| | | | | | | 5 ᠳ᠋ᠤᠭᠠᠷ ᠰᠠᠷ᠎ᠠ ᠶᠢᠨ 12 ᠤᠨ ᠡᠳᠦᠷ᠂ ᠵᠠᠯᠠᠨ ᠠᠶᠢᠯ ᠬᠤᠲᠠ ᠶᠢᠨ ᠨᠠᠮ ᠤᠨ ᠬᠤᠷᠢᠶ᠎ᠠ ᠶᠢᠨ ᠱᠦᠵᠢ | ᠪᠠᠶ ᡁᠢ ᠵᠢᠶᠦ᠋ᠨ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 30 ᠳ᠋ᠤᠭᠠᠷ ᠤᠳᠠᠭ᠎ᠠ ᠶᠢᠨ ︵ | ᠥᠷᠭᠡᠳᠬᠡᠭᠰᠡᠨ︶ ᠬᠤᠷᠠᠯ ᠢ ᠡᠷᠭᠢᠯᠡᠨ ᠬᠤᠷᠠᠯᠳᠤᠭᠤᠯᠵᠤ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠶᠢᠨ | ᠱᠦᠵᠢ ᠭᠤᠤ ᠷᠦᠨ ᠰᠢ ᠶᠢᠨ ᠵᠠᠯᠠᠨ ᠠᠶᠢᠯ ᠳᠤ ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠠᠬᠢ | ᠵᠢᠭᠠᠪᠤᠷᠢ ᠶᠢᠨ ᠶᠠᠷᠢᠶᠠᠨ ᠤ ᠵᠣᠷᠢᠭ ᠰᠠᠨᠠᠭ᠎ᠠ ᠶᠢ ᠲᠡᠷᠡ ᠳᠠᠷᠤᠶ ᠳᠤᠨᠢ ᠤᠯᠠᠮᠵᠢᠯᠠᠨ ᠨᠠᠶᠢᠳᠠᠪᠤᠷᠢᠵᠢᠭᠤᠯᠵᠤ᠂ ᠦᠵᠡᠯ | ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠨ᠂ ᠴᠤᠭ ᠰᠦᠯᠳᠡ ᠪᠠᠨ ᠪᠠᠳᠠᠷᠠᠭᠤᠯᠵᠤ᠂ | ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠨ᠂ ᠬᠥᠯᠥᠨ ᠪᠤᠶᠢᠷ ᠤᠨ ᠳᠠᠪᠠᠭᠠᠨ ᠵᠡᠭᠦᠨᠳᠡᠬᠢ ᠭᠠᠵᠠᠷ ᠣᠷᠣᠨ ᠤ | ᠴᠢᠨᠠᠷ ᠰᠠᠶᠢᠲᠠᠶ ᠬᠥᠭᠵᠢᠯᠲᠡ ᠶᠢᠨ ᠥᠯᠢᠭᠡᠷ ᠳᠠᠭᠤᠷᠢᠶᠠᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠪᠠ᠃ ᠬᠤᠷᠠᠯ ᠨᠢ | ᠸᠢᠳᠢᠣ᠋ ᠶᠢᠨ ᠬᠡᠯᠪᠡᠷᠢ ᠪᠠᠷ ᠬᠤᠷᠠᠯᠳᠤᠵᠤ᠂ ᠬᠤᠳᠠ ᠶᠢᠨ ᠲᠦᠷᠪᠡᠨ ᠶᠡᠭᠡ ᠪᠠᠭ ᠤᠨ ᠤᠳᠤᠷᠢᠳᠤᠯᠭ᠎ᠠ ᠪᠣᠯᠤᠨ ᠪᠤᠰᠤᠳ | ᠭᠠᠵᠠᠷ ᠤᠨ ᠲᠡᠰ ᠤᠨ ᠤᠳᠤᠷᠢᠳᠬᠤ ᠨᠥᠬᠦᠳ ᠵᠢᠴᠢ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ᠂ ᠬᠤᠳᠠ ᠶᠢᠨ | ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ | ᠣᠷᠣᠯᠴᠠᠪᠠ᠃ | | ᠪᠠᠶ ᡁᠢ ᠵᠢᠶᠦ᠋ᠨ ᠵᠢᠭᠠᠵᠤ ᠭᠠᠷᠭᠠᠭᠰᠠᠨ ᠨᠢ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠵᠠᠯᠠᠨ ᠠᠶᠢᠯ | ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠭᠤᠤ | ᠷᠦᠨ ᠰᠢ ᠱᠦᠵᠢ ᠵᠠᠯᠠᠨ ᠠᠶᠢᠯ ᠬᠤᠳᠠ ᠳᠤ ︽ᠶᠢᠰᠦᠨ ᠬᠦᠴᠦᠯᠡᠬᠦ︾ ᠠᠵᠢᠯ ᠤᠨ ᠱᠠᠭᠠᠷᠳᠠᠯᠭ᠎ᠠ ᠪᠣᠯᠤᠨ ︽ | ᠳᠠᠪᠠᠭᠠᠨ ᠵᠡᠭᠦᠨᠳᠡᠬᠢ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢᠨ ᠬᠡᠪ ᠵᠠᠭᠪᠤᠷ ᠢ ᠡᠭᠦᠳᠬᠦ︾ | ᠬᠠᠷᠠᠯᠲᠠ ᠶᠢᠨ ᠪᠠᠶᠢᠷᠢ ᠲᠣᠭᠲᠠᠭᠠᠯᠲᠠ ᠶᠢ ᠳᠤᠷᠠᠳᠴᠠᠢ᠃ ᠪᠦᠬᠦ ᠬᠤᠲᠠ ᠶᠢᠨ ᠳᠡᠭᠡᠳᠦ ᠳᠣᠣᠷᠠᠳᠤ ᠱᠠᠲᠤ ᠪᠠᠷ ᠢᠶᠠᠨ | ᠬᠥᠯᠥᠨ ᠪᠤᠶᠢᠷ ᠬᠤᠲᠠ ᠶᠢᠨ ᠨᠠᠮ ᠤᠨ ᠬᠤᠷᠢᠶᠠᠨ ᠤ ᠳᠤᠷᠠᠳᠤᠭᠰᠠᠨ ︽ᠳᠥᠷᠪᠡᠨ ᠠᠷᠭ᠎ᠠ ᠪᠦᠬᠦᠨ ᠢ ᠰᠦᠪᠡᠭᠴᠢᠯᠡᠬᠦ | ︾᠂ ︽ᠲᠠᠪᠤᠨ ᠶᠡᠭᠡ ᠠᠵᠢᠯᠯᠠᠭᠠᠨ ᠤ ᠲᠥᠯᠥᠪᠯᠡᠭᠡ︾ ᠶᠢᠨ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢᠨ ᠲᠣᠭᠤᠷᠢᠨ ᠳᠤ᠂ ︽ᠶᠢᠰᠦᠨ ᠬᠦᠴᠦᠯᠡᠬᠦ︾ᠠᠵᠢᠯ ᠤᠨ ᠱᠠᠭᠠᠷᠳᠠᠯᠭ᠎ᠠ ᠶᠣᠰᠣᠭᠠᠷ᠂ ᠢᠲᠡᠭᠡᠯ | ᠵᠣᠷᠢᠭ ᠢᠶᠠᠨ ᠪᠠᠲᠤᠳᠬᠠᠵᠤ᠂ ᠳᠤᠲᠠᠭᠤᠳᠠᠯ ᠳᠤ ᠵᠥᠪ ᠢᠶᠠᠷ ᠬᠠᠨᠳᠤᠵᠤ᠂ ᠠᠵᠢᠯ ᠶᠠᠪᠤᠳᠠᠯ ᠬᠢᠬᠦ ᠬᠠᠮᠲᠤᠷᠠᠯ | ᠬᠦᠴᠦᠨ ᠢ ᠨᠢᠭᠲᠠᠷᠠᠭᠤᠯᠵᠤ᠂ ᠬᠠᠮᠤᠭ ᠤᠨ ᠶᠡᠭᠡ ᠢᠲᠡᠭᠡᠯ ᠵᠣᠷᠢᠭ ᠢᠶᠠᠷ ᠴᠢᠨᠠᠷ ᠰᠠᠶᠢᠲᠠᠶ ᠬᠥᠭᠵᠢᠯᠲᠡ ᠶᠢᠨ | ᠬᠠᠷᠢᠭᠤᠯᠲᠠ ᠶᠢᠨ ᠬᠠᠭᠤᠳᠠᠰᠤ ᠶᠢ ᠡᠷᠡᠰ ᠰᠠᠶᠢᠲᠤᠷ ᠬᠠᠷᠢᠭᠤᠯᠵᠤ᠂ ᠳᠠᠪᠠᠭᠠᠨ ᠵᠡᠭᠦᠨᠳᠡᠬᠢ ᠭᠠᠵᠠᠷ ᠣᠷᠣᠨ ᠤ | ᠳᠠᠭᠠᠭᠤᠯᠤᠭᠴᠢ ᠪᠣᠯᠬᠤ ᠪᠠᠷ ᠴᠢᠷᠮᠠᠶᠢᠵᠤ᠂ ᠬᠥᠭᠵᠢᠯᠲᠡ ᠶᠢ ᠬᠥᠯᠥᠨ ᠪᠤᠶᠢᠷ ᠤᠨ ᠡᠮᠦᠨ᠎ᠡ ᠡᠩᠨᠡᠭᠡᠨ ᠳᠤ ᠶᠠᠪᠤᠬᠤ ᠶᠢ | ᠬᠦᠴᠦᠯᠡᠨ ᠠᠬᠢᠭᠤᠯᠤᠨ᠎ᠠ᠃ | | ᠪᠠᠢ ᡁᠢ ᠵᠢᠶᠦ᠋ᠨ᠂ ᠪᠦᠬᠦ ᠬᠤᠳᠠ ᠪᠠᠷ ᠢᠶᠠᠨ ︽ᠶᠢᠰᠦᠨ ᠬᠦᠴᠦᠯᠡᠬᠦ︾ ᠠᠵᠢᠯ ᠤᠨ ᠱᠠᠭᠠᠷᠳᠠᠯᠭ᠎ᠠ ᠶᠢ | ᠰᠠᠶᠢᠲᠤᠷ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠳᠡᠭᠡᠳᠦ ᠱᠠᠲᠤᠨ ᠤ ᠲᠦᠷᠦ ᠶᠢᠨ ᠪᠤᠳᠤᠯᠭ᠎ᠠ ᠶᠢ ᠰᠠᠶᠢᠲᠤᠷ | ᠬᠡᠷᠡᠭᠯᠡᠵᠦ᠂ ᠠᠵᠢᠯᠯᠠᠭᠠᠨ ᠤ ᠲᠤᠬᠢᠷᠠᠭᠤᠯᠤᠯᠳᠠ ᠶᠢ ᠴᠢᠩᠭᠠᠳᠬᠠᠵᠤ᠂ ᠪᠡᠯᠡ ᠮᠥᠩᠭᠦᠨ ᠤ ᠦᠷ᠎ᠡ ᠠᠰᠢᠭ ᠢ ᠰᠠᠶᠢᠲᠤᠷ | ᠪᠠᠳᠠᠷᠠᠭᠤᠯᠵᠤ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ︽ᠠᠮᠢ | ᠠᠬᠤᠢ ᠪᠠᠷ ᠬᠤᠳᠠ ᠶᠢ ᠪᠠᠶᠢᠭᠤᠯᠬᠤ︾ ᠪᠠᠶᠢᠯᠳᠤᠬᠤ ᠪᠤᠳᠤᠯᠭ᠎ᠠ ᠶᠢ ᠭᠤᠶᠢᠪᠢᠰᠢ ᠦᠭᠡᠢ ᠪᠠᠷᠢᠮᠲᠠᠯᠠᠵᠤ᠂ ᠲᠥᠪ ᠤᠨ | ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ | ᠡᠷᠡᠰ ᠰᠠᠶᠢᠲᠤᠷ ᠠᠳᠬᠤᠵᠤ᠂ ᠠᠮᠢ ᠠᠬᠤᠢ ᠶᠢᠨ ᠳᠠᠪᠠᠭᠤᠯᠢᠭ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠠᠮᠢ | ᠠᠬᠤᠢ ᠶᠢᠨ ᠪᠦᠳᠦᠭᠡᠨ ᠪᠠᠶᠢᠭᠤᠯᠤᠯᠲᠠ ᠶᠢ ᠬᠦᠴᠦᠯᠡᠨ ᠲᠦᠷᠭᠡᠳᠬᠡᠵᠦ᠂ ᠵᠠᠯᠠᠨ ᠠᠶᠢᠯ ᠬᠤᠳᠠ ᠶᠢᠨ ᠪᠣᠬᠢᠷᠲᠤᠯ | ᠦᠭᠡᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠲᠦᠷᠦᠯ ᠵᠦᠢᠯ ᠢ ᠭᠤᠶᠢᠪᠢᠰᠢ ᠦᠭᠡᠢ ᠠᠳᠬᠤᠵᠤ᠂ ᠡᠮᠦᠨᠡᠬᠢ | ᠬᠤᠭᠤᠴᠠᠭᠠᠨ ᠤ ᠠᠵᠢᠯ ᠢᠶᠠᠨ ᠲᠦᠷᠭᠡᠳᠬᠡᠵᠦ᠂ ᠡᠷᠲᠡᠬᠡᠨ ᠠᠵᠢᠯ ᠢᠶᠠᠨ ᠡᠬᠢᠯᠡᠭᠦᠯᠦᠨ ᠰᠡᠷᠭᠦᠭᠡᠬᠦ ᠶᠢ ᠬᠦᠴᠦᠯᠡᠨ | ᠠᠬᠢᠭᠤᠯᠵᠤ᠂ ᠲᠦᠷᠦᠯ ᠵᠦᠢᠯ ᠢ ᠲᠥᠯᠥᠪᠵᠢᠭᠦᠯᠬᠦ ᠪᠠ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ | ᠦᠷᠭᠦᠯᠵᠢᠯᠡᠨ ᠰᠠᠶᠢᠲᠤᠷ ᠠᠳᠬᠤᠵᠤ᠂ ᠬᠥᠭᠵᠢᠯᠲᠡ ᠶᠢᠨ ᠬᠥᠳᠡᠯᠭᠡᠬᠦ ᠬᠦᠴᠦᠨ ᠢ ᠲᠠᠰᠤᠷᠠᠯᠲᠠ ᠦᠭᠡᠢ | ᠬᠤᠷᠠᠮᠳᠤᠭᠤᠯᠬᠤ ᠬᠡᠷᠡᠭᠲᠡᠢ᠃ ︽ᠲᠠᠪᠤᠨ ᠶᠡᠭᠡ ᠠᠵᠢᠯᠯᠠᠭ᠎ᠠ ᠶᠢᠨ ᠲᠥᠯᠥᠪᠯᠡᠭᠡ︾ ᠪᠠᠷ ᠭᠤᠤᠯ ᠰᠢᠪᠲᠤᠯᠤᠯᠲᠠ ᠶᠢᠨ | ᠴᠢᠭᠯᠡᠯ ᠪᠣᠯᠭᠠᠬᠤ ᠶᠢ ᠪᠠᠷᠢᠮᠲᠠᠯᠠᠵᠤ᠂ ᠪᠣᠬᠢᠷᠲᠤᠯ ᠥᠬᠡᠶ ᠠᠮᠢ ᠠᠬᠤᠶ ᠶᠢᠨ ᠳᠠᠪᠠᠭᠤᠯᠢᠭ ᠢ ᠦᠷᠭᠦᠯᠵᠢᠯᠡᠨ ᠶᠡᠬᠡᠰᠬᠡᠬᠦ | ᠪᠠ ᠪᠠᠳᠠᠷᠠᠭᠤᠯᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠶᠢ ᠬᠦᠴᠦᠯᠡᠨ ᠠᠬᠢᠭᠤᠯᠵᠤ᠂ ᠰᠣᠶᠣᠯ | ᠵᠢᠭᠤᠯᠴᠢᠯᠠᠯ ᠤᠨ ᠦᠢᠯᠡᠰ ᠤᠨ ᠪᠠᠷᠢᠮᠵᠢᠶ᠎ᠠ ᠶᠢ ᠳᠡᠭᠡᠭᠰᠢᠯᠡᠭᠦᠯᠦᠨ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠣᠲᠣ | ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠨᠡᠮᠡᠭᠳᠡᠯ ᠤᠨ ᠬᠡᠮᠵᠢᠶ᠎ᠡ ᠶᠢ ᠨᠡᠮᠡᠭᠳᠡᠭᠦᠯᠦᠨ ᠶᠠᠰᠤ ᠴᠢᠨᠠᠷ ᠢ | ᠨᠡᠮᠡᠭᠳᠡᠭᠦᠯᠬᠦ᠂ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠡᠷᠴᠢᠮᠵᠢᠭᠦᠯᠦᠨ ᠲᠥᠪᠯᠡᠷᠡᠭᠦᠯᠦᠨ ᠬᠥᠭᠵᠢᠭᠦᠯᠬᠦ᠂ ᠠᠮᠢ | ᠠᠬᠤᠶ ᠶᠢᠨ ᠠᠵᠤ ᠦᠢᠯᠡᠰ ᠢ ᠴᠠᠭ ᠤᠨ ᠪᠠᠶᠢᠳᠠᠯ ᠢ ᠠᠮᠵᠢᠨ ᠬᠥᠭᠵᠢᠭᠦᠯᠬᠦ᠂ ᠤᠯᠠᠮᠵᠢᠯᠠᠯᠲᠤ ᠠᠵᠤ ᠦᠢᠯᠡᠰ ᠤᠨ | ᠰᠢᠨ᠎ᠡ ᠶᠢ ᠡᠭᠦᠳᠦᠨ ᠰᠢᠯᠢᠳᠡᠭ ᠢ ᠡᠭᠦᠳᠬᠦ ᠬᠥᠭᠵᠢᠯᠲᠡ ᠶᠢ ᠳᠥᠯᠭᠢᠨ ᠠᠬᠢᠭᠤᠯᠬᠤ ᠬᠡᠷᠡᠭᠲᠡᠶ᠃ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠶᠢ ᠦᠷᠭᠦᠯᠵᠢᠯᠡᠨ ᠴᠢᠩᠭᠠᠳᠬᠠᠵᠤ᠂ ᠬᠤᠳᠠ ᠶᠢᠨ | ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠪᠠᠷᠢᠮᠲᠠᠯᠠᠵᠤ᠂ ᠬᠤᠳᠠ ᠶᠢᠨ ᠪᠦᠳᠦᠬᠡᠨ ᠪᠠᠶᠢᠭᠤᠯᠤᠯᠲᠠ ᠶᠢᠨ | ᠬᠠᠮᠢᠶᠠᠷᠤᠯᠲᠠ ᠶᠢᠨ ᠲᠦᠪᠰᠢᠨ ᠢ ᠳᠠᠰᠤᠷᠠᠯᠳᠠ ᠦᠬᠡᠢ ᠳᠡᠭᠡᠭᠰᠢᠯᠡᠭᠦᠯᠵᠦ᠂ ᠬᠤᠳᠠ ᠶᠢᠨ ᠠᠮᠢᠳᠤᠷᠠᠯ ᠤᠨ ᠴᠢᠨᠠᠷ | ᠴᠢᠨᠰᠠᠭ᠎ᠠ ᠶᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ | ᠲᠤᠬᠠᠢ ᠰᠢᠨ᠎ᠡ ᠬᠦᠰᠡᠯ ᠡᠷᠡᠮᠡᠯᠵᠡᠯ ᠢ ᠬᠠᠩᠭᠠᠬᠤ ᠬᠡᠷᠡᠭᠲᠡᠢ᠃ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠣᠣᠷ ᠢ | ᠪᠠᠲᠤ ᠪᠠᠬᠢ ᠪᠥᠭᠡᠳ ᠨᠢᠭᠲᠠ ᠰᠦᠯᠵᠢᠵᠦ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ | ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠨᠠᠶᠢᠳᠠᠪᠤᠷᠢᠵᠢᠭᠤᠯᠤᠨ᠂ ᠠᠷᠠᠳ ᠤᠨ | ᠲᠥᠯᠥᠭᠡ ᠪᠣᠳᠠᠲᠠᠶ ᠠᠵᠢᠯ ᠬᠢᠬᠦ ᠵᠦᠢᠯᠡᠰ ᠢ ᠰᠠᠶᠢᠲᠤᠷ ᠲᠥᠯᠥᠪᠯᠡᠨ ᠰᠠᠶᠢᠲᠤᠷ ᠬᠡᠷᠡᠭᠵᠢᠭᠦᠯᠵᠦ᠂ ᠤᠯᠠᠨ ᠲᠦᠮᠡᠨ ᠤ | ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ | ᠦᠭᠡᠢ ᠳᠡᠭᠡᠭᠰᠢᠯᠡᠭᠦᠯᠬᠦ ᠬᠡᠷᠡᠭᠲᠡᠶ᠃ ᠡᠯ᠎ᠡ ᠲᠠᠯ᠎ᠠ ᠶᠢᠨ ᠬᠢᠨ ᠤ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠴᠢᠩᠭ᠎ᠠ | ᠪᠣᠳᠠᠲᠠᠢ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ | ᠰᠠᠶᠢᠲᠤᠷ ᠬᠢᠬᠦ ᠬᠡᠷᠡᠭᠲᠡᠢ᠃ ᠤᠷᠢᠳᠴᠢᠯᠠᠨ ᠰᠡᠷᠭᠡᠶᠢᠯᠡᠬᠦ᠂ ᠤᠷᠢᠳᠴᠢᠯᠠᠨ ᠰᠡᠷᠭᠡᠶᠢᠯᠡᠬᠦ ᠶᠢ ᠪᠠᠷᠢᠮᠲᠠᠯᠠᠵᠤ᠂ ᠡᠯ᠎ᠡ | ᠲᠦᠷᠦᠯ ᠤᠨ ᠠᠶᠤᠯ ᠲᠦᠭᠰᠢᠭᠦᠷᠢ ᠶᠢ ᠬᠦᠴᠦᠯᠡᠨ ᠠᠷᠢᠯᠭᠠᠵᠤ᠂ ᠤᠢ ᠰᠢᠭᠤᠢ ᠨᠤᠲᠤᠭ ᠪᠡᠯᠴᠢᠭᠡᠷ ᠤᠨ ᠭᠠᠯ | ᠤᠨᠲᠠᠷᠠᠭᠠᠬᠤ ᠪᠠ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠵᠤ᠂ ᠦᠶᠡᠷ ᠢ ᠰᠡᠷᠭᠡᠶᠢᠯᠡᠵᠦ | ᠦᠶᠡᠷ ᠢ ᠰᠡᠷᠭᠡᠶᠢᠯᠡᠬᠦ ᠪᠡᠯᠡᠳᠬᠡᠯ ᠠᠵᠢᠯ ᠢ ᠤᠷᠢᠳᠴᠢᠯᠠᠨ ᠰᠠᠶᠢᠲᠤᠷ ᠬᠢᠬᠦ ᠬᠡᠷᠡᠭᠲᠡᠢ᠃ ᠬᠤᠲᠠ ᠶᠢᠨ | ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠬᠢᠷᠢ ᠲᠡᠩᠴᠡᠭᠰᠡᠨ | ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠱᠠᠭᠠᠷᠳᠠᠯᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠨᠡᠶᠢᠭᠡᠮ ᠤᠨ ᠲᠣᠭᠲᠠᠭᠤᠨ ᠢ ᠬᠦᠴᠦᠯᠡᠨ ᠬᠠᠮᠠᠭᠠᠯᠠᠵᠤ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠂ ᠣᠯᠠᠨ | ᠲᠦᠮᠡᠨ ᠤ ᠬᠦᠰᠡᠯ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠰᠠᠭᠤᠳᠠᠯ ᠢ ᠰᠢᠢᠳᠪᠦᠷᠢᠯᠡᠬᠦ ᠶᠢ | ᠠᠬᠢᠭᠤᠯᠤᠨ᠂ ᠨᠠᠩ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠣᠶ ᠪᠣᠯᠭᠠᠬᠤ | ᠬᠡᠷᠡᠭᠲᠡᠶ᠃ | | ᠪᠠᠢ ᡁᠢ ᠵᠢᠶᠦ᠋ᠨ᠂ ᠪᠦᠬᠦ ᠬᠤᠳᠠ ᠪᠠᠷ ᠢᠶᠠᠨ ︽ᠲᠡᠮᠤᠷ ᠢ ᠠᠳᠬᠤᠬᠤ ᠳᠤ ᠤᠷᠤᠮ ᠲᠠᠢ᠂ ᠠᠯᠬᠤᠭᠠᠳ | ᠭᠠᠷᠣᠪᠠᠯ ᠮᠦᠷ ᠲᠠᠢ︾ ᠪᠠ ᠬᠠᠳᠠᠭᠠᠰᠤ ᠬᠠᠳᠠᠬᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠪᠣᠳᠠᠲᠠᠢ ᠶᠢ | ᠲᠡᠷᠢᠭᠦᠨ ᠳᠤ ᠲᠠᠯᠪᠢᠬᠤ᠂ ᠠᠵᠢᠯᠯᠠᠬᠤ ᠶᠢ ᠲᠡᠷᠢᠭᠦᠨ ᠳᠤ ᠲᠠᠯᠪᠢᠬᠤ ᠶᠢ ᠢᠮᠠᠭᠲᠠ ᠪᠠᠷᠢᠮᠲᠠᠯᠠᠵᠤ᠂ ᠳᠡᠭᠡᠳᠦ ᠲᠤᠤᠷᠠᠳᠤ | ᠱᠠᠳᠤ ᠪᠠᠷ ᠢᠶᠠᠨ ᠰᠡᠳᠬᠢᠯ ᠨᠢᠭᠡᠳᠴᠦ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ | ᠬᠥᠭᠵᠢᠯᠲᠡ ᠶᠢ ᠬᠠᠮᠲᠤᠪᠠᠷ ᠰᠦᠪᠡᠭᠴᠢᠯᠡᠬᠦ ᠬᠦᠴᠦᠷᠬᠡᠭ ᠶᠡᠭᠡ ᠬᠠᠮᠲᠤᠷᠠᠯ ᠬᠦᠴᠦᠨ ᠢ ᠦᠨᠡᠨᠬᠦ ᠪᠦᠷᠢᠯᠳᠦᠭᠦᠯᠬᠦ | ᠬᠡᠷᠡᠭᠲᠡᠢ ᠭᠡᠵᠦ ᠴᠢᠬᠤᠯᠠᠴᠢᠯᠠᠪᠠ᠃ ︽ᠦᠵᠡᠯᠲᠡ ᠪᠠᠨ ᠬᠤᠪᠢᠷᠠᠭᠤᠯᠬᠤ᠂ ᠰᠤᠷᠲᠠᠯ ᠢᠶᠠᠨ ᠴᠢᠩᠭᠠᠳᠬᠠᠬᠤ᠂ ᠣᠷᠴᠢᠨ | ᠲᠣᠭᠤᠷᠢᠨ ᠢ ᠰᠢᠯᠢᠳᠡᠭᠵᠢᠭᠦᠯᠬᠦ᠂ ᠨᠠᠶᠢᠳᠠᠪᠤᠷᠢᠵᠢᠭᠤᠯᠤᠯᠲᠠ ᠶᠢ ᠴᠢᠬᠤᠯᠠᠴᠢᠯᠠᠬᠤ᠂ ᠳᠦᠷᠢ ᠲᠥᠷᠬᠦ ᠶᠢ ᠪᠣᠶ ᠪᠣᠯᠭᠠᠬᠤ | ︾ ᠰᠤᠷᠤᠯᠴᠠᠨ ᠦᠢᠯᠡᠳᠦᠯᠭᠡᠵᠢᠭᠦᠯᠬᠦ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠵᠣᠷᠢᠭᠲᠠᠶ ᠪᠠᠷ | ᠠᠳᠬᠤᠨ ᠵᠣᠷᠢᠭᠲᠠᠶ ᠪᠠᠷ ᠬᠠᠮᠢᠶᠠᠷᠬᠤ᠂ ᠪᠣᠳᠠᠲᠠᠶ ᠪᠠᠷ ᠠᠵᠢᠯᠯᠠᠨ ᠬᠠᠷᠢᠭᠤᠴᠠᠯᠭ᠎ᠠ ᠡᠭᠦᠷᠭᠡᠯᠡᠬᠦ᠂ ᠬᠠᠲᠠᠭᠤ ᠲᠠᠢ | ᠬᠠᠯᠳᠠᠬᠤ᠂ ᠡᠷᠡᠯᠬᠡᠭᠯᠡᠨ ᠤᠷᠤᠭᠰᠢᠯᠠᠬᠤ ᠶᠢ ᠪᠡᠶᠡᠯᠡᠭᠦᠯᠵᠦ᠂ ᠡᠯ᠎ᠡ ᠵᠦᠢᠯ ᠤᠨ ᠠᠵᠢᠯ ᠳᠤ ᠦᠨᠡᠨ ᠪᠣᠳᠠᠲᠠᠶ ᠦᠷ᠎ᠡ | ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠤᠷᠢᠭ᠎ᠠ ᠱᠤᠭᠤᠮ ᠤᠨ ᠤᠯᠠᠭᠠᠨ ᠱᠤᠭᠤᠮ ᠢ ᠢᠮᠠᠭᠲᠠ | ᠴᠢᠩᠭ᠎ᠠ ᠰᠠᠬᠢᠵᠤ᠂ ᠰᠠᠬᠢᠯᠭ᠎ᠠ ᠪᠠᠲᠤ ᠶᠢᠨ ᠤᠬᠠᠮᠰᠠᠷ ᠪᠣᠯᠤᠨ ᠶᠣᠰᠣ ᠲᠦᠷᠢᠮ ᠤᠨ ᠤᠬᠠᠮᠰᠠᠷ ᠢ ᠪᠠᠲᠤ ᠪᠤᠢ ᠪᠣᠯᠭᠠᠵᠤ | ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ᠂ ᠪᠣᠳᠠᠲᠠᠢ ᠠᠵᠢᠯᠯᠠᠬᠤ ᠶᠢ ᠡᠷᠬᠢᠮᠯᠡᠬᠦ ᠭᠦᠨ ᠵᠤᠵᠠᠭᠠᠨ ᠠᠭᠤᠷ | ᠠᠮᠢᠰᠬᠤᠯ ᠢ ᠦᠨᠡᠨᠬᠦ ᠪᠤᠢ ᠪᠣᠯᠭᠠᠬᠤ ᠬᠡᠷᠡᠭᠲᠡᠢ᠃ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠶᠢᠨ ᠠᠵᠢᠯ ᠤᠨ | ᠱᠠᠭᠠᠷᠳᠠᠯᠭ᠎ᠠ ᠶᠢ ᠬᠢᠨᠠᠮᠠᠭᠠᠶ ᠡᠮᠬᠢᠯᠡᠨ ᠳᠢᠭᠯᠡᠵᠦ᠂ ᠬᠠᠷᠠᠯᠲᠠ ᠡᠭᠦᠷᠭᠡ ᠪᠠᠨ ᠲᠣᠳᠣᠷᠬᠠᠶᠢᠯᠠᠨ᠂ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠢᠶᠠᠨ ᠨᠠᠷᠢᠯᠢᠬᠵᠢᠭᠤᠯᠵᠤ᠂ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠵᠤ | ᠂ ᠴᠠᠭ ᠤᠨ ᠬᠢᠵᠠᠭᠠᠷ ᠤᠨ ᠪᠠᠷᠢᠮᠵᠢᠶ᠎ᠠ ᠶᠢ ᠬᠡᠮᠵᠢᠶᠡᠯᠡᠵᠦ᠂ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ | ᠵᠢᠭᠰᠠᠭᠠᠵᠤ᠂ ᠡᠯᠭᠦᠭᠡ ᠵᠢᠷᠤᠭ ᠢᠶᠠᠷ ᠪᠠᠶᠢᠯᠳᠤᠵᠤ᠂ ᠠᠵᠤ ᠠᠬᠤᠶ ᠶᠢᠨ ︽ᠬᠠᠭᠠᠰ ᠵᠢᠯ ᠳᠤ ᠲᠣᠭᠲᠠᠭᠤᠨ ᠪᠠᠶᠢᠵᠤ᠂ | ᠬᠤᠣᠰ ᠬᠠᠭᠠᠰ ᠢ ᠥᠩᠭᠡᠷᠡᠭᠦᠯᠬᠦ︾ ᠶᠢ ᠦᠨᠡᠨ ᠬᠦ ᠪᠠᠲᠤᠯᠠᠵᠤ᠂ ᠡᠭᠦᠨ ᠤ ᠤᠯᠠᠮ ᠢᠶᠠᠷ ︽ᠪᠥᠬᠦ ᠵᠢᠯ ᠳᠤ | ᠲᠣᠭᠲᠠᠭᠤᠨ ᠪᠠᠶᠢᠵᠤ᠂ ᠪᠥᠬᠦ ᠵᠢᠯ ᠳᠤ ᠢᠯᠠᠯᠲᠠ ᠤᠯᠬᠤ︾ ᠶᠢ ᠪᠡᠶᠡᠯᠡᠭᠦᠯᠵᠦ᠂ ᠬᠥᠯᠥᠨ ᠪᠤᠶᠢᠷ ᠤᠨ ᠬᠡᠯᠪᠡᠷᠢ ᠪᠠᠨ | ᠬᠤᠪᠢᠷᠠᠭᠤᠯᠤᠨ ᠬᠥᠭᠵᠢᠬᠦ᠂ ᠪᠣᠬᠢᠷᠲᠤᠯ ᠥᠬᠡᠶ ᠬᠥᠭᠵᠢᠬᠦ᠂ ᠴᠢᠨᠠᠷ ᠰᠠᠶᠢᠲᠠᠶ ᠬᠥᠭᠵᠢᠬᠦ ᠶᠢ ᠠᠬᠢᠭᠤᠯᠬᠤ ᠳᠤ ᠨᠠᠩ | ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠶ᠃ | |