ᠬᠥᠯᠥᠨ ᠪᠤᠶᠢᠷ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠯᠢᠦᠶ ᠬᠦᠶ ᠾᠧ ᠨᠡᠷ ᠠᠵᠤ ᠠᠬᠤᠶᠢᠯᠠᠯ ᠤᠨ ᠬᠤᠯᠪᠣᠭᠠᠯᠠᠯ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2022/6/17
   
      6 ᠰᠠᠷ᠎ᠠ ᠶᠢᠨ 10      ᠤ ᠡᠳᠦᠷ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠯᠢᠦᠶ ᠬᠦᠶ ᠾᠧ ᠨᠡᠷ ᠵᠠᠯᠠᠨ ᠠᠶᠢᠯ ᠬᠤᠲᠠ ᠶᠢᠨ ᠬᠥᠯᠥᠨ ᠪᠤᠶᠢᠷ ᠤᠨ ᠵᠡᠭᠦᠨ ᠬᠤᠶᠢᠲᠤ ᠶᠢᠨ ᠹᠦ᠋  ᠹᠧᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠬᠢᠪᠠ᠃ ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠠᠩ ᠯᠢ ᠵᠢᠶᠦ᠋ᠨ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠯᠢ ᠳ᠋ᠦᠩ ᠹᠠᠩ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠴᠧᠨ ᠾᠦᠢ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃     ᠶᠠᠷᠢᠯᠴᠠᠬᠤ ᠬᠤᠷᠠᠯ ᠳᠡᠭᠡᠷ᠎ᠡ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠠᠴᠠ ᠠᠵᠤ ᠠᠬᠤᠶᠢᠯᠠᠯ ᠤᠨ ᠦᠨᠳᠦᠰᠦᠨ ᠪᠠᠶᠢᠳᠠᠯ᠂ ᠠᠵᠤ ᠦᠢᠯᠡᠰ ᠤᠨ ᠬᠥᠭᠵᠢᠯᠲᠡ ᠶᠢᠨ ᠣᠳᠣᠬᠢ ᠪᠠᠶᠢᠳᠠᠯ᠂ ᠠᠵᠤ ᠦᠢᠯᠡᠰ ᠤᠨ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ᠂ ᠦᠢᠯᠡᠳᠬᠦᠨ ᠤ ᠪᠣᠷᠣᠯᠠᠭᠤᠯᠭ᠎ᠠ᠂ ᠴᠢᠳᠠᠪᠤᠷᠢᠲᠠᠨ ᠤᠷᠢᠬᠤ ᠵᠡᠷᠭᠡ ᠪᠠᠶᠢᠳᠠᠯ ᠤᠨ ᠲᠤᠬᠠᠢ ᠲᠠᠨᠢᠯᠴᠠᠭᠤᠯᠪᠠ᠃ ᠯᠢᠦᠶ ᠬᠦᠶ ᠾᠧ ᠹᠦ᠋ ᠹᠧᠩ ᠺᠣᠮᠫᠠᠨᠢ ᠶᠢᠨ ᠠᠵᠢᠯ ᠤᠨ ᠣᠯᠤᠭᠰᠠᠨ ᠠᠮᠵᠢᠯᠲᠠ ᠪᠦᠲᠦᠮᠵᠢ ᠶᠢ ᠭᠦᠶ᠋ᠴᠡᠳ ᠨᠤᠲᠠᠯᠠᠬᠤ ᠶᠢᠨ ᠬᠠᠮᠲᠤ  ᠡᠵᠡᠩᠨᠡᠨ ᠬᠤᠳᠠᠯᠳᠣᠭᠠᠯᠠᠬᠤ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ᠂ ᠠᠵᠤ ᠠᠬᠤᠶᠢᠯᠠᠯ ᠤᠨ ᠲᠣᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠬᠤ ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ ᠳᠤᠷᠠᠳᠪᠠ᠃     ᠯᠢᠦᠶ ᠬᠦᠶ ᠾᠧ ᠢᠯᠡᠷᠬᠡᠶᠢᠯᠡᠬᠦ ᠳᠡᠭᠡᠨ᠂ ᠹᠦ᠋ ᠹᠧᠩ ᠺᠣᠮᠫᠠᠨᠢ ᠪᠣᠯ ᠣᠷᠣᠨ ᠨᠤᠲᠤᠭ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠴᠢᠬᠤᠯᠠ ᠠᠵᠤ ᠠᠬᠤᠶᠢᠯᠠᠯ ᠮᠥᠨ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠵᠤ ᠠᠬᠤᠶᠢᠯᠠᠯ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠶᠢ ᠦᠷᠭᠦᠯᠵᠢᠯᠡᠨ ᠬᠠᠯᠠᠮᠵᠢᠯᠠᠵᠤ᠂ ᠠᠵᠤ ᠠᠬᠤᠶᠢᠯᠠᠯ ᠢ ᠢᠳᠡᠪᠬᠢᠲᠡᠶ ᠪᠠᠷ ᠬᠠᠪᠰᠤᠷᠤᠨ ᠬᠥᠭᠵᠢᠯᠲᠡ ᠶᠢᠨ ᠪᠡᠷᠬᠡ  ᠠᠰᠠᠭᠤᠳᠠᠯ ᠢ ᠨᠢ  ᠰᠢᠢᠳᠪᠦᠷᠢᠯᠡᠵᠦ᠂ ᠠᠵᠤ ᠠᠬᠤᠶᠢᠯᠠᠯ ᠳᠤ ᠰᠠᠶᠢᠨ ᠰᠠᠶᠢᠬᠠᠨ ᠠᠵᠢᠯᠯᠠᠭᠠᠨ ᠤ ᠠᠭᠤᠷ ᠠᠮᠢᠰᠬᠤᠯ ᠢ ᠪᠣᠶ ᠪᠣᠯᠭᠠᠵᠤ᠂ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠠᠵᠤ ᠠᠬᠤᠶ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ ᠭᠡᠵᠡᠶ᠃ ᠠᠵᠤ ᠠᠬᠤᠶᠢᠯᠠᠯ ᠤᠨ ᠲᠤᠰ ᠪᠡᠶ᠎ᠡ ᠨᠢ ᠰᠠᠨᠠᠭᠠᠴᠢᠯᠠᠭ᠎ᠠ ᠠᠴᠠ ᠪᠠᠨ ᠡᠯ᠎ᠡ ᠱᠠᠲᠤ ᠡᠯ᠎ᠡ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠬᠠᠷᠢᠯᠴᠠᠭ᠎ᠠ ᠪᠠᠨ ᠴᠢᠩᠭᠠᠳᠬᠠᠵᠤ᠂ ᠤᠯᠤᠰ ᠠᠴᠠ ᠲᠣᠭᠲᠠᠭᠠᠭᠰᠠᠨ ᠰᠢᠨ᠎ᠡ ᠲᠥᠷᠥ ᠶᠢᠨ ᠪᠣᠳᠣᠯᠭ᠎ᠠ ᠰᠢᠨ᠎ᠡ ᠱᠠᠭᠠᠷᠳᠠᠯᠭ᠎ᠠ ᠶᠢ ᠴᠠᠭ ᠲᠤᠬᠠᠶ ᠳᠤᠨᠢ ᠣᠶᠢᠯᠠᠭᠠᠵᠤ᠂ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠬᠦᠴᠦᠨ ᠢ ᠭᠦᠢᠴᠡᠳ ᠪᠠᠳᠠᠷᠠᠭᠤᠯᠤᠨ ᠮᠠᠨ ᠤ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠳᠡᠮᠵᠢᠬᠦ ᠬᠡᠷᠡᠭᠲᠡᠶ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号