ᠡᠷᠡᠭᠦᠯ ᠪᠣᠯᠪᠠᠰᠤᠨ ᠥᠭᠡᠳᠡᠷᠬᠡᠭ ᠠᠮᠢᠳᠤᠷᠠᠯ ᠤᠨ ᠣᠶᠢᠯᠠᠭᠠᠭᠳᠠᠬᠤᠨ ᠢ ᠢᠳᠡᠪᠬᠢᠲᠡᠶ ᠰᠠᠨᠠᠭᠠᠴᠢᠯᠠᠵᠤ᠂ ᠰᠣᠶᠣᠯ | ᠪᠡᠶ᠎ᠡ ᠶᠢᠨ ᠲᠠᠮᠢᠷ ᠵᠤᠭ᠎ᠠ ᠴᠡᠩᠭᠡᠯ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠲᠣᠰᠬᠤᠨ ᠤ ᠠᠷᠠᠳ | ᠤᠨ ᠠᠵᠢᠯ ᠤᠨ ᠴᠢᠯᠥᠭᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠬᠠᠮᠲᠤ ᠲᠣᠰᠬᠤᠨ ᠤ ᠠᠷᠠᠳ ᠢ | ᠵᠣᠷᠢᠭᠵᠢᠭᠤᠯᠤᠨ ᠬᠥᠲᠥᠯᠥᠨ ᠵᠢᠯᠣᠭᠤᠳᠴᠤ ᠪᠠᠶᠢᠭᠠᠳ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠰᠠᠶᠢᠨ ᠰᠠᠶᠢᠬᠠᠨ | ᠳᠠᠳᠬᠠᠯ ᠲᠠᠢ ᠪᠣᠯᠭᠠᠬᠤ ᠶᠢᠨ ᠲᠦᠯᠦᠭᠡ᠃ ᠳ᠋ᠠ ᠾᠧ ᠸᠠᠨ ᠪᠠᠯᠭᠠᠰᠤᠨ ᠤ ᠳ᠋ᠠ ᠾᠧ ᠸᠠᠨ ᠲᠣᠰᠬᠤᠨ ᠤ ᠰᠢᠨ᠎ᠡ | ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ︽ᠡᠷᠡᠭᠦᠯ ᠴᠢᠭᠢᠷᠠᠭ ᠠᠮᠢᠳᠤᠷᠠᠯ᠂ ᠪᠠᠶᠠᠷ ᠬᠥᠷ ᠲᠠᠢ | ᠬᠥᠳᠡᠯᠭᠡᠭᠡᠨ︾ ᠭᠡᠬᠦ ᠭᠤᠣᠯ ᠰᠡᠳᠦᠪᠲᠦ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠵᠣᠬᠢᠶᠠᠨ | ᠪᠠᠶᠢᠭᠤᠯᠵᠤ ᠥᠷᠨᠢᠭᠦᠯᠪᠡ᠃ | | ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠠᠷᠭ᠎ᠠ ᠮᠠᠶ᠋ᠢᠭ ᠢ ᠳ᠋ᠠ ᠾᠧ ᠸᠠᠨ ᠲᠣᠰᠬᠤᠨ ᠤ ᠪᠠᠶᠢᠩᠭᠤ ᠶᠢᠨ | ᠬᠥᠳᠡᠯᠭᠡᠭᠡᠨ ᠪᠣᠯᠭᠠᠨ ᠬᠤᠪᠢᠷᠠᠭᠤᠯᠬᠤ ᠶᠢᠨ ᠲᠥᠯᠥᠭᠡ᠂ ᠳ᠋ᠠ ᠾᠧ ᠸᠠᠨ ᠲᠣᠰᠬᠤᠨ ᠤ ᠰᠢᠨ᠎ᠡ ᠴᠠᠭ ᠦᠶ᠎ᠡ ᠶᠢᠨ | ᠪᠣᠯᠪᠠᠰᠤᠨ ᠤ ᠦᠢᠯᠡᠳᠦᠯᠭᠡ ᠶᠢᠨ ᠦᠷᠳᠡᠭᠡ ᠤᠷᠢᠳᠠᠪᠠᠷ ᠤᠯᠠᠨ ᠵᠠᠭᠤᠴᠢᠳᠤ ᠵᠢᠭᠠᠨ ᠰᠤᠷᠭᠠᠯᠲᠠ ᠶᠢᠨ ᠬᠡᠯᠪᠡᠷᠢ ᠪᠠᠷ | ︽ᠲᠤᠷᠰᠢᠵᠤ︾᠂ ᠲᠣᠰᠬᠤᠨ ᠤ ᠲᠤᠷᠰᠢᠯᠭ᠎ᠠ ᠲᠠᠢ ᠲᠠᠯᠠᠪᠠᠢ ᠶᠢᠨ ᠪᠥᠵᠢᠭ ᠤᠨ ᠳᠠᠭᠠᠭᠤᠯᠤᠭᠴᠢ ᠶᠢ ᠤᠷᠢᠵᠤ᠂ ᠭᠠᠷ | ᠤᠨ ᠲᠤᠬᠢᠶ᠎ᠠ᠂ ᠠᠯᠬᠤᠭ᠎ᠠ ᠵᠡᠷᠭᠡ ᠮᠡᠷᠭᠡᠵᠢᠯ ᠤᠨ ᠵᠢᠯᠤᠭᠤᠳᠤᠯᠭ᠎ᠠ ᠬᠢᠵᠦ᠂ ᠲᠣᠰᠬᠤᠨ ᠤ ᠪᠥᠵᠢᠭᠯᠡᠬᠦ ᠳᠤᠷᠠᠲᠠᠢ | ᠬᠥᠮᠦᠰ ᠢ ᠳᠠᠭᠠᠭᠤᠯᠤᠨ ᠲᠠᠯᠠᠪᠠᠢ ᠶᠢᠨ ᠪᠥᠵᠢᠭ ᠤᠨ ᠪᠡᠶ᠎ᠡ ᠴᠢᠭᠢᠷᠠᠭᠵᠢᠭᠤᠯᠤᠯᠲᠠ ᠶᠢ ᠶᠠᠪᠤᠭᠳᠠᠭᠤᠯᠵᠠᠢ᠃ | | ᠠᠵᠢᠯᠯᠠᠭᠠᠨ ᠤ ᠶᠠᠪᠤᠴᠠ ᠳᠤ ᠬᠥᠭᠵᠢᠮ ᠤᠨ ᠠᠶᠠᠰ ᠤᠨ ᠳᠠᠭᠠᠤ ᠳᠤ ᠲᠠᠯᠠᠪᠠᠶ ᠶᠢᠨ ᠪᠥᠵᠢᠭ ᠲᠤ ᠪᠠᠭ᠋ᠠᠲᠠᠶ | ᠣᠯᠠᠨ ᠲᠣᠰᠬᠤᠨ ᠤ ᠠᠷᠠᠳ ᠪᠥᠵᠢᠭ ᠤᠨ ᠡᠩᠨᠡᠭᠡᠨ ᠳᠤ ᠣᠷᠣᠵᠤ᠂ ᠪᠥᠵᠢᠭᠯᠡᠬᠦ ᠶᠢᠨ ᠳᠠᠭᠠᠤ ᠳᠤ ᠰᠤᠷᠴᠤ᠂ | ᠬᠠᠯᠠᠭᠤᠨ ᠠᠭᠤᠷ ᠠᠮᠢᠰᠬᠤᠯ ᠤᠨ ᠨᠥᠯᠥᠭᠡ ᠶᠢ ᠥᠴᠦᠬᠡᠨ ᠴᠦ ᠭᠥᠷᠳᠡᠭᠰᠡᠨ ᠦᠭᠡᠶ᠂ ᠭᠤᠶᠣ ᠰᠠᠶᠢᠬᠠᠨ | ᠪᠥᠵᠢᠭ ᠤᠨ ᠳᠦᠷᠢ ᠲᠥᠷᠬᠦ᠂ ᠴᠤᠭ ᠪᠠᠳᠠᠷᠠᠩᠭᠤᠶ ᠥᠭᠡᠳᠡᠷᠬᠡᠭ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ | ᠰᠠᠶᠢᠨ ᠰᠠᠶᠢᠬᠠᠨ ᠠᠮᠢᠳᠤᠷᠠᠯ ᠤᠨ ᠲᠤᠬᠠᠶ ᠬᠦᠰᠡᠯ ᠡᠷᠡᠮᠡᠯᠵᠡᠯ ᠪᠠ ᠨᠠᠮ ᠢᠶᠠᠨ ᠬᠠᠶᠢᠷᠠᠯᠠᠵᠤ ᠤᠯᠤᠰ ᠢᠶᠠᠨ | ᠬᠠᠶᠢᠷᠠᠯᠠᠬᠤ ᠬᠠᠯᠠᠭᠤᠨ ᠰᠡᠳᠬᠢᠯᠭᠡ ᠶᠢ ᠭᠦᠢᠴᠡᠳ ᠬᠠᠷᠠᠭᠤᠯᠤᠭᠰᠠᠨ ᠪᠠᠶᠢᠨ᠎ᠠ᠃ | | ᠳᠠᠷᠠᠭᠠᠴᠢ ᠶᠢᠨ ᠠᠯᠬᠤᠮ ᠳᠤ᠂ ᠳ᠋ᠠ ᠾᠧ ᠸᠠᠨ ᠲᠣᠰᠬᠤᠨ ᠤ ᠬᠢᠨ ᠡᠯᠪᠡᠭ ᠪᠠᠶᠠᠯᠢᠭ ᠠᠭᠤᠯᠭ᠎ᠠ ᠲᠠᠢ | ᠪᠡᠶ᠎ᠡ ᠶᠢᠨ ᠲᠠᠮᠢᠷ ᠤᠨ ᠬᠥᠳᠡᠯᠭᠡᠭᠡᠨ ᠢ ᠦᠷᠭᠦᠯᠵᠢᠯᠡᠨ ᠵᠣᠬᠢᠶᠠᠨ ᠪᠠᠶᠢᠭᠤᠯᠵᠤ᠂ ᠪᠠᠶᠠᠷ ᠪᠠᠶᠠᠰᠤᠯ ᠲᠠᠢ ᠡᠷᠡᠭᠦᠯ | ᠰᠠᠷᠠᠭᠤᠯ ᠠᠮᠢᠳᠤᠷᠠᠯ ᠤᠨ ᠠᠷᠭ᠎ᠠ ᠬᠡᠯᠪᠡᠷᠢ ᠶᠢ ᠰᠠᠨᠠᠭᠠᠴᠢᠯᠠᠵᠤ᠂ ᠥᠷᠭᠡᠨ ᠤᠯᠠᠨ ᠲᠣᠰᠬᠤᠨ ᠤ ᠠᠷᠠᠳ ᠢ ᠡᠷᠡᠭᠦᠯ | ᠴᠢᠭᠢᠷᠠᠭ ᠪᠡᠶ᠎ᠡ ᠮᠠᠬᠠᠪᠣᠳ᠂ ᠲᠡᠭᠦᠰ ᠲᠡᠭᠦᠯᠳᠡᠷ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠠᠵᠢᠯ ᠠᠮᠢᠳᠤᠷᠠᠯ | ᠳᠠᠭᠠᠨ ᠣᠷᠣᠯᠴᠠᠭᠤᠯᠵᠤ᠂ ᠨᠡᠩ ᠲᠡᠭᠦᠰ ᠲᠡᠭᠦᠯᠳᠡᠷ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠨᠠᠮ ᠤᠨ | ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠪᠠᠷ ᠴᠢᠷᠮᠠᠶᠢᠨ᠎ᠠ᠃ | |