ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠱᠦᠵᠢ ᠪᠠᠶ ᡁᠢ ᠵᠢᠶᠦ᠋ᠨ ᠶᠢᠰᠦᠳᠦᠭᠡᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 35 ᠳ᠋ᠤᠭᠠᠷ ᠬᠤᠷᠠᠯᠳᠤᠭᠠᠨ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/6/17
     
     6 ᠰᠠᠷ᠎ᠠ ᠶᠢᠨ 13      ᠤ ᠡᠳᠦᠷ᠂ ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠱᠦᠵᠢ ᠪᠠᠶ ᡁᠢ ᠵᠢᠶᠦ᠋ᠨ ᠶᠢᠰᠦᠳᠦᠭᠡᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 35 ᠳ᠋ᠤᠭᠠᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠳᠠ ᠶᠢᠨ ᠬᠤᠯᠪᠣᠭᠳᠠᠯ ᠪᠦᠬᠦᠢ ᠬᠤᠷᠠᠯ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠦᠨᠳᠦᠰᠦᠲᠡᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠦᠶᠡᠷ ᠢ ᠰᠡᠷᠭᠡᠶᠢᠯᠡᠬᠦ ᠠᠵᠢᠯ᠂ ᠲᠥᠪ ᠤᠨ ᠣᠷᠴᠢᠨ ᠠᠬᠤᠶ ᠶᠢᠨ ᠬᠠᠮᠠᠭᠠᠯᠠᠯᠲᠠ ᠶᠢ ᠰᠢᠪᠠᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ᠂  ᠡᠵᠡᠩᠨᠡᠨ ᠬᠤᠳᠠᠯᠳᠣᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠵᠡᠷᠭᠡ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ  ᠤᠨ ᠰᠧᠴᠤᠸᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠡᠷᠭᠡ ᠠᠭᠤᠯᠭ᠎ᠠ ᠶᠢ ᠤᠯᠠᠮᠵᠢᠯᠠᠨ ᠰᠤᠷᠤᠯᠴᠠᠵᠠᠢ᠃ ᠬᠤᠷᠠᠯ ᠠᠴᠠ ᠴᠢᠬᠤᠯᠠᠴᠢᠯᠠᠭᠰᠠᠨ ᠨᠢ᠂ ᠲᠣᠭᠲᠠᠭᠤᠨ ᠤ ᠳᠣᠮᠳᠠ ᠣᠷᠣᠭᠰᠢᠯᠠᠬᠤ ᠠᠵᠢᠯ ᠤᠨ ᠶᠡᠷᠦᠩᠬᠡᠶ ᠬᠥᠭ ᠠᠶᠠᠰ ᠢ ᠢᠮᠠᠭᠲᠠ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠵᠦ᠂ ᠠᠵᠤ ᠠᠬᠤᠶ ᠶᠢᠨ ᠲᠣᠭᠲᠠᠭᠤᠨ ᠬᠥᠭᠵᠢᠯᠲᠡ ᠶᠢ ᠪᠠᠲᠤᠯᠠᠬᠤ ᠬᠡᠷᠡᠭᠲᠡᠶ᠃ ᠦᠶᠡᠷ ᠢ ᠰᠡᠷᠭᠡᠶᠢᠯᠡᠵᠦ ᠭᠠᠮᠰᠢᠭ ᠢ ᠰᠡᠷᠭᠡᠶᠢᠯᠡᠬᠦ ᠠᠵᠢᠯ ᠢ ᠲᠤᠪᠤᠶᠢᠮ᠎ᠠ ᠰᠠᠶᠢᠲᠤᠷ ᠠᠳᠬᠤᠵᠤ ᠂ ᠮᠢᠨᠴᠦᠭᠦᠷᠡᠬᠦ ᠦᠵᠡᠯ ᠰᠠᠨᠠᠭ᠎ᠠ ᠶᠢ ᠡᠷᠡᠰ ᠲᠡᠪᠴᠢᠵᠦ᠂ ᠠᠵᠠ ᠵᠠᠪᠰᠢᠶᠠᠨ ᠢ ᠡᠷᠢᠬᠦ ᠰᠡᠳᠬᠢᠴᠡ ᠶᠢ ᠦᠨᠡᠨᠬᠦ  ᠲᠠᠶᠠᠭᠳᠠᠵᠣ᠂ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠠᠲᠤᠳᠬᠠᠵᠤ᠂ ᠪᠠᠬᠢᠯᠡᠯᠲᠡ ᠶᠢ ᠴᠢᠩᠭ᠎ᠠ ᠰᠠᠬᠢᠵᠤ᠂ ᠴᠢᠩᠭ᠎ᠠ ᠰᠡᠷᠭᠡᠶᠢᠯᠡᠨ  ᠰᠠᠬᠢᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠬᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠰᠠᠨᠠᠯ ᠪᠣᠯᠤᠨ ᠰᠦᠨ ᠱᠤᠤ ᠹᠧᠩ ᠱᠦᠵᠢ ᠶᠢᠨ ᠣᠪᠣᠷ ᠢᠶᠠᠨ ᠢᠯᠡᠳᠬᠡᠭᠰᠡᠨ ᠶᠠᠷᠢᠶ᠎ᠠ ᠵᠡᠷᠭᠡ ᠠᠭᠤᠯᠭ᠎ᠠ ᠶᠢ ᠤᠯᠠᠮᠵᠢᠯᠠᠨ ᠰᠤᠷᠤᠯᠴᠠᠵᠠᠢ᠃ ᠬᠤᠷᠠᠯ ᠠᠴᠠ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠬᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠠᠵᠢᠯ ᠢ ᠡᠷᠡᠰ ᠰᠠᠶᠢᠲᠤᠷ ᠠᠳᠬᠤᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠪᠣᠯᠤᠨ ᠠᠮᠢ ᠠᠬᠤᠢ ᠶᠢᠨ ᠣᠷᠴᠢᠨ ᠲᠣᠭᠤᠷᠢᠨ ᠤ ᠥᠨᠳᠥᠷ ᠲᠦᠪᠰᠢᠨ ᠤ ᠬᠠᠮᠠᠭᠠᠯᠠᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠬᠰᠠᠨ ᠠᠰᠠᠭᠤᠳᠠᠯ ᠢ ᠲᠡᠷᠡ ᠬᠡᠪ ᠢᠶᠠᠷ ᠨᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃      ᠬᠤᠷᠠᠯ ᠠᠴᠠ ᠪᠦᠬᠦ ᠬᠤᠳᠠ ᠶᠢᠨ ᠦᠨᠳᠦᠰᠦᠲᠡᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ ᠪᠠᠲᠤᠯᠠᠪᠠ᠃ ᠬᠤᠷᠠᠯ ᠠᠴᠠ᠂ ᠤᠬᠠᠮᠰᠠᠷ ᠠᠴᠠ ᠪᠠᠨ ︽ᠬᠤᠶᠠᠷ ᠢ ᠬᠠᠮᠠᠭᠠᠯᠠᠬᠤ︾ ᠳᠡᠭᠡᠳᠦ ᠬᠡᠮᠵᠢᠶᠡᠨ ᠠᠴᠠ ᠦᠨᠳᠦᠰᠦᠲᠡᠨ ᠤ ᠠᠵᠢᠯ ᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠬᠥᠭᠵᠢᠯᠲᠡ ᠶᠢᠨ ᠰᠠᠭᠤᠷᠢ ᠶᠢ ᠲᠠᠰᠤᠷᠠᠯᠲᠠ ᠦᠭᠡᠢ ᠪᠠᠲᠤᠳᠬᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢ ᠬᠠᠮᠠᠭᠠᠯᠠᠬᠤ ᠬᠡᠷᠡᠭᠲᠡᠢ᠃    ᠬᠤᠷᠠᠯ ᠠᠴᠠ  ᠡᠵᠡᠩᠨᠡᠨ ᠬᠤᠳᠠᠯᠳᠣᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠠᠵᠢᠯ ᠢ ᠳᠠᠬᠢᠨ ᠲᠣᠬᠢᠷᠠᠭᠤᠯᠵᠤ ᠳᠠᠬᠢᠨ ᠪᠠᠶᠢᠷᠢᠯᠠᠭᠤᠯᠵᠠᠶ ᠃ ᠬᠤᠷᠠᠯ ᠠᠴᠠ᠂ ᠡᠯ᠎ᠡ ᠱᠠᠳᠤ ᠡᠯ᠎ᠡ ᠭᠠᠵᠠᠷ ᠡᠯ᠎ᠡ ᠰᠠᠯᠠᠭ᠎ᠠ ᠮᠥᠴᠢᠷ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠯᠠᠭᠠᠨ  ᠬᠤᠷᠢᠭ᠎ᠠ ᠱᠤᠭᠤᠮ ᠢ ᠪᠠᠲᠤ ᠰᠠᠬᠢᠵᠤ᠂  ᠡᠵᠡᠩᠨᠡᠨ ᠬᠤᠳᠠᠯᠳᠣᠭᠠᠯᠠᠬᠤ ᠣᠷᠴᠢᠨ ᠲᠣᠭᠤᠷᠢᠨ ᠤ ᠳᠤᠪᠤᠶᠢᠮ᠎ᠠ ᠠᠰᠠᠭᠤᠳᠠᠯ ᠢ ᠡᠷᠡᠰ ᠴᠡᠭᠴᠡᠯᠡᠨ ᠵᠠᠰᠠᠵᠤ᠂ ᠪᠡᠶ᠎ᠡ ᠪᠠᠷ ᠢᠶᠠᠨ ᠬᠡᠪ ᠳᠦᠷᠢᠮ ᠪᠤᠯᠵᠤ᠂ ᠳᠡᠭᠡᠳᠦ ᠱᠠᠳᠤ ᠨᠢ ᠳᠤᠤᠷᠠᠳᠦ ᠱᠠᠳᠤ ᠪᠠᠨ ᠳᠠᠶᠢᠴᠢᠯᠠᠵᠤ᠂ ᠪᠦᠬᠦ ᠬᠤᠳᠠ ᠶᠢᠨ ᠨᠠᠮ ᠤᠨ ᠰᠤᠷᠲᠠᠯ ᠵᠠᠰᠠᠭ ᠤᠨ ᠰᠤᠷᠲᠠᠯ ᠤᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号