ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠱᠦᠵᠢ ᠪᠠᠶ ᡁᠢ ᠵᠢᠶᠦ᠋ᠨ ᠦᠶᠡᠷ ᠢ ᠰᠡᠷᠭᠡᠶᠢᠯᠡᠬᠦ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2022/6/21
    6 ᠰᠠᠷ᠎ᠠ ᠶᠢᠨ 15       ᠤ ᠡᠳᠦᠷ ᠠᠴᠠ 16       ᠤ ᠡᠳᠦᠷ ᠪᠣᠯᠲᠠᠯ᠎ᠠ᠂ ᠵᠠᠯᠠᠨ ᠠᠶᠢᠯ ᠬᠤᠲᠠ ᠶᠢᠨ ᠨᠠᠮ  ᠤᠨ ᠬᠤᠷᠢᠶᠠᠨ ᠤ ᠱᠦᠵᠢ ᠪᠠᠶ ᡁᠢ ᠵᠢᠶᠦ᠋ᠨ ᠤᠰᠤᠨ ᠴᠥᠭᠦᠷᠥᠮ᠂ ᠭᠤᠤᠯ ᠤᠨ ᠵᠠᠮ ᠢ ᠵᠠᠰᠠᠬᠤ ᠢᠨᠵᠧᠨᠧᠷᠢᠩ᠂ ᠴᠠᠭ ᠠᠭᠤᠷ ᠤᠨ ᠰᠠᠯᠠᠭ᠎ᠠ ᠮᠥᠴᠢᠷ ᠲᠤ ᠭᠦᠨᠵᠡᠭᠡᠶᠢᠷᠡᠨ ᠦᠶᠡᠷ ᠢ ᠰᠡᠷᠭᠡᠶᠢᠯᠡᠬᠦ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃ ᠲᠡᠷᠡ ᠱᠠᠭᠠᠷᠳᠠᠭᠰᠠᠨ ᠨᠢ᠂ ᠡᠯ᠎ᠡ ᠱᠠᠲᠤ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠦᠶᠡᠷ ᠢ ᠰᠡᠷᠭᠡᠶᠢᠯᠡᠬᠦ ᠠᠵᠢᠯ ᠢ ᠣᠳᠣᠬᠠᠨ ᠤ ᠴᠢᠬᠤᠯᠠ ᠠᠴᠠ ᠴᠢᠬᠤᠯᠠ ᠡᠭᠦᠷᠭᠡ ᠪᠣᠯᠭᠠᠨ ᠠᠳᠬᠤᠬᠤ ᠬᠡᠷᠡᠭᠲᠡᠶ᠂ ᠶᠠᠭᠠᠬᠢᠭᠰᠠᠨ ᠴᠤ ᠮᠢᠨᠴᠦᠭᠦᠷᠡᠨ ᠲᠠᠶᠢᠪᠤᠰᠢᠷᠠᠵᠤ ᠪᠣᠯᠬᠤ ᠦᠭᠡᠶ᠂ ᠪᠠᠷᠢᠮᠵᠢᠶ᠎ᠠ ᠪᠣᠯᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠦᠶᠡᠷ ᠢ ᠰᠡᠷᠭᠡᠶᠢᠯᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠡᠷᠲᠡᠬᠡᠨ ᠨᠠᠶᠢᠳᠠᠪᠤᠷᠢᠵᠢᠭᠤᠯᠵᠤ᠂ ᠦᠶᠡᠷ  ᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠦᠨᠡᠨᠬᠦ ᠪᠠᠲᠤᠯᠠᠵᠤ᠂ ᠠᠷᠠᠳ ᠣᠯᠠᠨ ᠤ ᠠᠮᠢ ᠨᠠᠰᠤ ᠪᠣᠯᠤᠨ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ ᠭᠡᠵᠡᠶ᠃ ᠬᠤᠲᠠ ᠶᠢᠨ ᠤᠳᠤᠷᠢᠳᠤᠯᠭ᠎ᠠ ᠵᠢᠶᠠᠩ ᠵᠢᠶᠦ᠋ᠨ ᠶᠦᠩ᠂ ᠮᠧᠩ ᠭᠠᠩ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    ᠶᠠᠩ ᠴᠢ ᠱᠠᠨ ᠤᠰᠤᠨ ᠴᠥᠭᠦᠷᠥᠮ᠂ ᠺᠣᠤ ᠱᠠᠨ ᠤᠰᠤᠨ ᠴᠥᠭᠦᠷᠥᠮ᠂ ᠰᠢᠤ ᠹᠧᠩ ᠤᠰᠤᠨ ᠴᠥᠭᠦᠷᠥᠮ᠂ ᠬᠤᠩ ᠰᠢᠩ ᠤᠰᠤᠨ ᠴᠥᠭᠦᠷᠥᠮ ᠳᠤ᠂ ᠪᠠᠢ ᡁᠢ ᠵᠢᠶᠦ᠋ᠨ ᠤᠰᠤᠨ ᠴᠥᠭᠦᠷᠥᠮ ᠤᠨ ᠬᠠᠰᠢᠯᠭ᠎ᠠ᠂ ᠦᠶᠡᠷ ᠵᠠᠯᠠᠬᠤ  ᠬᠠᠭᠠᠯᠲᠠ᠂ ᠦᠶᠡᠷ ᠲᠠᠪᠠᠷᠠᠭᠤᠯᠬᠤ ᠵᠠᠮ᠂ ᠤᠰᠤ ᠳᠠᠮᠵᠢᠭᠤᠯᠬᠤ ᠨᠦᠬᠡ ᠵᠡᠷᠭᠡ ᠲᠥᠬᠦᠭᠡᠷᠦᠮᠵᠢ ᠶᠢ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠤᠰᠤᠨ ᠴᠥᠭᠦᠷᠥᠮ ᠤᠨ ᠪᠠᠭᠲᠠᠭᠠᠮᠵᠢ᠂ ᠣᠳᠣᠬᠠᠨ ᠤ ᠤᠰᠤ ᠬᠠᠳᠠᠭᠠᠯᠠᠬᠤ ᠬᠡᠮᠵᠢᠶ᠎ᠡ᠂ ᠵᠢᠵᠢᠭᠦᠷᠯᠡᠨ ᠰᠠᠬᠢᠬᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠭᠰᠠᠨ ᠵᠡᠷᠭᠡ ᠲᠠᠯ᠎ᠠ ᠶᠢᠨ ᠪᠠᠶᠢᠳᠠᠯ ᠢ ᠨᠠᠷᠢᠨ ᠯᠠᠪᠯᠠᠨ ᠠᠰᠠᠭᠤᠪᠠ᠃  ᠪᠠᠢ ᡁᠢ ᠵᠢᠶᠦ᠋ᠨ᠂ ᠡᠨᠡ ᠵᠢᠯ ᠤᠨ ᠦᠶᠡᠷ ᠢ ᠰᠡᠷᠭᠡᠶᠢᠯᠡᠬᠦ ᠪᠠᠶᠢᠳᠠᠯ ᠬᠦᠨᠳᠦ ᠬᠡᠴᠡᠭᠦᠦ᠂ ᠳᠠᠷᠤᠯᠲᠠ ᠨᠡᠯᠢᠶᠡᠳ ᠶᠡᠭᠡ ᠪᠠᠶᠢᠨ᠎ᠠ᠂ ᠡᠯ᠎ᠡ ᠤᠰᠤᠨ ᠴᠥᠭᠦᠷᠥᠮ ᠤᠨ ᠬᠢᠨ ᠦᠶᠡᠷ ᠢ ᠰᠡᠷᠭᠡᠶᠢᠯᠡᠬᠦ ᠡᠯ᠎ᠡ ᠵᠦᠢᠯ ᠤᠨ ᠪᠡᠯᠡᠳᠬᠡᠯ ᠠᠵᠢᠯ ᠢ ᠲᠦᠷᠭᠡᠨ ᠰᠠᠶᠢᠲᠤᠷ ᠬᠢᠵᠦ᠂ ᠠᠵᠢᠯ ᠤᠨ ᠲᠤᠰᠬᠠᠢ ᠠᠩᠬᠢ ᠪᠠᠶᠢᠭᠤᠯᠵᠤ᠂ ᠬᠠᠮᠲᠤᠷᠠᠭᠰᠠᠨ ᠬᠤᠷᠠᠯ ᠤᠨ ᠲᠦᠷᠢᠮ ᠢ ᠪᠠᠶᠢᠭᠤᠯᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠴᠠᠭ ᠲᠤᠬᠠᠢ ᠳᠤᠨᠢ ᠵᠥᠪᠳᠡᠯᠴᠡᠨ ᠰᠤᠳᠤᠯᠤᠨ ᠮᠠᠭᠠᠳᠯᠠᠵᠤ᠂ ᠭᠡᠮ ᠰᠣᠭᠤᠭ ᠢ ᠪᠦᠬᠦ ᠲᠠᠯ᠎ᠠ ᠪᠠᠷ ᠪᠠᠶᠢᠴᠠᠭᠠᠵᠤ᠂ ᠨᠠᠷᠢᠨ ᠲᠠᠩᠰᠠ ᠶᠢ ᠡᠮᠬᠢᠯᠡᠵᠦ᠂ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠵᠤ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢᠨ ᠴᠡᠭ ᠢ ᠴᠠᠭ ᠲᠤᠬᠠᠢ ᠳᠤᠨᠢ ᠠᠷᠢᠯᠭᠠᠵᠤ᠂ ᠡᠷᠡᠰ ᠢᠶᠠᠷ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠬᠡᠷᠡᠭᠲᠡᠢ ᠭᠡᠵᠦ ᠬᠡᠯᠡᠪᠡ᠃ ᠪᠠᠴᠢᠮ ᠪᠠᠶᠢᠳᠠᠯ ᠢ ᠠᠷᠭᠠᠴᠠᠬᠤ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠪᠠᠴᠢᠮ ᠪᠠᠶᠢᠳᠠᠯ ᠢ ᠠᠷᠭᠠᠴᠠᠨ  ᠰᠢᠢᠳᠪᠦᠷᠢᠯᠡᠬᠦ ᠰᠣᠷᠢᠯᠲᠠ ᠶᠢ ᠤᠷᠢᠳᠴᠢᠯᠠᠨ ᠰᠠᠶᠢᠲᠤᠷ ᠬᠢᠵᠦ᠂ ᠦᠶᠡᠷ ᠢ ᠰᠡᠷᠭᠡᠶᠢᠯᠡᠬᠦ ᠡᠳ᠋ ᠪᠣᠳᠠᠰ ᠤᠨ ᠨᠥᠭᠡᠴᠡᠯᠡᠯᠲᠡ ᠶᠢ ᠴᠢᠩᠭᠠᠳᠬᠠᠵᠤ᠂ ᠬᠡᠯᠪᠡᠷᠢ ᠶᠢᠨ ᠦᠵᠡᠯ ᠭᠠᠷᠭᠠᠬᠤ ᠶᠢ ᠤᠭᠳᠤ ᠵᠥᠪᠰᠢᠶᠡᠷᠡᠬᠦ ᠦᠭᠡᠢ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠪᠣᠳᠠᠲᠤ ᠬᠡᠷᠡᠭᠴᠡᠭᠡ ᠲᠠᠢ ᠪᠥᠭᠡᠳ ᠲᠤᠰᠠᠲᠠᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠲᠣᠭᠤᠷᠢᠨ ᠪᠠᠶᠢᠴᠠᠭᠠᠵᠤ ᠲᠣᠭᠤᠷᠢᠨ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠬᠢᠨᠠᠨ ᠡᠵᠡᠮᠳᠡᠬᠦ ᠲᠣᠣᠷ ᠰᠦᠯᠵᠢᠶ᠎ᠡ ᠶᠢ ᠲᠡᠭᠦᠯᠳᠡᠷᠵᠢᠭᠦᠯᠵᠦ᠂ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠲᠥᠬᠦᠭᠡᠷᠦᠮᠵᠢ ᠶᠢ ᠦᠷᠭᠦᠯᠵᠢ ᠪᠠᠶᠢᠴᠠᠭᠠᠬᠤ ᠪᠠ ᠬᠠᠮᠠᠭᠠᠯᠠᠵᠤ᠂ ᠦᠶᠡᠷ ᠵᠠᠯᠠᠬᠤ ᠵᠠᠮ ᠵᠢᠴᠢ ᠳᠤᠤᠷᠠᠳᠤ ᠤᠷᠤᠰᠬᠠᠯ ᠤᠨ ᠭᠤᠣᠯ ᠤᠨ ᠵᠠᠮ ᠢ ᠨᠡᠪᠲᠡᠷᠡᠭᠦᠯᠬᠦ ᠪᠠ ᠡᠷᠭᠢ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠦᠶᠡᠷ ᠵᠠᠯᠠᠬᠤ ᠠᠮᠤᠷ ᠲᠦᠪᠰᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠬᠡᠷᠡᠭᠲᠡᠢ᠃ ᠤᠯᠤᠰ  ᠲᠥᠷᠥ ᠶᠢᠨ ᠪᠤᠳᠤᠯᠭ᠎ᠠ ᠶᠢᠨ ᠱᠠᠭᠠᠷᠳᠠᠯᠭ᠎ᠠ ᠲᠠᠢ ᠤᠶᠠᠯᠳᠤᠭᠤᠯᠤᠨ᠂ ᠲᠥᠷᠥᠯ ᠵᠦᠢᠯ ᠪᠣᠯᠤᠨ ᠪᠡᠯᠡ ᠮᠥᠩᠭᠦ ᠶᠢ ᠢᠳᠡᠪᠬᠢᠲᠡᠶ ᠪᠠᠷ ᠴᠢᠷᠮᠠᠶᠢᠨ ᠣᠯᠵᠤ᠂ ᠤᠰᠤᠨ ᠴᠥᠭᠦᠷᠥᠮ  ᠤᠨ ᠠᠶᠤᠯ ᠢ ᠠᠷᠢᠯᠭᠠᠨ ᠪᠠᠬᠢᠯᠡᠬᠦ ᠠᠵᠢᠯ ᠢ ᠴᠠᠭ ᠲᠤᠬᠠᠶ ᠲᠤᠨᠢ ᠰᠠᠶᠢᠲᠤᠷ ᠬᠢᠵᠦ᠂ ᠡᠯ᠎ᠡ ᠲᠥᠷᠥᠯ ᠤᠨ ᠪᠡᠯᠡᠳᠬᠡᠮᠵᠢ ᠲᠥᠬᠦᠭᠡᠷᠦᠮᠵᠢ ᠶᠢ ᠲᠠᠰᠤᠷᠠᠯᠳᠠ ᠥᠭᠡᠢ ᠲᠡᠭᠦᠯᠳᠡᠷᠵᠢᠭᠦᠯᠬᠦ ᠬᠡᠷᠡᠭᠲᠡᠶ᠃    ᠸᠧ ᠨᠢᠤ ᠾᠧ ᠪᠠᠯᠭᠠᠰᠤᠨ ᠤ ᠡᠯ ᠳ᠋ᠤᠤ ᠴᠢᠶᠣᠤ ᠭᠤᠣᠯ ᠤᠨ ᠵᠠᠮ ᠢ ᠵᠠᠰᠠᠬᠤ ᠢᠨᠵᠧᠨᠧᠷᠢᠩ ᠤᠨ ᠲᠤᠬᠠᠢ ᠶᠢᠨ ᠲᠠᠯᠠᠪᠠᠢ ᠳᠤ᠂ ᠪᠠᠢ ᡁᠢ ᠵᠢᠶᠦ᠋ᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠪᠠᠶᠢᠳᠠᠯ ᠢ ᠨᠠᠷᠢᠨ ᠯᠠᠪᠯᠠᠨ ᠠᠰᠠᠭᠤᠪᠠ᠃ ᠲᠡᠷᠡ ᠱᠠᠭᠠᠷᠳᠠᠭᠰᠠᠨ ᠨᠢ᠂ ᠪᠠᠷᠢᠯᠭ᠎ᠠ ᠶᠢᠨ ᠠᠵᠢᠯ ᠤᠨ ᠠᠬᠢᠴᠠ ᠶᠢ ᠲᠦᠷᠭᠡᠳᠬᠡᠵᠦ᠂ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠨ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠠᠷᠢᠯᠭ᠎ᠠ ᠶᠢᠨ ᠠᠵᠢᠯ ᠢ ᠠᠮᠤᠷ ᠲᠦᠪᠰᠢᠨ ᠢᠶᠠᠷ ᠵᠢᠷᠤᠮᠵᠢᠭᠤᠯᠤᠨ᠂ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ  ᠬᠡᠷᠡᠭᠲᠡᠢ᠃    ᠬᠤᠳᠠ ᠶᠢᠨ ᠴᠠᠭ ᠠᠭᠤᠷ ᠤᠨ  ᠲᠣᠪᠴᠢᠶ᠎ᠠ ᠳᠤ᠂ ᠪᠠᠢ ᡁᠢ ᠵᠢᠶᠦ᠋ᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠵᠢᠯᠤᠭᠤᠳᠤᠯᠭ᠎ᠠ ᠶᠢᠨ ᠪᠠᠶᠢᠯᠳᠤᠭᠠᠨ ᠤ ᠰᠢᠰᠲᠧᠮ᠂ ᠤᠶᠤᠨᠲᠤ ᠴᠠᠭ ᠠᠭᠤᠷ ᠤᠨ ᠲᠠᠪᠴᠠᠩ ᠤᠨ ᠪᠠᠶᠢᠭᠤᠯᠤᠯᠲᠠ᠂ ᠴᠠᠭ ᠠᠭᠤᠷ ᠤᠨ ᠤᠷᠢᠳᠴᠢᠯᠠᠨ ᠰᠡᠷᠡᠮᠵᠢᠯᠡᠭᠦᠯᠬᠦ ᠦᠢᠯᠡᠴᠢᠯᠡᠭᠡᠨ ᠤ ᠲᠣᠭᠲᠠᠴᠠ ᠵᠡᠷᠭᠡ ᠲᠠᠯ᠎ᠠ ᠶᠢᠨ ᠪᠠᠶᠢᠳᠠᠯ ᠢ ᠨᠠᠷᠢᠨ ᠬᠢᠨᠠᠮᠠᠭᠠᠢ ᠣᠶᠢᠯᠠᠭᠠᠪᠠ᠃ ᠪᠠᠶ ᡁᠢ ᠵᠢᠶᠦ᠋ᠨ᠂ ᠴᠠᠭ ᠠᠭᠤᠷ ᠨᠢ ᠣᠨᠴᠠᠭᠠᠶ ᠴᠠᠭ ᠠᠭᠤᠷ ᠢ ᠰᠡᠷᠭᠡᠶᠢᠯᠡᠨ ᠠᠷᠭᠠᠴᠠᠬᠤ ᠳᠤ ᠲᠦᠢᠯ ᠤᠨ ᠴᠢᠬᠤᠯᠠ ᠦᠢᠯᠡᠳᠦᠯ ᠦᠵᠡᠭᠦᠯᠵᠦ ᠪᠠᠶᠢᠳᠠᠭ᠂ ᠴᠠᠭ ᠠᠭᠤᠷ ᠤᠨ ᠰᠠᠯᠠᠭ᠎ᠠ ᠮᠥᠴᠢᠷ ᠤᠨ ᠬᠢᠨ ᠪᠦᠬᠦ ᠲᠠᠯ᠎ᠠ ᠶᠢᠨ ᠤᠬᠠᠮᠰᠠᠷ ᠢᠶᠠᠨ ᠴᠢᠨᠠᠭᠰᠢᠳᠠ ᠳᠡᠭᠡᠭᠰᠢᠯᠡᠭᠦᠯᠵᠦ᠂ ᠤᠰᠤᠨ ᠠᠰᠢᠭᠯᠠᠯᠲᠠ᠂ ᠮᠠᠯ ᠠᠵᠤ ᠠᠬᠤᠢ ᠲᠠᠷᠢᠶᠠᠯᠠᠩ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠯᠦᠭᠡ ᠶᠢᠨ ᠤᠯᠤᠯᠴᠠᠭ᠎ᠠ ᠬᠠᠷᠢᠯᠴᠠᠭ᠎ᠠ ᠪᠠᠨ ᠴᠢᠩᠭᠠᠳᠬᠠᠵᠤ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢᠨ ᠠᠷᠭ᠎ᠠ ᠵᠠᠮ  ᠢ ᠰᠢᠯᠤᠭᠤᠳᠬᠠᠵᠤ᠂ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠷᠢᠨ ᠣᠨᠤᠪᠴᠢᠲᠠᠢ ᠪᠦᠭᠡᠳ ᠥᠨᠳᠥᠷ ᠪᠦᠲᠦᠮᠵᠢᠲᠡᠢ ᠤᠷᠢᠳᠴᠢᠯᠠᠨ ᠰᠡᠷᠡᠮᠵᠢᠯᠡᠭᠦᠯᠵᠦ᠂ ᠴᠠᠭ ᠠᠭᠤᠷ ᠤᠨ ᠦᠢᠯᠡᠴᠢᠯᠡᠭᠡ ᠶᠢ ᠴᠠᠭ ᠲᠤᠬᠠᠢ ᠳᠤᠨᠢ ᠰᠠᠶᠢᠲᠤᠷ ᠬᠢᠵᠦ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号