ᠡᠨᠡ ᠵᠢᠯ ᠪᠣᠯ 32 ᠳ᠋ᠤᠭᠠᠷ ᠪᠥᠬᠦ ᠤᠯᠤᠰ ᠤᠨ ᠭᠠᠵᠠᠷ ᠰᠢᠷᠣᠶ ᠶᠢᠨ ᠡᠳᠦᠷ ᠪᠣᠯᠤᠨ᠎ᠠ᠂ ᠤᠬᠠᠭᠤᠯᠭ᠎ᠠ ᠶᠢᠨ | ᠭᠤᠤᠯ ᠰᠡᠳᠦᠪ ᠨᠢ ︽ᠭᠠᠵᠠᠷ ᠰᠢᠷᠣᠶ ᠶᠢ ᠠᠷᠪᠢᠲᠠᠶ ᠡᠷᠴᠢᠮᠯᠢᠭ ᠬᠡᠷᠡᠭᠯᠡᠵᠦ ᠲᠠᠷᠢᠶᠠᠨ ᠭᠠᠵᠠᠷ ᠤᠨ ᠤᠯᠠᠭᠠᠨ | ᠱᠤᠭᠤᠮ ᠢ ᠴᠢᠩᠭ᠎ᠠ ᠰᠠᠬᠢᠬᠤ︾ ᠪᠣᠯᠤᠨ᠎ᠠ᠃ ᠡᠨᠡᠬᠦ ᠭᠤᠣᠯ ᠰᠡᠳᠦᠪ ᠤᠨ ᠲᠣᠭᠤᠷᠢᠨ ᠳᠤ᠂ 6 ᠰᠠᠷ᠎ᠠ ᠶᠢᠨ 28 | ᠤ ᠡᠳᠦᠷ᠂ ᠬᠤᠳᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠪᠠᠶᠢᠭᠠᠯᠢ ᠶᠢᠨ ᠡᠬᠢ ᠪᠠᠶᠠᠯᠢᠭ ᠤᠨ | ᠶᠠᠮᠤᠨ ᠤ ᠳᠤᠮᠳᠠᠳᠤ ᠤᠯᠤᠰ ᠤᠨ ᠭᠠᠵᠠᠷ ᠰᠢᠨᠵᠢᠯᠡᠭᠡᠨ ᠤ ᠪᠠᠶᠢᠴᠠᠭᠠᠯᠲᠠ ᠶᠢᠨ ᠲᠣᠪᠴᠢᠶ᠎ᠠ ᠶᠢᠨ ᠯᠠᠩᠹᠠᠩ ᠤᠨ | ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠪᠠᠶᠢᠴᠠᠭᠠᠯᠲᠠ ᠶᠢᠨ ᠲᠥᠪ ᠲᠠᠢ ᠬᠠᠮᠲᠤᠷᠠᠨ 32 ᠳ᠋ᠤᠭᠠᠷ | ᠪᠦᠬᠦ ᠤᠯᠤᠰ ᠤᠨ ᠭᠠᠵᠠᠷ ᠰᠢᠷᠣᠢ ᠶᠢᠨ ᠡᠳᠦᠷ ᠤᠨ ᠤᠬᠠᠭᠤᠯᠭ᠎ᠠ ᠶᠢᠨ ᠭᠠᠷᠠᠭ ᠤᠨ ᠬᠦᠳᠡᠯᠭᠡᠭᠡᠨ ᠢ ᠥᠷᠨᠢᠭᠦᠯᠵᠦ᠂ | ᠵᠠᠯᠠᠨ ᠠᠶᠢᠯ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ | ᠳᠠᠷᠤᠭ᠎ᠠ ᠦ᠋ ᠴᠧᠨ ᠳ᠋ᠦᠩ ᠬᠦᠳᠡᠯᠭᠡᠭᠡᠨ ᠳᠤ ᠣᠷᠣᠯᠴᠠᠪᠠ᠃ | | ᠬᠦᠳᠡᠯᠭᠡᠭᠡᠨ ᠨᠢ ᠤᠬᠠᠭᠤᠯᠭ᠎ᠠ ᠶᠢᠨ ᠤᠷᠢᠶ᠎ᠠ ᠡᠯᠭᠦᠬᠦ᠂ ᠤᠬᠠᠭᠤᠯᠭ᠎ᠠ ᠶᠢᠨ ᠰᠠᠮᠪᠠᠷ᠎ᠠ ᠲᠠᠯᠪᠢᠬᠤ᠂ | ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠪᠠ ᠲᠤᠬᠠᠶ ᠶᠢᠨ ᠲᠠᠯᠠᠪᠤᠷ ᠲᠤ ᠠᠰᠠᠭᠤᠨ ᠯᠠᠪᠯᠠᠬᠤ ᠵᠡᠷᠭᠡ ᠬᠡᠯᠪᠡᠷᠢ ᠪᠠᠷ | ᠡᠬᠢᠯᠡᠵᠡᠶ᠃ ᠣᠯᠠᠨ ᠢᠶᠠᠷ ᠢᠶᠠᠨ ᠨᠠᠰᠢ ᠴᠠᠰᠢ ᠶᠠᠪᠤᠵᠤ ᠪᠠᠶᠢᠭ᠎ᠠ ᠣᠯᠠᠨ ᠲᠦᠮᠡᠨ ᠳᠤ ︽ᠤᠯᠤᠰ ᠤᠨ ᠬᠠᠷ᠎ᠠ | ᠬᠥᠷᠥᠰᠥ ᠶᠢ ᠬᠠᠮᠠᠭᠠᠯᠠᠬᠤ ᠢᠨᠵᠧᠨᠧᠷᠢᠩ ᠤᠨ ᠬᠡᠷᠡᠭᠵᠢᠭᠦᠯᠬᠦ ᠲᠥᠰᠦᠯ︾᠂ ᠭᠠᠵᠠᠷ ᠰᠢᠷᠣᠶ ᠶᠢᠨ ᠬᠠᠮᠢᠶᠠᠷᠤᠯᠲᠠ ᠶᠢᠨ | ᠬᠠᠤᠯᠢ᠂ ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠨ ᠬᠡᠷ ᠪᠠᠶᠢᠰᠢᠩ ᠪᠠᠷᠢᠬᠤ ᠳᠤ ︽ | ᠨᠠᠢᠮᠠᠨ ᠵᠤᠶᠢᠯ ᠢ ᠥᠯᠥ ᠵᠥᠪᠰᠢᠶᠡᠷᠡᠬᠦ︾ ᠵᠢᠴᠢ ᠪᠥᠬᠦ ᠤᠯᠤᠰ ᠤᠨ ᠭᠠᠵᠠᠷ ᠰᠢᠷᠣᠶ ᠶᠢᠨ ᠡᠳᠦᠷ ᠤᠨ ᠲᠡᠮᠳᠡᠭ ᠤᠨ | ᠲᠦᠯᠬᠢᠭᠦᠷ ᠤᠨ ᠲᠣᠪᠴᠢ ᠶᠢ ᠳᠠᠷᠤᠮᠠᠯᠯᠠᠭᠰᠠᠨ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠪᠠ ᠡᠳ᠋ ᠪᠣᠳᠠᠰ ᠢ | ᠢᠳᠡᠪᠬᠢᠲᠡᠶ ᠪᠠᠷ ᠲᠠᠷᠬᠠᠭᠠᠨ ᠥᠭᠴᠦ᠂ ᠣᠯᠠᠨ ᠲᠦᠮᠡᠨ ᠤ ᠨᠡᠶᠢᠳᠡᠮ ᠠᠩᠬᠠᠷᠴᠤ ᠪᠠᠶᠢᠭ᠎ᠠ ᠬᠠᠯᠠᠭᠤᠨ ᠴᠡᠭ ᠤᠨ | ᠠᠰᠠᠭᠤᠳᠠᠯ᠂ ᠲᠥᠪᠯᠡᠷᠡᠯ ᠤᠨ ᠴᠡᠭ᠂ ᠬᠦᠴᠢᠷ ᠠᠰᠠᠭᠤᠳᠠᠯ ᠳᠤ ᠨᠠᠷᠢᠨ ᠲᠣᠳᠣᠷᠬᠠᠶ ᠬᠠᠷᠢᠭᠤᠯᠲᠠ ᠥᠭᠴᠡᠶ᠃ | ᠬᠦᠳᠡᠯᠭᠡᠭᠡᠨ ᠤ ᠲᠤᠬᠠᠢ ᠶᠢᠨ ᠲᠠᠯᠠᠪᠠᠢ ᠳᠤ ᠤᠬᠠᠭᠤᠯᠭ᠎ᠠ ᠶᠢᠨ ᠬᠠᠭᠤᠳᠠᠰᠤ ᠶᠢ 500 ᠭᠠᠷᠤᠢ ᠬᠤᠪᠢ | ᠲᠠᠷᠬᠠᠭᠠᠵᠤ᠂ 7 ᠤᠬᠠᠭᠤᠯᠭ᠎ᠠ ᠶᠢᠨ ᠰᠠᠮᠪᠠᠷ᠎ᠠ ᠶᠢ ᠳᠡᠯᠭᠡᠨ ᠲᠠᠯᠪᠢᠵᠤ᠂ 3 ᠤᠬᠠᠭᠤᠯᠭ᠎ᠠ ᠶᠢᠨ ᠤᠷᠢᠶ᠎ᠠ ᠢ ᠡᠯᠭᠦᠵᠦ᠂ | ᠲᠤᠬᠠᠢ ᠶᠢᠨ ᠲᠠᠯᠠᠪᠠᠢ ᠳᠤ ᠤᠯᠠᠨ ᠲᠦᠮᠡᠨ ᠤ ᠬᠠᠤᠯᠢ ᠲᠣᠭᠲᠠᠭᠠᠯ ᠲᠦᠷᠦ ᠶᠢᠨ ᠪᠤᠳᠤᠯᠭ᠎ᠠ ᠶᠢᠨ ᠯᠠᠪᠯᠠᠯᠭ᠎ᠠ ᠶᠢ | 200 ᠭᠠᠷᠤᠢ ᠤᠳᠠᠭ᠎ᠠ ᠬᠠᠷᠢᠭᠤᠯᠵᠠᠢ᠃ | | ᠲᠤᠰ ᠤᠳᠠᠭᠠᠨ ᠤ ᠤᠬᠠᠭᠤᠯᠭ᠎ᠠ ᠶᠢᠨ ᠬᠦᠳᠡᠯᠭᠡᠭᠡᠨ ᠤ ᠵᠣᠷᠢᠯᠭ᠎ᠠ ᠨᠢ ︽ᠭᠠᠵᠠᠷ ᠰᠢᠷᠣᠶ ᠶᠢ ᠲᠦᠢᠯ ᠢᠶᠠᠷ | ᠨᠠᠨᠳᠢᠩᠨᠠᠨ᠂ ᠵᠦᠶ ᠵᠣᠬᠢᠰᠲᠠᠶ ᠠᠰᠢᠭᠯᠠᠬᠤ ᠪᠠ ᠲᠠᠷᠢᠶᠠᠨ ᠭᠠᠵᠠᠷ ᠢ ᠦᠨᠡᠨ ᠬᠦ ᠬᠠᠮᠠᠭᠠᠯᠠᠬᠤ︾ ᠤᠯᠤᠰ ᠤᠨ | ᠦᠨᠳᠦᠰᠦᠨ ᠪᠣᠳᠣᠯᠭ᠎ᠠ ᠶᠢ ᠪᠠᠲᠤ ᠪᠠᠬᠢ ᠪᠣᠶ ᠪᠣᠯᠭᠠᠵᠤ᠂ ᠭᠠᠵᠠᠷ ᠰᠢᠷᠣᠶ ᠶᠢ ︽ᠣᠯᠠᠨ ᠢᠶᠠᠷ ᠢᠶᠠᠨ ᠬᠠᠮᠢᠶᠠᠷᠴᠤ᠂ | ᠣᠯᠠᠨ ᠢᠶᠠᠷ ᠢᠶᠠᠨ ᠬᠡᠷᠡᠭᠯᠡᠬᠦ︾ ᠣᠶᠢᠯᠠᠭᠠᠭᠳᠠᠬᠤᠨ ᠢ ᠪᠣᠶ ᠪᠣᠯᠭᠠᠬᠤ ᠶᠢ ᠲᠠᠰᠤᠷᠠᠯᠲᠠ ᠥᠬᠡᠶ ᠳᠥᠯᠭᠢᠨ ᠠᠬᠢᠭᠤᠯᠵᠤ᠂ | ᠪᠥᠬᠦ ᠨᠡᠶᠢᠭᠡᠮ ᠢᠶᠠᠷ ᠢᠶᠠᠨ ᠭᠠᠵᠠᠷ ᠰᠢᠷᠣᠶ ᠶᠢ ᠨᠠᠨᠳᠢᠩᠨᠠᠨ᠂ ᠭᠠᠵᠠᠷ ᠰᠢᠷᠣᠶ ᠶᠢ ᠠᠷᠪᠢᠯᠠᠨ ᠠᠰᠢᠭᠯᠠᠬᠤ | ᠰᠠᠨᠠᠭᠠᠰᠢᠷᠠᠯ ᠤᠨ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠤᠨ᠂ ᠭᠠᠵᠠᠷ ᠰᠢᠷᠣᠶ ᠶᠢᠨ ᠡᠬᠢ ᠪᠠᠶᠠᠯᠢᠭ ᠤᠨ | ︽ᠡᠯ᠎ᠡ ᠠᠵᠢᠯ ᠲᠥᠷᠥᠯ ᠢ ᠲᠤᠯᠭᠠᠭᠤᠷᠢᠯᠠᠵᠤ᠂ ᠲᠦᠮᠡᠨ ᠦᠶ᠎ᠡ ᠶᠢ ᠨᠥᠯᠥᠭᠡᠯᠡᠬᠦ︾ ᠬᠦᠴᠦᠷᠬᠡᠭ ᠶᠡᠭᠡ ᠬᠠᠮᠲᠤ ᠶᠢᠨ | ᠲᠠᠨᠢᠯᠲᠠ ᠶᠢ ᠲᠠᠰᠤᠷᠠᠯᠲᠠ ᠥᠬᠡᠶ ᠨᠢᠭᠲᠠᠷᠠᠭᠤᠯᠬᠤ ᠶᠢᠨ ᠲᠥᠯᠥᠭᠡ ᠶᠤᠮ᠃ |