ᠸᠠ ᠳ᠋ᠢ ᠰᠢᠶᠠᠩ᠄ ᠠᠶᠢᠯ ᠲᠣᠰᠬᠤᠨ  ᠢᠶᠠᠨ  ᠨᠣᠭᠤᠭᠠᠷᠠᠭᠤᠯᠣᠨ  ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ  ᠢᠶᠠᠨ ᠴᠢᠮᠡᠭᠯᠡᠨ᠎ᠡ
ᠨᠡᠶᠢᠲᠡᠯᠡᠭᠰᠡᠨ ᠴᠠᠭ᠄
2022/5/23
    ᠨᠢᠭᠡ ᠵᠢᠯ ᠳᠤ ᠬᠠᠪᠤᠷ ᠤᠨ ᠦᠵᠡᠮᠵᠢ  ᠬᠠᠮᠤᠭ ᠰᠠᠶᠢᠬᠠᠨ᠂ ᠮᠣᠳᠣ  ᠲᠠᠷᠢᠵᠤ ᠨᠣᠭᠤᠭᠠᠷᠠᠬᠤ ᠨᠢ ᠶᠠᠭ ᠴᠠᠭ ᠲᠠᠭᠠᠨ ᠪᠢᠯᠡ᠃ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠠᠶᠢᠵᠢᠷᠠᠭᠤᠯᠬᠤ ᠶᠢᠨ ᠲᠥᠯᠥᠭᠡ᠂ ᠠᠶᠢᠯ ᠲᠣᠰᠬᠤᠨ ᠤ ᠪᠦᠬᠦᠯᠢ ᠴᠣᠭᠴᠠ ᠶᠢᠨ ᠳᠦᠷᠰᠦ ᠪᠠᠶᠢᠳᠠᠯ ᠢ ᠳᠡᠭᠡᠭᠰᠢᠯᠡᠭᠦᠯᠵᠦ᠂ ᠸᠠ ᠳ᠋ᠢ ᠰᠢᠶᠠᠩ ᠤᠨ ᠬᠢᠨ ︽ᠦᠵᠡᠯᠲᠡ ᠪᠠᠨ ᠬᠤᠪᠢᠷᠠᠭᠤᠯᠬᠤ᠂ ᠰᠤᠷᠲᠠᠯ ᠢᠶᠠᠨ ᠴᠢᠩᠭᠠᠳᠬᠠᠬᠤ ᠂ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠨᠠᠶᠢᠳᠠᠪᠤᠷᠢᠵᠢᠭᠤᠯᠬᠤ ᠶᠢ ᠴᠢᠬᠤᠯᠠᠴᠢᠯᠠᠬᠤ᠂ ᠳᠦᠷᠢ ᠲᠥᠷᠬᠦ ᠶᠢ ᠪᠣᠶ ᠪᠣᠯᠭᠠᠬᠤ︾ ᠰᠤᠷᠤᠯᠴᠠᠨ ᠦᠢᠯᠡᠳᠦᠯᠭᠡᠵᠢᠭᠦᠯᠬᠦ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠵᠠᠯᠠᠨ ᠠᠶᠢᠯ ᠬᠤᠲᠠ ᠶᠢᠨ ᠬᠥᠳᠡᠭᠡ ᠲᠣᠰᠬᠤᠨ ᠢ ᠨᠣᠭᠤᠭᠠᠷᠠᠭᠤᠯᠵᠤ ᠭᠤᠶᠤᠵᠢᠭᠤᠯᠬᠤ ᠠᠵᠢᠯᠯᠠᠭ᠎ᠠ ᠶᠢᠨ ᠰᠣᠳᠣᠨ ᠵᠢᠱᠢᠶ᠎ᠡ ᠦᠵᠡᠭᠦᠯᠬᠦ ᠲᠣᠰᠬᠤᠨ ᠤ ᠲᠥᠷᠥᠯ ᠵᠦᠢᠯ ᠢ ᠤᠯᠬᠤ ᠪᠠᠷ ᠢᠳᠡᠪᠬᠢᠲᠡᠶ ᠴᠢᠷᠮᠠᠶᠢᠵᠤ᠂ ᠰᠠᠶᠢᠵᠢᠷᠠᠬᠤ ᠲᠣᠰᠬᠤᠨ ᠤ ᠨᠣᠭᠤᠭᠠᠷᠠᠭᠤᠯᠤᠯᠲᠠ ᠬᠦᠷᠦᠯᠴᠡᠬᠦ ᠥᠬᠡᠶ ᠪᠠᠶᠢᠬᠤ ᠠᠰᠠᠭᠤᠳᠠᠯ  ᠢ ᠬᠦᠴᠦᠯᠡᠨ ᠰᠢᠢᠳᠪᠦᠷᠢᠯᠡᠵᠦ᠂ ᠪᠣᠬᠢᠷᠲᠤᠯ ᠥᠬᠡᠶ᠂ ᠣᠷᠣᠰᠢᠨ ᠰᠠᠭᠤᠬᠤ ᠳᠤ ᠲᠣᠬᠢᠷᠠᠮᠵᠢᠲᠠᠶ ᠠᠶᠢᠯ ᠲᠣᠰᠬᠤᠨ ᠢ ᠪᠥᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠤᠨ᠎ᠠ     ᠲᠣᠬᠢᠷᠠᠮᠵᠢᠲᠠᠶ ᠭᠠᠵᠠᠷ ᠲᠤ ᠲᠣᠬᠢᠷᠠᠮᠵᠢᠲᠠᠶ ᠨᠣᠭᠤᠭᠠᠷᠠᠭᠤᠯᠬᠤ ᠵᠠᠷᠴᠢᠮ ᠶᠣᠰᠣᠭᠠᠷ᠂  ᠰᠠᠶᠢᠵᠢᠷᠠᠬᠤ ᠲᠣᠰᠬᠤᠨ ᠤ ᠪᠠᠶᠢᠭᠠᠯᠢ ᠶᠢᠨ ᠨᠥᠬᠦᠴᠡᠯ᠂ ᠪᠦᠬᠦᠯᠢ ᠴᠣᠭᠴᠠ ᠶᠢᠨ ᠲᠥᠯᠥᠪᠵᠢᠭᠦᠯᠭᠡ᠂ ᠪᠥᠲᠥᠭᠡᠨ ᠪᠠᠶᠢᠭᠤᠯᠤᠯᠲᠠ ᠶᠢᠨ ᠬᠡᠪ ᠨᠠᠮᠪᠠ ᠲᠠᠢ ᠤᠶᠠᠯᠳᠤᠭᠤᠯᠤᠨ᠂ ᠬᠥᠳᠡᠭᠡ ᠲᠣᠰᠬᠤᠨ ᠤ ᠬᠤᠶᠠᠷ ᠱᠠᠲᠤᠨ ᠤ ᠠᠵᠢᠯᠲᠠᠳ ᠲᠤ ᠣᠯᠠᠨ ᠤᠳᠠᠭ᠎ᠠ ᠲᠤᠬᠠᠶ ᠶᠢᠨ ᠭᠠᠵᠠᠷ ᠲᠤᠨᠢ ᠬᠠᠶᠢᠨ ᠪᠠᠶᠢᠴᠠᠭᠠᠯᠲᠠ ᠬᠢᠵᠦ᠂ ᠭᠠᠵᠠᠷ ᠰᠣᠩᠭᠤᠬᠤ᠂ ᠮᠣᠳᠣᠨ ᠤ ᠲᠥᠷᠥᠯ᠂ ᠳᠠᠷᠢᠬᠤ ᠪᠠ ᠰᠡᠭᠦᠯᠴᠢ ᠶᠢᠨ ᠬᠤᠭᠤᠴᠠᠭᠠᠨ ᠤ ᠠᠷᠠᠴᠢᠯᠠᠯᠲᠠ ᠵᠡᠷᠭᠡ ᠲᠠᠯ᠎ᠠ ᠪᠠᠷ ᠲᠤᠰᠬᠠᠶᠢᠵᠢᠭᠰᠠᠨ ᠵᠢᠷᠤᠭ ᠲᠥᠯᠥᠪᠯᠡᠭᠡ ᠬᠢᠬᠦ ᠶᠢᠨ ᠬᠠᠮᠲᠤ ᠨᠠᠷᠢᠨ ᠨᠢᠭᠲᠠ ᠳᠠᠷᠢᠬᠤ ᠲᠥᠰᠦᠯ ᠲᠣᠭᠲᠠᠭᠠᠬᠤ ᠬᠡᠷᠡᠭᠲᠡᠶ᠃    ᠲᠠᠷᠢᠮᠠᠯ ᠤᠨ ᠲᠥᠰᠦᠯ ᠢ ᠦᠨᠳᠦᠰᠦᠯᠡᠪᠡᠯ᠂  ᠰᠠᠶᠢᠵᠢᠷᠠᠬᠤ ᠲᠣᠰᠬᠤᠨ ᠤ ᠵᠢᠷᠭᠤᠳᠤᠭᠠᠷ ᠳᠤᠭᠤᠶᠢᠯᠠᠩ ᠤᠨ ᠰᠤᠷᠭᠠᠨ ᠬᠥᠮᠦᠵᠢᠯ ᠤᠨ ᠵᠠᠮ ᠵᠢᠴᠢ ᠣᠶᠢᠷ᠎ᠠ ᠬᠠᠪᠢ ᠶᠢᠨ ᠭᠤᠳᠤᠮᠵᠢ ᠶᠢᠨ ᠵᠠᠮ᠂ ᠨᠢᠭᠡᠳᠦᠭᠡᠷ ᠳᠤᠭᠤᠶᠢᠯᠠᠩ ᠤᠨ ᠡᠯ ᠳ᠋ᠤᠤ ᠵᠡᠭᠡᠯᠢ ᠳᠤ 1200 ᠭᠠᠷᠤᠶ ᠰᠢᠬᠢᠷ ᠪᠠᠲᠤᠴᠠᠭᠠᠨ ᠮᠣᠳᠣ ᠳᠠᠷᠢᠵᠤ᠂ ᠠᠶᠢᠯ ᠲᠣᠰᠬᠤᠨ ᠤ ᠨᠣᠭᠤᠭᠠᠷᠠᠭᠤᠯᠤᠯᠲᠠ ᠶᠢᠨ ᠪᠦᠷᠬᠦᠴᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠭᠰᠡᠨ ᠪᠠᠶᠢᠨ᠎ᠠ᠃ ᠡᠭᠦᠨ ᠤ ᠬᠠᠮᠲᠤ᠂ ᠨᠣᠭᠤᠭᠠᠨ ᠰᠢᠪᠡᠭᠡ ᠲᠠᠷᠢᠬᠤ ᠪᠠᠷ ᠳᠠᠮᠵᠢᠭᠤᠯᠵᠤ᠂  ᠰᠠᠶᠢᠵᠢᠷᠠᠬᠤ ᠲᠣᠰᠬᠤᠨ ᠤ ᠵᠢᠷᠭᠤᠳᠤᠭᠠᠷ ᠳᠤᠭᠤᠶᠢᠯᠠᠩ ᠤᠨ ᠭᠤᠣᠯ ᠵᠡᠭᠡᠯᠢ ᠶᠢᠨ ᠬᠤᠳᠠᠯᠳᠤᠭᠠᠨ ᠤ ᠫᠦᠰᠡ ᠪᠣᠯᠤᠨ ᠵᠠᠮ ᠤᠨ ᠳᠤᠮᠳᠠᠬᠢ ᠬᠤᠭᠤᠰᠣᠨ ᠭᠠᠵᠠᠷ᠂ ᠬᠥᠭᠦᠷᠭᠡ ᠶᠢᠨ ᠦᠵᠦᠭᠦᠷ ᠤᠨ ᠬᠤᠭᠤᠰᠣᠨ ᠭᠠᠵᠠᠷ ᠢ ᠪᠠᠭ᠎ᠠ ᠬᠡᠯᠪᠡᠷᠢ ᠶᠢᠨ ᠰᠣᠶᠣᠯ ᠤᠨ ᠠᠵᠢᠯᠯᠠᠭ᠎ᠠ ᠶᠢᠨ ᠠᠭᠤᠳᠠᠮ ᠲᠠᠯᠠᠪᠠᠢ ᠠᠴᠠ ᠢᠯᠭᠠᠨ ᠭᠠᠷᠭᠠᠵᠤ᠂ ᠠᠮᠢ ᠠᠬᠤᠢ ᠶᠢ ᠬᠥᠭᠵᠢᠭᠦᠯᠦᠨ ᠮᠠᠨᠳᠤᠭᠤᠯᠬᠤ ᠪᠠ ᠰᠣᠶᠣᠯ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠤᠶᠠᠯᠳᠤᠭᠤᠯᠬᠤ ᠶᠢ ᠪᠡᠶᠡᠯᠡᠭᠦᠯᠵᠡᠢ᠃ ᠡᠭᠦᠨ ᠠᠴᠠ ᠭᠠᠳᠠᠨ᠎ᠠ᠂ ᠸᠠ ᠳ᠋ᠢ ᠰᠢᠶᠠᠩ ᠤᠨ ᠬᠢᠨ ᠣᠶ ᠮᠣᠳᠣᠨ ᠤ ᠰᠡᠭᠦᠯᠴᠢ ᠶᠢᠨ ᠬᠤᠭᠤᠴᠠᠭᠠᠨ ᠤ ᠠᠷᠠᠴᠢᠯᠠᠨ ᠬᠠᠮᠠᠭᠠᠯᠠᠬᠤ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠣᠯᠠᠨ ᠵᠦᠢᠯ ᠤᠨ ᠠᠷᠭ᠎ᠠ ᠵᠠᠮ ᠢᠶᠠᠷ ᠣᠯᠠᠨ ᠲᠦᠮᠡᠨ ᠤ ᠣᠶ ᠮᠣᠳᠣ ᠶᠢ ᠬᠠᠶᠢᠷᠠᠯᠠᠨ ᠬᠠᠮᠠᠭᠠᠯᠠᠬᠤ ᠤᠬᠠᠮᠰᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠪᠠ ᠬᠠᠮᠠᠭᠠᠯᠠᠯᠲᠠ ᠶᠢᠨ ᠲᠣᠣᠷ ᠲᠣᠬᠢᠷᠠᠭᠤᠯᠵᠤ ᠪᠠᠶᠢᠭᠠᠳ ᠦᠬᠡᠷ ᠬᠤᠨᠢ ᠵᠡᠷᠭᠡ ᠮᠠᠯ ᠤᠨ ᠮᠣᠳᠣ ᠢᠳᠡᠬᠦ ᠠᠴᠠ ᠰᠡᠷᠭᠡᠶᠢᠯᠡᠬᠦ ᠰᠠᠭᠤᠷᠢᠨ ᠳᠡᠭᠡᠷ᠎ᠡ᠂ ᠲᠠᠷᠢᠶᠠᠯᠠᠩ ᠤᠨ ᠮᠡᠷᠭᠡᠵᠢᠯ ᠤᠨ ᠪᠠᠲᠤᠯᠠᠭ᠎ᠠ ᠶᠢᠨ ᠲᠥᠪ ᠤᠨ ᠮᠡᠷᠭᠡᠵᠢᠯᠲᠡᠨ ᠢ ᠲᠣᠮᠢᠯᠠᠨ ᠮᠥᠷᠳᠡᠨ ᠵᠢᠯᠣᠭᠤᠳᠴᠤ᠂ ᠴᠢᠬᠢ ᠮᠣᠳᠣ ᠵᠠᠶᠢᠯᠠᠬᠤ᠂ ᠴᠢᠬᠢ ᠮᠣᠳᠣ ᠶᠢ ᠬᠠᠮᠢᠶᠠᠷᠴᠤ ᠬᠠᠮᠠᠭᠠᠯᠠᠬᠤ ᠬᠤᠭᠤᠴᠠᠭᠠᠨ ᠳᠠᠬᠢ ᠮᠡᠷᠭᠡᠵᠢᠯ ᠤᠨ ᠦᠢᠯᠡᠴᠢᠯᠡᠭᠡ ᠶᠢ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠠᠷ ᠵᠠᠶᠢᠯᠠᠬᠤ ᠶᠢ ᠪᠠᠷᠢᠮᠲᠠᠯᠠᠨ᠂ ᠮᠣᠳᠣ ᠵᠠᠶᠢᠯᠠᠬᠤ ᠶᠠᠰᠤ ᠴᠢᠨᠠᠷ ᠢ ᠳᠡᠭᠡᠭᠰᠢᠯᠡᠭᠦᠯᠵᠦ᠂ ᠡᠳᠡᠭᠡᠷᠡᠯᠲᠡ ᠶᠢᠨ ᠨᠤᠷᠮ᠎ᠠ ᠶᠢ ᠪᠠᠲᠤᠯᠠᠵᠤ᠂ ᠨᠢᠭᠡ ᠰᠠᠭᠤᠷᠢ ᠮᠣᠳᠣ ᠰᠠᠭᠤᠯᠭᠠᠪᠠᠯ ᠨᠢᠭᠡ ᠰᠠᠭᠤᠷᠢ ᠤᠷᠭᠤᠵᠤ᠂ ᠨᠢᠭᠡ ᠬᠡᠰᠡᠭ ᠲᠠᠷᠢᠪᠠᠯ ᠨᠢᠭᠡ ᠬᠡᠰᠡᠭ ᠨᠣᠭᠤᠭᠠᠯᠠᠬᠤ ᠶᠢ ᠦᠨᠡᠨ ᠬᠦ ᠪᠠᠲᠤᠯᠠᠨ᠎ᠠ᠃    ᠳᠠᠷᠠᠭᠠᠴᠢ ᠶᠢᠨ ᠠᠯᠬᠤᠮ ᠳᠤ᠂ ᠸᠠ ᠳ᠋ᠢ ᠰᠢᠶᠠᠩ ᠶᠡᠷᠦᠩᠬᠡᠢ ᠱᠦᠵᠢ ᠰᠢ ᠶᠢᠨ ᠫᠢᠩ  ᠤᠨ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ︾ ᠭᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠦᠷᠭᠦᠯᠵᠢᠯᠡᠨ ᠦᠢᠯᠡᠳᠦᠯᠭᠡᠵᠢᠭᠦᠯᠵᠦ᠂ ︽ᠦᠵᠡᠯᠲᠡ ᠪᠠᠨ ᠬᠤᠪᠢᠷᠠᠭᠤᠯᠬᠤ᠂ ᠰᠤᠷᠲᠠᠯ ᠢᠶᠠᠨ ᠴᠢᠩᠭᠠᠳᠬᠠᠬᠤ᠂ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠨᠠᠶᠢᠳᠠᠪᠤᠷᠢᠵᠢᠭᠤᠯᠤᠯᠲᠠ ᠶᠢ ᠴᠢᠬᠤᠯᠠᠴᠢᠯᠠᠬᠤ᠂ ᠳᠦᠷᠢ ᠲᠥᠷᠬᠦ ᠶᠢ ᠪᠤᠶ ᠪᠣᠯᠭᠠᠬᠤ︾ ᠰᠤᠷᠤᠯᠴᠠᠨ ᠦᠢᠯᠡᠳᠦᠯᠭᠡᠵᠢᠭᠦᠯᠬᠦ ᠠᠵᠢᠯᠯᠠᠭ᠎ᠠ ᠶᠢᠨ ᠦᠷ᠎ᠡ ᠪᠦᠲᠦᠭᠡᠯ ᠢ ᠪᠣᠳᠠᠲᠤ ᠠᠵᠢᠯᠯᠠᠭ᠎ᠠ ᠳᠡᠭᠡᠷ᠎ᠡ ᠪᠠᠨ ᠪᠦᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠵᠤ᠂ ᠠᠶᠢᠯ ᠲᠣᠰᠬᠤᠨ ᠢ ᠨᠣᠭᠤᠭᠠᠷᠠᠭᠤᠯᠤᠨ ᠭᠤᠶᠤᠵᠢᠭᠤᠯᠬᠤ ᠠᠵᠢᠯ ᠢ ᠰᠠᠶᠢᠲᠤᠷ ᠠᠳᠬᠤᠵᠤ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠴᠢᠬᠤᠯᠠ ᠠᠷᠭ᠎ᠠ ᠬᠡᠮᠵᠢᠶ᠎ᠡ ᠪᠣᠯᠤᠭᠰᠠᠨ ᠤ ᠬᠤᠪᠢ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠶᠡᠭᠡ ᠪᠠᠷ ᠬᠡᠷᠡᠭᠵᠢᠭᠦᠯᠬᠦ ᠴᠢᠬᠤᠯᠠ ᠢᠨᠵᠧᠨᠧᠷᠢᠩ ᠪᠣᠯᠤᠭᠰᠠᠨ ᠤ ᠬᠤᠪᠢ ᠳᠤ᠂ ᠠᠷᠠᠳ ᠤᠨ ᠠᠮᠢᠳᠤᠷᠠᠯ ᠤᠨ ᠨᠠᠩ ᠣᠯᠠᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠪᠠᠷ ᠴᠢᠷᠮᠠᠶᠢᠵᠤ᠂ ᠠᠶᠢᠯ ᠲᠣᠰᠬᠤᠨ ᠤ ᠳᠣᠲᠣᠷᠠᠬᠢ ᠭᠠᠵᠠᠷ ᠰᠢᠷᠣᠶ ᠶᠢ ᠨᠣᠭᠤᠭᠠᠷᠠᠭᠤᠯᠤᠨ ᠨᠣᠭᠤᠭᠠᠷᠠᠭᠤᠯᠵᠤ᠂ ᠨᠣᠭᠤᠭᠠᠨ ᠥᠩᠭᠡ ᠶᠢ ᠨᠡᠮᠡᠭᠳᠡᠭᠦᠯᠦᠨ᠂ ᠤᠭᠤᠲᠠ ᠴᠡᠴᠡᠷᠯᠢᠭ ᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠪᠠᠷ ᠪᠥᠲᠥᠭᠡᠨ ᠪᠠᠶᠢᠭᠤᠯᠵᠤ᠂ ᠨᠢᠭᠡ ᠤᠯᠠᠷᠢᠯ ᠳᠤ ᠴᠡᠴᠡᠭ ᠲᠠᠢ᠂ ᠳᠥᠷᠪᠡᠨ ᠤᠯᠠᠷᠢᠯ ᠳᠤ ᠨᠣᠭᠤᠭᠠᠷᠠᠬᠤ᠂ ᠠᠮᠢ ᠠᠬᠤᠶ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠶ᠂ ᠲᠣᠰᠬᠤᠨ ᠤ ᠰᠤᠷᠲᠠᠯ ᠪᠣᠯᠪᠠᠰᠤᠨ ᠬᠥᠳᠡᠭᠡ ᠲᠣᠰᠬᠤᠨ ᠤ ᠪᠣᠬᠢᠷᠲᠤᠯ ᠥᠬᠡᠶ ᠠᠮᠢ ᠠᠬᠤᠶ ᠶᠢᠨ ᠦᠵᠡᠮᠵᠢ ᠶᠢ ᠴᠢᠷᠮᠠᠶᠢᠨ ᠪᠣᠶ ᠪᠣᠯᠭᠠᠵᠤ᠂ ᠬᠥᠳᠡᠭᠡ ᠲᠣᠰᠬᠤᠨ ᠢ ᠨᠠᠩ ᠦᠵᠡᠰᠬᠦᠯᠡᠩᠲᠦ ᠰᠠᠶᠢᠬᠠᠨ᠂ ᠨᠠᠩ ᠣᠷᠣᠰᠢᠨ ᠰᠠᠭᠤᠬᠤ ᠳᠤ ᠲᠣᠬᠢᠷᠠᠮᠵᠢᠲᠠᠶ ᠪᠣᠯᠭᠠᠵᠤ᠂ ᠲᠣᠰᠬᠤᠨ ᠤ ᠠᠷᠠᠳ ᠤᠨ ᠵᠣᠯ ᠵᠢᠷᠭᠠᠯ ᠤᠨ ᠰᠡᠳᠬᠢᠭᠳᠡᠯ ᠪᠠ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠨᠡᠮᠡᠭᠳᠡᠭᠦᠯᠦᠨ᠎ᠡ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号