ᠵᠠᠯᠠᠨ ᠠᠶᠢᠯ ᠬᠤᠲᠠ ᠨᠠᠰᠤᠵᠢᠯ ᠤᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/6/17
 
    ᠲᠦᠷᠦᠭᠦᠬᠡᠨ᠂ ᠵᠠᠯᠠᠨ ᠠᠶᠢᠯ ᠬᠤᠲᠠ ᠶᠢᠨ ᠬᠢᠨ ᠨᠠᠰᠤᠵᠢᠯ ᠤᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠠᠵᠢᠯ ᠢᠶᠠᠨ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠳᠤ ᠳᠠᠬᠢᠨ ᠲᠣᠬᠢᠷᠠᠭᠤᠯᠤᠯᠲᠠ᠂ ᠳᠠᠬᠢᠨ ᠪᠠᠶᠢᠷᠢᠯᠠᠭᠤᠯᠤᠯᠲᠠ ᠬᠢᠵᠡᠶ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠠᠩ ᠯᠢ ᠵᠢᠶᠦ᠋ᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠬᠤᠯᠪᠣᠭᠳᠠᠯ ᠪᠦᠬᠦᠢ ᠪᠦᠷᠢᠯᠳᠦᠬᠦᠨ ᠨᠢᠭᠡᠴᠡ  ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠠᠴᠠ ᠵᠢᠭᠠᠵᠦ ᠭᠠᠷᠭᠠᠭᠰᠠᠨ ᠨᠢ᠂ ᠨᠠᠰᠤᠵᠢᠯ ᠤᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶ᠋ᠢ ᠥᠷᠨᠢᠭᠦᠯᠦᠭᠰᠡᠨ ᠠᠴᠠ ᠨᠠᠰᠢ᠂ ᠡᠯ᠎ᠡ ᠪᠦᠷᠢᠯᠳᠦᠬᠦᠨ ᠨᠢᠭᠡᠴᠡ ᠶᠢᠨ ᠬᠢᠨ ᠤᠬᠠᠭᠤᠯᠤᠨ ᠳᠠᠶᠢᠴᠢᠯᠠᠬᠤ᠂ ᠠᠭᠤᠷ ᠠᠮᠢᠰᠬᠤᠯ ᠢ ᠪᠤᠢ ᠪᠣᠯᠭᠠᠬᠤ᠂ ᠨᠠᠶᠢᠳᠠᠪᠤᠷᠢᠵᠢᠭᠤᠯᠬᠤ ᠶᠢ ᠠᠬᠢᠭᠤᠯᠬᠤ ᠂ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠵᠡᠷᠭᠡ ᠲᠠᠯ᠎ᠠ ᠶᠢᠨ ᠠᠵᠢᠯᠯᠠᠭ᠎ᠠ ᠠᠴᠠ ᠪᠣᠳᠠᠲᠠᠢ ᠦᠷ᠎ᠡ ᠪᠦᠲᠦᠮᠵᠢ ᠣᠯᠵᠠᠢ᠃ ᠲᠠᠷᠠᠭᠠᠴᠢ ᠶᠢᠨ ᠠᠯᠬᠤᠮ ᠳᠤ᠂ ᠡᠯ᠎ᠡ ᠪᠦᠷᠢᠯᠳᠦᠬᠦᠨ ᠨᠢᠭᠡᠴᠡ ᠨᠦᠭᠦᠳ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠠᠵᠢᠯ ᠤᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠢ ᠦᠷᠭᠦᠯᠵᠢᠯᠡᠨ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠢᠯ ᠤᠨ ᠲᠤᠯᠭᠠᠮ᠎ᠠ ᠴᠢᠨᠠᠷ ᠪᠠ ᠬᠦᠨᠳᠦ ᠬᠡᠴᠡᠭᠦᠤ ᠴᠢᠨᠠᠷ ᠢ ᠭᠦᠢᠴᠡᠳ ᠲᠠᠨᠢᠵᠤ᠂ ᠠᠷᠠᠳ ᠣᠯᠠᠨ ᠤ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ ᠭᠡᠪᠡ᠃     ᠬᠤᠷᠠᠯ ᠠᠴᠠ ᠴᠢᠬᠤᠴᠢᠯᠠᠭᠰᠠᠨ ᠨᠢ᠂ ᠡᠯ᠎ᠡ ᠪᠦᠷᠢᠯᠳᠦᠬᠦᠨ ᠨᠢᠭᠡᠴᠡ ᠶᠢᠨ ᠬᠢᠨ ᠤᠯᠤᠰ ᠲᠦᠷᠦ ᠶᠢᠨ ᠵᠣᠭᠰᠣᠴᠠ ᠪᠠᠨ ᠦᠷᠭᠦᠯᠵᠢᠯᠡᠨ ᠳᠡᠭᠡᠭᠰᠢᠯᠡᠭᠦᠯᠵᠦ᠂ ᠠᠵᠢᠯ ᠤᠨ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ᠂ ᠪᠠᠴᠢᠮ ᠲᠤᠯᠭᠠᠮ᠎ᠠ ᠰᠡᠳᠬᠢᠯᠭᠡ ᠪᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠲᠤᠰᠬᠠᠢ ᠠᠵᠢᠯᠯᠠᠭ᠎ᠠ ᠶᠢ ᠦᠨᠡᠨ ᠪᠣᠳᠠᠲᠠᠢ ᠬᠢᠬᠦ᠂ ᠦᠨᠡᠨ ᠪᠣᠳᠠᠲᠠᠢ ᠠᠵᠢᠯᠯᠠᠬᠤ᠂ ᠪᠣᠳᠠᠲᠤ ᠦᠷ᠎ᠡ ᠪᠦᠲᠦᠮᠵᠢ ᠭᠠᠷᠭᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠢᠯᠡᠴᠢᠯᠡᠨ ᠮᠡᠳᠡᠭᠦᠯᠬᠦ ᠵᠠᠮ ᠢ ᠰᠠᠭᠠᠳ ᠦᠭᠡᠢ ᠨᠡᠪᠲᠡᠷᠡᠭᠦᠯᠵᠦ᠂ ᠤᠯᠠᠨ ᠲᠦᠮᠡᠨ ᠢ ᠬᠦᠲᠦᠯᠦᠨ ᠵᠢᠯᠣᠭᠤᠳᠴᠤ ᠪᠠᠶᠢᠭᠠᠳ ᠬᠠᠤᠯᠢ ᠲᠣᠭᠲᠠᠭᠠᠯ ᠶᠣᠰᠣᠭᠠᠷ ᠠᠰᠠᠭᠤᠳᠠᠯ ᠢ ᠵᠦᠢ ᠵᠣᠬᠢᠰᠲᠠᠢ ᠲᠤᠰᠬᠠᠵᠤ᠂ ᠣᠯᠤᠭᠰᠠᠨ ᠰᠦᠪᠡᠭᠴᠢ ᠶᠢ ᠴᠠᠭ ᠲᠤᠬᠠᠢ ᠳᠤᠨᠢ ᠴᠤᠭᠯᠠᠭᠤᠯᠤᠨ ᠡᠮᠬᠢᠳᠬᠡᠬᠦ ᠬᠡᠷᠡᠭᠲᠡᠢ᠃ ᠭᠤᠣᠯᠳᠠᠯᠭ᠎ᠠ ᠲᠠᠢ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠦᠷᠭᠦᠯᠵᠢᠯᠡᠨ ᠬᠦᠴᠦᠯᠡᠵᠦ᠂ ᠤᠬᠠᠭᠤᠯᠤᠨ ᠳᠠᠶᠢᠴᠢᠯᠠᠬᠤ ᠳᠤ ︽ᠥᠷᠭᠡᠨ︾᠂ ᠰᠦᠪᠡᠭᠴᠢ ᠶᠢ ᠬᠢᠨᠠᠨ ᠪᠠᠶᠢᠴᠠᠭᠠᠬᠤ  ᠳᠤ ︽ᠪᠣᠳᠠᠲᠠᠢ︾᠂ ᠴᠣᠬᠢᠯᠲᠠ ᠥᠭᠴᠦ ᠵᠠᠯᠬᠠᠭᠠᠨ ᠰᠢᠳᠬᠡᠬᠦ ᠳᠤ ︽ᠣᠨᠣᠪᠴᠢᠲᠠᠢ︾᠂ ᠪᠤᠵᠠᠷ ᠡᠳ᠋ ᠢ ᠨᠡᠬᠡᠮᠵᠢᠯᠡᠨ ᠬᠤᠬᠢᠷᠠᠯ ᠲᠠᠢ ᠬᠤᠯᠪᠣᠭᠠᠯᠠᠬᠤ ᠳᠤ ︽ᠲᠦᠷᠭᠡᠨ︾ ᠪᠠᠶᠢᠬᠤ ᠶᠢ ᠪᠡᠶᠡᠯᠡᠭᠦᠯᠵᠦ᠂ ᠲᠤᠰᠬᠠᠢ ᠠᠵᠢᠯᠯᠠᠭ᠎ᠠ ᠶᠢᠨ ᠠᠷᠠᠳ ᠤᠯᠠᠨ ᠤ ᠨᠢᠳᠦᠨ ᠳᠤ ᠦᠵᠡᠭᠳᠡᠬᠦ᠂ ᠰᠡᠷᠡᠵᠦ ᠮᠡᠳᠡᠬᠦ ᠦᠨᠡᠨ ᠪᠠᠶᠢᠳᠠᠯ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠠᠵᠢᠯ ᠤᠨ ᠡᠬᠡ ᠲᠠᠩᠰᠠ ᠶᠢ ᠪᠠᠶᠢᠭᠤᠯᠵᠤ᠂ ᠳᠤᠬᠢᠷᠠᠭᠤᠯᠵᠤ ᠬᠢᠨᠠᠨ ᠵᠢᠯᠣᠭᠤᠳᠬᠤ ᠪᠠᠨ ᠴᠢᠩᠭᠠᠳᠬᠠᠵᠤ᠂ ᠳᠡᠭᠡᠳᠦ ᠳᠤᠤᠷᠠᠳᠤ ᠱᠠᠳᠤ ᠪᠠᠷ ᠢᠶᠠᠨ ᠬᠤᠯᠪᠣᠭᠠᠯᠠᠨ ᠬᠥᠳᠡᠯᠦᠯᠴᠡᠬᠦ᠂ ᠬᠠᠷᠢᠯᠴᠠᠨ ᠬᠠᠮᠵᠢᠯᠴᠠᠨ ᠨᠠᠶᠢᠳᠠᠪᠤᠷᠢᠵᠢᠭᠤᠯᠤᠯᠲᠠ ᠶᠢ ᠠᠳᠬᠤᠬᠤ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠲᠤᠰᠬᠠᠢ ᠠᠵᠢᠯᠯᠠᠭ᠎ᠠ ᠶᠢᠨ ᠡᠯ᠎ᠡ ᠵᠦᠢᠯ ᠤᠨ ᠡᠭᠦᠷᠭᠡ ᠠᠷᠭ᠎ᠠ  ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ  ᠳᠤ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃  
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号