠᠯ᠎ᠠ᠂ ᠬᠥᠯᠥᠨ ᠪᠤᠶᠢᠷ ᠬᠤᠲᠠ ᠶᠢᠨ ᠨᠠᠮ ᠤᠨ | ᠬᠤᠷᠢᠶ᠎ᠠ ᠶᠢᠨ ᠱᠦᠵᠢ ᠭᠤᠤ ᠷᠦᠨ ᠰᠢ ᠵᠠᠯᠠᠨ ᠠᠶᠢᠯ ᠬᠤᠲᠠ ᠳᠤ ᠭᠦᠨᠵᠡᠭᠡᠶᠢᠷᠡᠨ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ᠂ ᠠᠵᠤ ᠦᠢᠯᠡᠰ ᠤᠨ ᠬᠥᠭᠵᠢᠯᠲᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠮᠢ | ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠢᠴᠢ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ | ᠰᠢᠮᠳᠠᠭᠤᠯᠤᠨ ᠪᠠᠶᠢᠴᠠᠭᠠᠵᠤ ᠲᠤᠰᠢᠶᠠᠨ ᠰᠢᠢᠳᠪᠦᠷᠢᠯᠡᠭᠦᠯᠦᠭᠰᠡᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠴᠡᠭᠴᠡᠯᠡᠨ | ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠵᠡᠷᠭᠡ ᠠᠵᠢᠯ ᠤᠨ ᠲᠤᠬᠠᠶ ᠲᠤᠬᠠᠶ ᠶᠢᠨ ᠲᠠᠯᠠᠪᠤᠷ ᠲᠤ ᠠᠵᠢᠯᠯᠠᠵᠤ᠂ | ᠣᠳᠣᠬᠠᠨ ᠤ ᠭᠤᠤᠯᠳᠠᠯᠭ᠎ᠠ ᠲᠠᠢ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠬᠢᠨᠠᠨ ᠵᠢᠯᠣᠭᠤᠳᠬᠤ ᠶᠢᠨ ᠬᠠᠮᠲᠤ | ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ | | | | ᠬᠥᠯᠥᠨ ᠪᠤᠶᠢᠷ ᠬᠤᠳᠠ ᠶᠢᠨ ᠤᠳᠤᠷᠢᠳᠤᠯᠭ᠎ᠠ ᠴ · ᠳᠠᠯᠠᠩᠲᠠᠢ᠂ ᠪᠠᠢ ᠬᠠᠢ ᠯᠢᠨ᠂ ᠵᠠᠩ ᠴᠤᠸᠠᠨ ᠬᠤᠸᠠ᠂ | ᠬᠠᠨ ᠯᠢ ᠫᠢᠩ᠂ ᠬᠦᠩ ᠹᠸᠢ ᠲᠢᠶᠠᠨ᠂ ᠬᠤᠳᠠ ᠶᠢᠨ ᠰᠢᠭᠤᠳ ᠬᠠᠷᠢᠶ᠎ᠠ ᠪᠦᠬᠦᠢ ᠰᠠᠯᠠᠭ᠎ᠠ ᠮᠥᠴᠢᠷ ᠪᠣᠯᠤᠨ ᠵᠠᠯᠠᠨ | ᠠᠶᠢᠯ ᠬᠤᠳᠠ ᠶᠢᠨ ᠭᠤᠣᠯ ᠬᠠᠷᠢᠭᠤᠴᠠᠯᠭᠠᠲᠠᠨ ᠨᠥᠬᠦᠳ ᠶᠠᠷᠢᠯᠴᠠᠬᠤ ᠬᠤᠷᠠᠯ ᠳᠤ ᠣᠷᠣᠯᠴᠠᠭᠰᠠᠨ ᠪᠥᠭᠡᠳ | ᠰᠠᠨᠠᠯ ᠢᠶᠠᠨ ᠰᠣᠯᠢᠯᠴᠠᠪᠠ ᠃ | | | | ᠶᠢᠩ ᠱᠠᠨ ᠬᠤᠩ ᠠᠮᠢ ᠠᠬᠤᠶ ᠶᠢᠨ ᠴᠡᠴᠡᠷᠯᠢᠭ᠂ ᠵᠠᠯᠠᠨ ᠠᠶᠢᠯ ᠬᠤᠲᠠ ᠶᠢᠨ ᠮᠧᠩ ᠳ᠋ᠦᠩ ᠢᠳᠡᠭᠡᠨ ᠤ | ᠮᠥᠭᠦ ᠶᠢᠨ ᠲᠠᠷᠢᠮᠠᠯ ᠤᠨ ᠲᠠᠷᠢᠶᠠᠯᠠᠩ ᠤᠨ ᠬᠤᠷᠰᠢᠶ᠎ᠠ ᠪᠠ ᠬᠥᠯᠥᠨ ᠪᠤᠶᠢᠷ ᠤᠨ ᠵᠡᠭᠦᠨ ᠬᠤᠶᠢᠲᠤ ᠶᠢᠨ ᠹᠦ᠋ ᠹᠧᠩ | ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ ᠭᠠᠵᠠᠷ ᠲᠤ᠂ ᠭᠤᠣ ᠷᠦᠨ | ᠰᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠠᠷᠢᠭᠤ ᠮᠡᠳᠡᠭᠦᠯᠦᠯᠲᠡ ᠶᠢ ᠰᠣᠨᠣᠰᠴᠤ᠂ ᠤᠨᠴᠠᠯᠢᠬᠳᠤ | ᠠᠵᠤ ᠦᠢᠯᠡᠰ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠠᠮᠢ ᠠᠬᠤᠢ ᠶᠢ ᠠᠵᠤ | ᠦᠢᠯᠡᠰᠵᠢᠭᠦᠯᠬᠦ᠂ ᠠᠵᠤ ᠦᠢᠯᠡᠰ ᠢ ᠠᠮᠢ ᠠᠬᠤᠢᠢᠵᠢᠭᠤᠯᠬᠤ ᠶᠢ ᠪᠠᠷᠢᠮᠲᠠᠯᠠᠵᠤ᠂ ᠭᠠᠵᠠᠷ ᠣᠷᠣᠨ ᠤ ᠪᠠᠶᠢᠳᠠᠯ ᠳᠠᠭᠠᠨ | ᠲᠤᠬᠢᠷᠠᠭᠤᠯᠤᠨ ᠳᠠᠪᠠᠭᠤᠯᠢᠭ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ ᠬᠡᠯᠪᠡᠷᠢ ᠶᠢ ᠨᠢ ᠬᠤᠪᠢᠷᠠᠭᠤᠯᠤᠨ ᠬᠥᠭᠵᠢᠭᠦᠯᠵᠦ᠂ ᠤᠳᠤ | ᠦᠶ᠎ᠡ ᠶᠢᠨ ᠮᠠᠯ ᠠᠵᠤ ᠠᠬᠤᠢ ᠲᠠᠷᠢᠶᠠᠯᠠᠩ ᠢ ᠦᠷᠭᠦᠯᠵᠢᠯᠡᠨ ᠬᠦᠴᠦᠷᠬᠡᠭᠵᠢᠭᠦᠯᠵᠦ᠂ ᠤᠨᠴᠠᠯᠢᠬᠳᠤ ᠰᠣᠶᠣᠯ | ᠵᠤᠭᠠᠴᠠᠯ ᠤᠨ ᠦᠢᠯᠡᠰ ᠢ ᠠᠮᠢᠳᠤᠯᠢᠭᠵᠢᠭᠤᠯᠵᠤ᠂ ᠪᠣᠬᠢᠷᠲᠤᠯ ᠦᠭᠡᠢ ᠠᠵᠤ ᠦᠢᠯᠡᠳᠪᠦᠷᠢ ᠶᠢ ᠰᠢᠯᠢᠳᠡᠭᠵᠢᠭᠦᠯᠵᠦ᠂ | ᠤᠯᠠᠨ ᠲᠠᠯ᠎ᠠ ᠪᠠᠷ ᠲᠤᠯᠭᠠᠭᠤᠷᠢᠯᠠᠬᠤ᠂ ᠤᠯᠠᠨ ᠦᠢᠯᠡᠰ ᠢ ᠵᠡᠷᠭᠡᠪᠡᠷ ᠬᠥᠭᠵᠢᠭᠦᠯᠬᠦ᠂ ᠤᠯᠠᠨ ᠡᠰᠢᠴᠢᠯᠡᠨ ᠬᠥᠭᠵᠢᠭᠦᠯᠬᠦ | ᠠᠵᠤ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | | | | ᠭᠤᠤ ᠷᠦᠨ ᠰᠢ ᠲᠥᠪ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠬᠤ | ᠳᠤᠭᠤᠶᠢᠯᠠᠩ ᠤᠨ ᠲᠤᠰᠢᠶᠠᠨ ᠰᠢᠢᠳᠪᠦᠷᠢᠯᠡᠭᠦᠯᠦᠭᠰᠡᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠭᠰᠡᠨ | ᠪᠠᠶᠢᠳᠠᠯ ᠢ ᠮᠠᠰᠢ ᠴᠢᠬᠤᠯᠠᠴᠢᠯᠠᠨ ᠦᠵᠡᠪᠡ᠃ ᠰᠢᠤᠱᠦ᠋ᠢ ᠤᠯᠤᠰ ᠤᠨ ᠨᠤᠭᠤ ᠭᠠᠵᠠᠷ ᠤᠨ ᠴᠡᠴᠡᠷᠯᠢᠭ ᠲᠤ᠂ ᠲᠡᠷᠡ | ᠠᠰᠠᠭᠤᠳᠠᠯ ᠤᠨ ᠪᠤᠢ ᠪᠣᠯᠤᠭᠰᠠᠨ ᠰᠢᠯᠲᠠᠭᠠᠨ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠵᠡᠷᠭᠡ | ᠪᠠᠶᠢᠳᠠᠯ ᠢ ᠨᠠᠷᠢᠨ ᠣᠶᠢᠯᠠᠭᠠᠵᠤ᠂ ᠬᠠᠮᠤᠭ ᠤᠨ ᠡᠷᠡᠰ ᠰᠢᠭᠤᠷᠬᠠᠢ ᠣᠪᠣᠷ᠂ ᠬᠠᠮᠤᠭ ᠤᠨ ᠴᠢᠩᠭ᠎ᠠ ᠪᠠᠷᠢᠮᠵᠢᠶ᠎ᠠ᠂ | ᠬᠠᠮᠤᠭ ᠤᠨ ᠬᠦᠴᠦᠲᠡᠢ ᠠᠷᠭ᠎ᠠ ᠬᠡᠮᠵᠢᠶ᠎ᠡ ᠪᠠᠷ ᠲᠡᠷᠡ ᠳᠠᠷᠤᠢ ᠳᠤᠨᠢ ᠬᠡᠷᠡᠭᠵᠢᠭᠦᠯᠵᠦ ᠲᠡᠷᠡ ᠳᠠᠷᠤᠢ ᠳᠤᠨᠢ | ᠥᠭᠡᠷᠡᠴᠢᠯᠡᠵᠦ᠂ ᠮᠡᠳᠡᠮᠡᠭᠴᠡ ᠥᠭᠡᠷᠡᠴᠢᠯᠡᠵᠦ᠂ ᠦᠨᠡᠨᠬᠦ ᠰᠠᠶᠢᠵᠢᠷᠠᠭᠤᠯᠵᠤ ᠪᠣᠳᠠᠲᠠᠢ ᠥᠭᠡᠷᠡᠴᠢᠯᠡᠵᠦ᠂ ᠠᠮᠢ | ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠦᠪᠰᠢᠨ ᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠠᠷᠠᠳ | ᠤᠯᠠᠨ ᠤ ᠬᠠᠨᠤᠮᠵᠢ ᠶᠢᠨ ᠬᠡᠮᠵᠢᠶ᠎ᠡ ᠪᠣᠯᠤᠨ ᠵᠣᠯ ᠵᠢᠷᠭᠠᠯᠲᠤ ᠲᠦᠷᠦᠭᠳᠡᠯ ᠢ ᠳᠡᠭᠡᠭᠰᠢᠯᠡᠭᠦᠯᠬᠦ ᠬᠡᠷᠡᠭᠲᠡᠢ ᠭᠡᠵᠦ | ᠱᠠᠭᠠᠷᠳᠠᠪᠠ᠃ | ᠬᠥᠯᠥᠨ ᠪᠤᠶᠢᠷ ᠬᠤᠲᠠ ᠶᠢᠨ ᠬᠤᠶᠠᠳᠤᠭᠠᠷ ᠠᠷᠠᠳ ᠤᠨ ᠡᠮᠨᠡᠯᠭᠡ ᠶᠢᠨ ᠬᠤᠷᠢᠶ᠎ᠠ ᠪᠣᠯᠤᠨ ᠴᠢᠩᠭᠢᠰ ᠬᠠᠭᠠᠨ | ᠪᠠᠯᠭᠠᠰᠤᠨ ᠤ ᠦᠪᠦᠷ ᠮᠣᠩᠭᠤᠯ ᠬᠠᠷᠠᠮᠦᠷᠡᠨ ᠤ ᠠᠭᠤᠯᠵᠠᠷ ᠰᠡᠷᠭᠡᠶᠢᠯᠡᠨ ᠡᠵᠡᠮᠳᠡᠬᠦ ᠭᠠᠵᠠᠷ ᠲᠤ᠂ ᠭᠤᠤ ᠷᠦᠨ | ᠰᠢ ᠡᠮᠦᠨ᠎ᠡ ᠹᠷᠣᠨᠲ ᠤᠨ ᠠᠵᠢᠯᠲᠠᠳ ᠢ ᠳᠣᠲᠣᠨᠣ ᠪᠠᠷ ᠲᠣᠬᠤᠨᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠯᠢ ᠶᠢᠨ ᠪᠣᠭᠤᠮᠲᠠ ᠶᠢ | ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠪᠥᠭᠡᠮ ᠬᠦᠴᠢᠯ ᠤᠨ ᠪᠠᠶᠢᠴᠠᠭᠠᠨ ᠬᠡᠮᠵᠢᠬᠦ ᠴᠢᠳᠠᠪᠤᠷᠢ ᠶᠢ | ᠳᠡᠭᠡᠭᠰᠢᠯᠡᠭᠦᠯᠵᠦ᠂ ᠲᠤᠰᠠᠭᠠᠷᠯᠠᠬᠤ ᠲᠠᠯᠠᠪᠤᠷ ᠤᠨ ᠨᠥᠭᠡᠴᠡ ᠶᠢ ᠨᠡᠮᠡᠭᠳᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠵᠤ᠂ ᠬᠥᠯᠥᠨ ᠪᠤᠶᠢᠷ ᠤᠨ ᠡᠮᠦᠨ᠎ᠡ ᠶᠡᠭᠡ | ᠡᠭᠦᠳᠡ ᠶᠢ ᠡᠷᠡᠰ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃ | ᠶᠠᠷᠢᠯᠴᠠᠬᠤ ᠬᠤᠷᠠᠯ ᠳᠡᠭᠡᠷ᠎ᠡ ᠭᠤᠤ ᠷᠦᠨ ᠰᠢ᠂ ᠡᠨᠡ ᠵᠢᠯ ᠤᠨ ᠨᠢᠭᠡᠳᠦᠭᠡᠷ ᠤᠯᠠᠷᠢᠯ ᠳᠤ᠂ ᠬᠥᠯᠥᠨ ᠪᠤᠶᠢᠷ | ᠬᠤᠳᠠ ᠶᠢᠨ ᠨᠠᠮ ᠤᠨ ᠬᠤᠷᠢᠶ᠎ᠠ ᠨᠢᠭᠡᠳᠦᠯᠲᠡᠢ ᠲᠥᠯᠥᠪᠵᠢᠭᠦᠯᠦᠨ ᠳᠤᠬᠢᠷᠠᠭᠤᠯᠵᠤ᠂ ᠡᠯ᠎ᠡ ᠲᠠᠯ᠎ᠠ ᠶᠢᠨ ᠬᠢᠨ | ᠵᠣᠬᠢᠴᠠᠯᠳᠤᠨ ᠬᠥᠳᠡᠯᠦᠯᠴᠡᠵᠦ᠂ ᠠᠵᠤ ᠠᠬᠤᠢ ᠨᠡᠶᠢᠭᠡᠮ ᠳᠤ ︽ᠲᠣᠭᠲᠠᠭᠤᠨ ᠤ ᠳᠤᠮᠳᠠ ᠤᠷᠤᠭᠰᠢᠯᠠᠬᠤ᠂ | ᠲᠣᠭᠲᠠᠭᠤᠨ ᠤ ᠳᠤᠮᠳᠠ ᠪᠠᠬᠢᠵᠢᠭᠦᠯᠬᠦ᠂ ᠲᠣᠭᠲᠠᠭᠤᠨ ᠤ ᠳᠤᠮᠳᠠ ᠰᠠᠶᠢᠵᠢᠷᠠᠬᠤ︾ ᠬᠥᠭᠵᠢᠯᠲᠡ ᠶᠢᠨ ᠪᠠᠶᠢᠳᠠᠯ | ᠢᠯᠡᠷᠡᠵᠡᠢ᠃ ᠵᠠᠯᠠᠨ ᠠᠶᠢᠯ ᠬᠤᠲᠠ ᠶᠢᠨ ᠬᠢᠨ ᠠᠵᠤ ᠠᠬᠤᠶ ᠶᠢᠨ ᠪᠠᠶᠢᠳᠠᠯ ᠢ ᠲᠣᠳᠣᠷᠬᠠᠶ ᠲᠠᠨᠢᠵᠤ᠂ ᠲᠥᠪ ᠤᠨ ᠪᠠ | ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠪᠠ ᠮᠠᠨ ᠤ | ᠬᠤᠲᠠ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯᠳᠤ | ᠬᠤᠭᠤᠴᠠᠭ᠎ᠠ ᠶᠢ ᠠᠮᠵᠢᠨ ᠠᠳᠬᠤᠵᠤ᠂ ᠪᠦᠬᠦ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠ | ᠡᠭᠦᠷᠭᠡ ᠶᠢ ᠴᠢᠩᠭ᠎ᠠ ᠠᠩᠬᠠᠷᠴᠤ᠂ ᠪᠣᠳᠠᠲᠠᠢ ᠶᠢ ᠲᠡᠷᠢᠭᠦᠨ ᠳᠤ ᠲᠠᠯᠪᠢᠵᠤ᠂ ᠠᠵᠢᠯᠯᠠᠬᠤ ᠶᠢ ᠲᠡᠷᠢᠭᠦᠨ ᠳᠤ ᠲᠠᠯᠪᠢᠵᠤ᠂ | ᠢᠲᠡᠭᠡᠯ ᠵᠣᠷᠢᠭ ᠢᠶᠠᠨ ᠪᠠᠲᠤᠳᠬᠠᠵᠤ᠂ ᠵᠣᠷᠢᠭ ᠰᠠᠨᠠᠭ᠎ᠠ ᠪᠠᠨ ᠬᠥᠪᠴᠢᠯᠡᠵᠦ᠂ ᠡᠭᠦᠷᠭᠡᠯᠡᠨ ᠠᠵᠢᠯ ᠬᠢᠵᠦ᠂ ᠦᠨᠡᠨᠬᠦ | ᠠᠳᠬᠤᠵᠤ ᠪᠣᠳᠠᠲᠠᠢ ᠠᠵᠢᠯᠯᠠᠵᠤ᠂ ᠬᠦᠴᠢᠷ ᠢ ᠲᠤᠭᠤᠯᠤᠨ ᠬᠦᠴᠢᠷ ᠢ ᠳᠠᠪᠠᠵᠤ᠂ ᠳᠤᠲᠠᠭᠤᠳᠠᠯ ᠢᠶᠠᠨ | ᠨᠥᠬᠦᠪᠥᠷᠢᠯᠡᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ᠂ ᠭᠤᠣᠯᠳᠠᠯᠭ᠎ᠠ ᠲᠠᠢ ᠲᠦᠷᠦᠯ ᠵᠦᠢᠯ ᠤᠨ | ᠪᠠᠶᠢᠭᠤᠯᠤᠯᠲᠠ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ᠂ ᠣᠷᠴᠢᠨ ᠲᠣᠭᠤᠷᠢᠨ ᠤ | ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ᠂ ᠤᠨᠢᠨ ᠳᠡᠭᠡᠷ᠎ᠡ ᠨᠢ ᠠᠷᠠᠯᠵᠢᠶᠠᠴᠢᠨ | ᠤᠷᠢᠵᠤ ᠪᠡᠯᠡ ᠮᠥᠩᠭᠦ ᠣᠷᠣᠭᠤᠯᠬᠤ᠂ ᠣᠷᠣᠨ ᠪᠦᠰᠡ ᠶᠢᠨ ᠬᠠᠮᠵᠢᠯᠴᠠᠨ ᠬᠥᠭᠵᠢᠬᠦ ᠵᠡᠷᠭᠡ ᠡᠯ᠎ᠡ ᠵᠦᠢᠯ ᠤᠨ | ᠭᠤᠣᠯᠳᠠᠯᠭ᠎ᠠ ᠲᠠᠢ ᠠᠵᠢᠯ ᠢ ᠴᠢᠩᠭ᠎ᠠ ᠠᠳᠬᠤᠨ ᠪᠣᠳᠠᠲᠠᠢ ᠠᠳᠬᠤᠵᠤ᠂ ᠳᠠᠪᠠᠭᠠᠨ ᠵᠡᠭᠦᠨᠳᠡᠬᠢ ᠭᠠᠵᠠᠷ ᠣᠷᠣᠨ ᠤ | ᠴᠢᠨᠠᠷ ᠰᠠᠶᠢᠲᠠᠢ ᠬᠥᠭᠵᠢᠯᠲᠡ ᠶᠢᠨ ᠬᠡᠪ ᠵᠠᠭᠪᠤᠷ ᠢ ᠢᠳᠡᠪᠬᠢᠲᠡᠢ ᠡᠭᠦᠳᠬᠦ ᠬᠡᠷᠡᠭᠲᠡᠢ᠃ | | | | ᠭᠤᠤ ᠷᠦᠨ ᠰᠢ᠂ ᠬᠥᠭᠵᠢᠭᠦᠯᠬᠦ ᠶᠢ ᠲᠡᠷᠢᠭᠦᠨ ᠴᠢᠬᠤᠯᠠ ᠡᠭᠦᠷᠭᠡ ᠶᠢ ᠴᠢᠩᠭ᠎ᠠ ᠠᠳᠬᠤᠵᠤ᠂ ᠪᠦᠲᠦᠴᠡ ᠶᠢ | ᠲᠤᠬᠢᠷᠠᠭᠤᠯᠬᠤ ᠪᠠᠷ ᠬᠦᠴᠦᠯᠡᠵᠦ᠂ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠵᠤ᠂ ᠨᠡᠮᠡᠭᠳᠡᠯ ᠢ | ᠲᠣᠭᠲᠠᠪᠤᠷᠢᠵᠢᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ | ᠪᠤᠵᠠᠭᠠᠶᠢᠷᠠᠭᠤᠯᠵᠤ᠂ ᠠᠵᠤ ᠦᠢᠯᠡᠰ ᠤᠨ ᠶᠠᠰᠤ ᠴᠢᠨᠠᠷ ᠢ ᠰᠢᠯᠢᠳᠡᠭᠵᠢᠭᠦᠯᠵᠦ᠂ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠰᠠᠭᠤᠷᠢ ᠶᠢ ᠪᠠᠬᠢᠵᠢᠭᠦᠯᠬᠦ ᠬᠡᠷᠡᠭᠲᠡᠢ︔ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ | ᠴᠢᠩᠭᠠᠳᠬᠠᠬᠤ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢ ᠪᠠᠲᠤᠯᠠᠵᠤ᠂ ᠪᠦᠬᠦ ᠭᠠᠵᠠᠷ ᠣᠷᠣᠨ ᠪᠦᠬᠦ | ᠲᠠᠯ᠎ᠠ ᠪᠠᠷ ᠢᠶᠠᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠵᠤ᠂ ᠪᠦᠬᠦ ᠬᠦᠷᠢᠶ᠎ᠡ | ᠪᠦᠬᠦ ᠶᠠᠪᠤᠴᠠ ᠪᠠᠷ ᠬᠥᠭᠵᠢᠯᠲᠡ ᠶᠢᠨ ᠪᠣᠬᠢᠷᠲᠤᠯ ᠦᠭᠡᠢ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠵᠤ᠂ ᠡᠷᠡᠰ | ᠭᠤᠶᠢᠪᠢᠰᠢ ᠦᠭᠡᠢ ᠪᠠᠷ᠂ ᠮᠡᠳᠡᠬᠦ ᠬᠢᠬᠦ ᠶᠢ ᠨᠢᠭᠡᠳᠬᠡᠵᠦ᠂ ᠠᠮᠢ ᠠᠬᠤᠢ ᠶᠢ ᠤᠷᠢᠳᠠᠪᠠᠷ ᠪᠣᠳᠣᠯᠬᠢᠯᠠᠬᠤ ᠪᠣᠬᠢᠷᠲᠤᠯ | ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠰᠠᠶᠢᠲᠤᠷ | ᠵᠠᠮᠨᠠᠬᠤ ᠬᠡᠷᠡᠭᠲᠡᠢ︔ ᠣᠷᠣᠨ ᠪᠦᠰᠡ ᠶᠢᠨ ᠬᠠᠮᠵᠢᠯᠴᠠᠭ᠎ᠠ ᠶᠢ ᠴᠢᠩᠭᠠᠳᠬᠠᠵᠤ᠂ ᠳᠠᠪᠠᠭᠠᠨ ᠵᠡᠭᠦᠨᠳᠡᠬᠢ ᠭᠠᠵᠠᠷ | ᠣᠷᠣᠨ ᠢ ᠨᠢᠭᠡ ᠴᠤᠬᠴᠠᠵᠢᠭᠤᠯᠬᠤ ᠬᠥᠭᠵᠢᠯᠲᠡ ᠶᠢᠨ ᠠᠬᠢᠴᠠ ᠳᠤ ᠭᠠᠷᠳᠠᠴᠠ᠂ ᠲᠤᠰᠤᠯᠲᠠ ᠪᠠᠨ ᠣᠨᠣᠪᠴᠢᠲᠠᠢ | ᠣᠯᠵᠤ᠂ ᠶᠡᠭᠡ ᠲᠠᠯ᠎ᠠ ᠶᠢᠨ ᠤᠬᠠᠮᠰᠠᠷ ᠢ ᠪᠠᠲᠤᠳᠬᠠᠵᠤ᠂ ᠠᠵᠤ ᠦᠢᠯᠡᠰ ᠤᠨ ᠬᠠᠮᠲᠤᠷᠠᠯᠴᠠᠭ᠎ᠠ ᠶᠢ ᠥᠷᠭᠡᠳᠬᠡᠵᠦ᠂ | ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠴᠢᠩᠭᠠᠳᠬᠠᠵᠤ᠂ | ᠪᠦᠬᠦᠯᠢ ᠴᠣᠭᠴᠠ ᠶᠢᠨ ᠥᠷᠢᠰᠥᠯᠳᠦᠭᠡᠨ ᠤ ᠴᠢᠳᠠᠪᠤᠷᠢ ᠶᠢ ᠴᠢᠨᠠᠭᠰᠢᠳᠠ ᠳᠡᠭᠡᠭᠰᠢᠯᠡᠭᠦᠯᠵᠦ᠂ ᠣᠷᠣᠨ ᠪᠦᠰᠡ ᠶᠢᠨ | ᠬᠠᠮᠵᠢᠯᠴᠠᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠣᠷᠣᠨ ᠪᠦᠰᠡ ᠶᠢᠨ ᠬᠤᠯᠪᠣᠯᠳᠤᠨ ᠨᠡᠪᠲᠡᠷᠡᠯᠴᠡᠬᠦ | ᠲᠦᠪᠰᠢᠨ ᠢ ᠳᠡᠭᠡᠭᠰᠢᠯᠡᠭᠦᠯᠵᠦ᠂ ᠬᠠᠮᠲᠤᠷᠠᠯᠴᠠᠭᠠᠨ ᠤ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ | ᠬᠠᠮᠲᠤᠷᠠᠯᠴᠠᠭᠠᠨ ᠤ ᠦᠢᠯᠡᠳᠦᠯ ᠢ ᠪᠦᠷᠢᠯᠳᠦᠭᠦᠯᠬᠦ ᠶᠢ ᠠᠬᠢᠭᠤᠯᠵᠤ᠂ ᠠᠭᠤᠰᠤᠯᠴᠠᠨ ᠨᠡᠪᠲᠡᠷᠡᠯᠴᠡᠵᠦ ᠬᠥᠭᠵᠢᠬᠦ ᠶᠢ | ᠠᠬᠢᠭᠤᠯᠬᠤ ᠬᠡᠷᠡᠭᠲᠡᠢ︔ ᠪᠣᠳᠠᠲᠠᠢ ᠠᠵᠢᠯᠯᠠᠬᠤ ᠪᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ᠂ ᠰᠢᠨ᠎ᠡ ᠶᠢ | ᠡᠭᠦᠳᠴᠦ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠬᠦ | ᠢᠳᠡᠪᠬᠢ ᠬᠦᠴᠦᠨ ᠢ ᠨᠢᠭᠲᠠᠷᠠᠭᠤᠯᠵᠤ᠂ ᠬᠥᠭᠵᠢᠯᠲᠡ ᠶᠢ ᠲᠦᠷᠭᠡᠳᠬᠡᠬᠦ ᠴᠤᠭ ᠰᠦᠯᠳᠡ ᠶᠢ ᠪᠠᠳᠠᠷᠠᠭᠤᠯᠵᠤ᠂ | ᠨᠠᠶᠢᠳᠠᠪᠤᠷᠢᠵᠢᠭᠤᠯᠤᠯᠲᠠ ᠶᠢ ᠶᠡᠬᠡᠪᠡᠷ ᠠᠳᠬᠤᠬᠤ ᠰᠠᠶᠢᠨ ᠠᠭᠤᠷ ᠠᠮᠢᠰᠬᠤᠯ ᠢ ᠪᠤᠢ ᠪᠣᠯᠭᠠᠵᠤ᠂ ᠠᠵᠢᠯ ᠬᠢᠵᠦ | ᠦᠢᠯᠡᠰ ᠪᠤᠰᠬᠠᠬᠤ ᠣᠷᠭᠢᠯᠤᠮ᠎ᠠ ᠬᠠᠯᠠᠭᠤᠨ ᠰᠡᠳᠬᠢᠯᠭᠡ ᠶᠢ ᠦᠷᠭᠦᠯᠵᠢᠯᠡᠨ ᠪᠠᠲᠤᠯᠠᠵᠤ᠂ ᠡᠯ᠎ᠡ ᠵᠦᠢᠯ ᠤᠨ ᠠᠵᠢᠯ ᠢ | ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠪᠠᠲᠤᠯᠠᠵᠤ᠂ ᠠᠵᠤ ᠠᠬᠤᠢ ᠨᠡᠶᠢᠭᠡᠮ ᠤᠨ | ᠬᠡᠯᠪᠡᠷᠢ ᠪᠠᠨ ᠬᠤᠪᠢᠷᠠᠭᠤᠯᠤᠨ ᠬᠥᠭᠵᠢᠬᠦ᠂ ᠪᠣᠬᠢᠷᠲᠤᠯ ᠦᠭᠡᠢ ᠬᠥᠭᠵᠢᠬᠦ᠂ ᠴᠢᠨᠠᠷ ᠰᠠᠶᠢᠲᠠᠢ ᠬᠥᠭᠵᠢᠬᠦ ᠶᠢ | ᠪᠡᠶᠡᠯᠡᠭᠦᠯᠬᠦ ᠪᠠᠷ ᠬᠦᠴᠦᠯᠡᠨ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃ |