ᠵᠠᠯᠠᠨ ᠠᠶᠢᠯ ᠬᠤᠲᠠ ᠶᠢᠨ ᠬᠢᠨ ︽ᠬᠤᠶᠠᠷ ᠢ  ᠬᠦᠩᠭᠡᠷᠡᠭᠦᠯᠬᠦ︾ ᠠᠵᠢᠯ ᠢ ᠯᠠᠪᠳᠠᠭᠤᠨ ᠢᠶᠠᠷ ᠠᠬᠢᠭᠤᠯᠵᠤ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠭᠢᠯᠡᠨ᠎ᠡ
ᠨᠡᠶᠢᠲᠡᠯᠡᠭᠰᠡᠨ ᠴᠠᠭ᠄
2022/6/17
 
   ︽ᠬᠤᠶᠠᠷ ᠢ  ᠬᠦᠩᠭᠡᠷᠡᠭᠦᠯᠬᠦ︾ ᠲᠥᠷᠥ ᠶᠢᠨ ᠪᠣᠳᠣᠯᠭ᠎ᠠ ᠶᠢᠨ ᠳᠣᠤᠷᠠᠬᠢ ᠵᠢᠭᠠᠨ ᠰᠤᠷᠭᠠᠯᠲᠠ ᠶᠢᠨ ᠪᠠᠶᠢᠳᠠᠯ ᠢ ᠣᠶᠢᠯᠠᠭᠠᠬᠤ ᠶᠢᠨ ᠲᠥᠯᠥᠭᠡ᠂ ᠵᠠᠯᠠᠨ ᠠᠶᠢᠯ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢᠦ ᠱᠢ ᠶᠦᠩ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠰᠣᠶᠣᠯ ᠰᠤᠷᠭᠠᠨ ᠬᠥᠮᠦᠵᠢᠯ ᠡᠷᠡᠭᠦᠯ ᠬᠠᠮᠠᠭᠠᠯᠠᠯ ᠤᠨ ᠡᠲᠡᠭᠡᠳ ᠤᠨ ᠢᠯᠭᠠᠯ ᠤᠨ ᠭᠡᠰᠢᠭᠦᠳ ᠢ ᠳᠠᠭᠠᠭᠤᠯᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ︽ᠬᠤᠶᠠᠷ ᠢ  ᠬᠦᠩᠭᠡᠷᠡᠭᠦᠯᠬᠦ︾ ᠠᠵᠢᠯ ᠤᠨ ᠲᠤᠬᠠᠶ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠪᠠ᠃     ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠵᠠᠯᠠᠨ ᠠᠶᠢᠯ ᠬᠤᠲᠠ ᠶᠢᠨ ᠲᠤᠷᠰᠢᠯᠲᠠ ᠶᠢᠨ ᠪᠠᠭ᠎ᠠ ᠰᠤᠷᠭᠠᠭᠤᠯᠢ᠂ ᠦᠨᠳᠦᠰᠦᠲᠡᠨ ᠤ ᠪᠠᠭ᠎ᠠ ᠰᠤᠷᠭᠠᠭᠤᠯᠢ᠂ ᠳᠥᠷᠪᠡᠳᠦᠭᠡᠷ ᠳᠤᠮᠳᠠᠳᠤ ᠰᠤᠷᠭᠠᠭᠤᠯᠢ᠂ ᠤᠷᠠᠨ ᠵᠢᠷᠤᠭ ᠤᠨ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ᠰᠤᠷᠭᠠᠭᠤᠯᠢ᠂ ᠰᠢᠳᠢᠲᠦ ᠪᠡᠬᠡᠰ ᠤᠨ ᠰᠤᠷᠭᠠᠨ ᠬᠥᠮᠦᠵᠢᠯ ᠤᠨ ᠲᠥᠪ ᠲᠤ ᠬᠦᠷᠴᠦ᠂ ᠰᠤᠷᠭᠠᠨ ᠬᠥᠮᠦᠵᠢᠯ ᠵᠢᠭᠠᠨ ᠰᠤᠷᠭᠠᠯᠲᠠ᠂ ᠪᠠᠭᠰᠢ ᠶᠢᠨ ᠲᠣᠬᠢᠷᠠᠭᠤᠯᠤᠯᠲᠠ᠂ ᠤᠨᠴᠠᠯᠢᠬᠳᠤ ᠬᠢᠴᠢᠶᠡᠯ ᠤᠨ ᠲᠠᠩᠬᠢᠮ᠂ ᠴᠠᠭ ᠢ ᠤᠷᠲᠤᠳᠬᠠᠬᠤ ᠦᠢᠯᠡᠴᠢᠯᠡᠭᠡ᠂ ᠰᠤᠷᠭᠠᠭᠤᠯᠢ ᠶᠢᠨ ᠳᠣᠲᠣᠨ᠎ᠠ ᠭᠠᠳᠠᠨᠠᠬᠢ ᠬᠢᠨᠠᠯᠲᠠ ᠬᠠᠮᠢᠶᠠᠷᠤᠯᠲᠠ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠵᠡᠷᠭᠡ ᠠᠵᠢᠯ ᠤᠨ ᠪᠠᠶᠢᠳᠠᠯ ᠢ ᠣᠶᠢᠯᠠᠭᠠᠪᠠ᠃     ᠪᠠᠶᠢᠴᠠᠭᠠᠨ ᠰᠤᠳᠤᠯᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ︽ᠬᠤᠶᠠᠷ ᠢ ᠬᠥᠩᠭᠡᠷᠡᠭᠦᠯᠬᠦ︾ ᠠᠵᠢᠯ ᠪᠣᠯ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠮᠥᠨ ᠂ ᠳᠠᠷᠤᠭᠠᠰᠤ ᠶᠢ ᠬᠥᠩᠭᠡᠷᠡᠭᠦᠯᠬᠦ ᠪᠠ ᠦᠷ᠎ᠡ ᠠᠰᠢᠭ ᠢ ᠨᠡᠮᠡᠭᠳᠡᠭᠦᠯᠬᠦ᠂ ᠥᠭᠡᠷᠡᠴᠢᠯᠡᠯᠲᠡ ᠬᠢᠬᠦ ᠪᠠ ᠬᠥᠭᠵᠢᠭᠦᠯᠬᠦ ᠪᠣᠯ ᠣᠳᠣᠬᠠᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠳᠤ ᠲᠤᠯᠭᠠᠷᠠᠵᠤ ᠪᠠᠶᠢᠭ᠎ᠠ ᠴᠢᠬᠤᠯᠠ ᠴᠠᠭ ᠦᠶ᠎ᠡ ᠶᠢᠨ ᠰᠡᠳᠦᠪ ᠮᠥᠨ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠵᠢᠭᠠᠨ ᠰᠤᠷᠭᠠᠯᠲᠠ ᠶᠢᠨ ᠰᠤᠳᠤᠯᠭᠠᠨ ᠢᠶᠠᠨ ᠴᠢᠩᠭᠠᠳᠬᠠᠨ᠂ ︽ᠳᠠᠷᠤᠭᠠᠰᠤ ᠶᠢ ᠬᠥᠩᠭᠡᠯᠡᠵᠦ ᠴᠢᠨᠠᠷ ᠰᠠᠶᠢᠲᠠᠶ ᠪᠠᠶᠢᠬᠤ︾ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠵᠠᠭᠪᠤᠷ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ︽ᠬᠤᠶᠠᠷ ᠢ ᠬᠥᠩᠭᠡᠷᠡᠭᠦᠯᠬᠦ︾ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠳᠤ ᠬᠦᠴᠦᠨ ᠨᠡᠮᠡᠷᠢᠯᠡᠬᠦ ᠬᠡᠷᠡᠭᠲᠡᠶ᠃ ᠪᠠᠶᠢᠴᠠᠭᠠᠨ ᠰᠤᠳᠤᠯᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠬᠢᠨᠠᠯᠲᠠ ᠲᠠᠯᠪᠢᠬᠤ ᠨᠡᠶᠢᠯᠡᠮᠡᠯ ᠬᠦᠴᠦᠨ ᠢ ᠨᠢᠭᠲᠠᠷᠠᠭᠤᠯᠵᠤ᠂ ᠦᠷᠭᠦᠯᠵᠢᠯᠡᠨ ᠭᠦᠨᠵᠡᠭᠡᠶ ᠪᠠᠶᠢᠴᠠᠭᠠᠨ ᠰᠤᠳᠤᠯᠤᠯᠲᠠ ᠬᠢᠵᠦ᠂ ︽ᠬᠤᠶᠠᠷ ᠢ ᠬᠦᠩᠭᠡᠷᠡᠭᠦᠯᠬᠦ︾ ᠠᠵᠢᠯ ᠤᠨ ᠳᠤᠮᠳᠠ ᠠᠰᠠᠭᠤᠳᠠᠯ ᠢ ᠢᠯᠡᠷᠡᠭᠦᠯᠵᠦ᠂ ᠠᠰᠠᠭᠤᠳᠠᠯ ᠢ ᠰᠢᠢᠳᠪᠦᠷᠢᠯᠡᠬᠦ ᠳᠡᠭᠡᠨ ᠴᠢᠳᠠᠮᠠᠭᠠᠶ ᠪᠠᠶᠢᠵᠤ᠂ ᠰᠤᠷᠭᠠᠭᠤᠯᠢ ᠶᠢᠨ ᠳᠣᠲᠣᠷᠠᠬᠢ ᠪᠠ ᠰᠤᠷᠭᠠᠭᠤᠯᠢ ᠶᠢᠨ ᠭᠠᠳᠠᠨᠠᠬᠢ ᠬᠢᠨᠠᠨ ᠰᠢᠯᠭᠠᠬᠤ ᠰᠢᠰᠲ᠋ᠧᠮ ᠢ ᠲᠣᠭᠲᠠᠭᠠᠵᠤ᠂ ᠰᠤᠷᠭᠠᠭᠤᠯᠢ ᠶᠢᠨ ᠳᠣᠲᠣᠷᠠᠬᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠂ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠠᠭᠤᠯᠭ᠎ᠠ ᠶᠢ ᠪᠠᠶᠠᠯᠢᠭᠵᠢᠭᠤᠯᠬᠤ ᠬᠡᠷᠡᠭᠲᠡᠶ︔ ᠰᠤᠷᠭᠠᠭᠤᠯᠢ ᠶᠢᠨ ᠭᠠᠳᠠᠨᠠᠬᠢ ᠬᠢᠴᠢᠶᠡᠯ ᠤᠨ ᠲᠠᠩᠬᠢᠮ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ ᠂ ᠡᠮᠬᠢ ᠵᠢᠷᠤᠮ ᠥᠬᠡᠶ ᠥᠷᠢᠰᠥᠯᠳᠦᠭᠡᠨ ᠠᠴᠠ ᠡᠷᠡᠰ ᠵᠠᠶᠢᠯᠠᠰᠬᠢᠵᠦ᠂ ᠵᠢᠭᠠᠨ ᠰᠤᠳᠤᠯᠬᠤ ᠠᠵᠢᠯ ᠤᠨ ᠨᠠᠷᠢᠯᠢᠭ ᠣᠨᠣᠴᠠᠲᠠᠶ ᠴᠢᠨᠠᠷ ᠪᠠ ᠪᠣᠳᠠᠲᠤ ᠦᠷ᠎ᠡ ᠪᠦᠳᠦᠮᠵᠢᠳᠤ ᠴᠢᠨᠠᠷ ᠢ ᠴᠢᠷᠮᠠᠶᠢᠨ ᠳᠡᠭᠡᠭᠰᠢᠯᠡᠭᠦᠯᠬᠦ ᠬᠡᠷᠡᠭᠲᠡᠶ︔ ᠰᠢᠨᠵᠢᠯᠡᠬᠦ ᠤᠬᠠᠭᠠᠨᠴᠢ ᠰᠤᠷᠭᠠᠨ ᠬᠥᠮᠦᠵᠢᠯ ᠤᠨ ᠣᠶᠢᠯᠠᠭᠠᠭᠳᠠᠬᠤᠨ ᠪᠠ ︽ᠬᠤᠶᠠᠷ ᠢ ᠬᠦᠩᠭᠡᠷᠡᠭᠦᠯᠬᠦ︾ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠡᠷᠴᠢᠮ ᠢᠶᠠᠨ ᠴᠢᠩᠭᠠᠷᠠᠭᠤᠯᠵᠤ᠂ ᠨᠡᠶᠢᠭᠡᠮ ᠪᠠ ᠬᠡᠷ ᠤᠨ ᠠᠬᠠᠮᠠᠳ ᠤᠨ ︽ᠬᠤᠶᠠᠷ ᠢ  ᠬᠦᠩᠭᠡᠷᠡᠭᠦᠯᠬᠦ︾ ᠲᠥᠷᠥ ᠶᠢᠨ ᠪᠣᠳᠣᠯᠭ᠎ᠠ ᠶᠢᠨ ᠲᠤᠬᠠᠶ ᠣᠶᠢᠯᠠᠭᠠᠯᠲᠠ ᠶᠢ ᠬᠥᠲᠥᠯᠦᠨ ᠵᠢᠯᠣᠭᠤᠳᠴᠤ ᠂ ᠨᠡᠶᠢᠭᠡᠮ ᠤᠨ ᠬᠠᠮᠲᠤ ᠶᠢᠨ ᠲᠠᠨᠢᠯᠲᠠ ᠶᠢ ᠨᠡᠮᠡᠭᠳᠡᠭᠦᠯᠦᠨ᠂ ︽ᠬᠤᠶᠠᠷ ᠢ  ᠬᠦᠩᠭᠡᠷᠡᠭᠦᠯᠬᠦ︾ ᠠᠵᠢᠯ ᠤᠨ ᠪᠦᠲᠦᠮᠵᠢᠲᠡᠶ ᠥᠷᠨᠢᠬᠦ ᠶᠢ ᠠᠬᠢᠭᠤᠯᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠭᠢᠯᠡᠨ᠎ᠡ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号