ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠪᠥᠸᠧ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠰᠢᠯᠭᠠᠭᠤᠯᠬᠤ ᠰᠢᠯᠭᠠᠯᠲᠠ ᠶᠢᠨ ᠶᠠᠪᠤᠳᠠᠯ ᠤᠨ ᠠᠵᠢᠯ ᠢ ᠲᠤᠬᠠᠶ ᠶᠢᠨ ᠭᠠᠵᠠᠷ ᠲᠤᠨᠢ ᠰᠢᠪᠠᠳᠠᠨ ᠵᠢᠯᠣᠭᠤᠳᠪᠠ
ᠨᠡᠶᠢᠲᠡᠯᠡᠭᠰᠡᠨ ᠴᠠᠭ᠄
2022/6/29
   6 ᠰᠠᠷ᠎ᠠ ᠶᠢᠨ 26       ᠤ ᠡᠳᠦᠷ ᠤᠨ ᠦᠳᠡ ᠶᠢᠨ ᠡᠮᠦᠨ᠎ᠡ᠂ ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠪᠥᠸᠧ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠲᠠᠯᠠᠪᠠᠶ ᠳᠤ ᠬᠦᠷᠴᠦ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠠᠵᠢᠯ ᠢ ᠲᠤᠬᠠᠶ ᠶᠢᠨ ᠭᠠᠵᠠᠷ ᠲᠤᠨᠢ ᠬᠢᠨᠠᠨ ᠵᠢᠯᠣᠭᠤᠳᠪᠠ᠃ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠢᠨᠠᠨ ᠵᠢᠯᠣᠭᠤᠳᠬᠤ ᠳᠤ ᠣᠷᠣᠯᠴᠠᠪᠠ᠃    ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠲᠠᠯᠠᠪᠠᠢ ᠳᠤ᠂ ᠸᠠᠩ ᠪᠥᠸᠧ ᠰᠢᠯᠭᠠᠯᠲᠠ ᠶᠢᠨ ᠴᠡᠭ ᠤᠨ ᠰᠢᠯᠭᠠᠬᠤ ᠬᠥᠮᠦᠨ ᠤ ᠲᠤᠭ᠎ᠠ ᠵᠢᠴᠢ ᠵᠠᠮ ᠬᠠᠷᠢᠯᠴᠠᠭᠠᠨ ᠤ ᠪᠠᠲᠤᠯᠠᠭ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠪᠠᠴᠢᠮ ᠪᠠᠶᠢᠳᠠᠯ ᠢ ᠠᠷᠭᠠᠴᠠᠬᠤ ᠲᠥᠰᠦᠯ᠂ ᠰᠢᠯᠭᠠᠯᠲᠠ ᠶᠢᠨ ᠠᠵᠢᠯᠯᠠᠭ᠎ᠠ᠂ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ ᠵᠡᠷᠭᠡ ᠲᠠᠯ᠎ᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠸᠠᠩ ᠪᠥᠸᠧ ᠵᠢᠭᠠᠵᠤ ᠭᠠᠷᠭᠠᠭᠰᠠᠨ ᠨᠢ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠪᠣᠯ ᠶᠡᠭᠡ ᠰᠤᠷᠭᠠᠭᠤᠯᠢ ᠶᠢᠨ ᠰᠢᠯᠭᠠᠯᠲᠠ ᠶᠢᠨ ᠳᠠᠷᠠᠭᠠᠬᠢ ᠪᠠᠰᠠ ᠨᠢᠭᠡ ᠤᠳᠠᠭᠠᠨ ᠤ ᠶᠡᠭᠡ ᠰᠢᠯᠭᠠᠯᠲᠠ ᠪᠣᠯᠤᠨ᠎ᠠ᠂ ᠲᠦᠭ ᠲᠦᠮᠡᠨ ᠠᠶᠢᠯ ᠡᠷᠦᠬᠡ ᠳᠤ ᠬᠤᠯᠪᠣᠭᠳᠠᠵᠤ᠂ ᠰᠤᠷᠭᠠᠨ ᠬᠥᠮᠦᠵᠢᠯ ᠤᠨ ᠡᠷᠬᠡ ᠲᠡᠭᠰᠢ ᠲᠥᠪ ᠭᠤᠤᠯᠴᠢ ᠳᠤ ᠬᠤᠯᠪᠣᠭᠳᠠᠵᠤ ᠪᠠᠶᠢᠳᠠᠭ ᠪᠣᠯᠬᠤᠷ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠦᠵᠡᠯ ᠰᠠᠨᠠᠭᠠᠨ ᠤ ᠲᠠᠯ᠎ᠠ ᠪᠠᠷ ᠳᠠᠬᠢᠨᠲᠠ ᠴᠢᠬᠤᠯᠠᠴᠢᠯᠠᠵᠤ᠂ ᠬᠠᠷᠢᠭᠤᠴᠠᠯᠭ᠎ᠠ ᠶᠢᠨ ᠲᠠᠯ᠎ᠠ ᠪᠠᠷ ᠳᠠᠬᠢᠨᠲᠠ ᠴᠢᠩᠭᠠᠷᠠᠭᠤᠯᠤᠨ᠂ ᠠᠵᠢᠯ ᠤᠨ ᠲᠠᠯ᠎ᠠ ᠪᠠᠷ ᠳᠠᠬᠢᠨᠲᠠ ᠨᠠᠷᠢᠨ ᠨᠢᠮᠪᠠᠶ ᠪᠠᠶᠢᠵᠤ᠂ ᠰᠠᠬᠢᠯᠭ᠎ᠠ ᠪᠠᠲᠤ ᠶᠢᠨ ᠲᠠᠯ᠎ᠠ ᠪᠠᠷ ᠳᠠᠬᠢᠨᠲᠠ ᠲᠥᠪ ᠴᠢᠩᠭ᠎ᠠ ᠪᠠᠶᠢᠵᠤ᠂ ᠬᠥᠮᠦᠨ ᠰᠣᠶᠣᠯ ᠤᠨ ᠲᠠᠯ᠎ᠠ ᠪᠠᠷ ᠳᠠᠬᠢᠨᠲᠠ ᠬᠠᠯᠠᠮᠵᠢᠯᠠᠨ᠂ ᠲᠣᠰ ᠲᠣᠰ ᠤᠨ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠪᠠᠨ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠠᠮ ᠬᠠᠷᠢᠯᠴᠠᠭ᠎ᠠ ᠶᠢ ᠨᠡᠪᠲᠡᠷᠡᠭᠦᠯᠬᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠴᠠᠬᠢᠯᠭᠠᠨ ᠬᠦᠴᠦᠨ ᠤ ᠪᠠᠲᠤᠯᠠᠭ᠎ᠠ᠂ ᠢᠳᠡᠭᠡᠨ ᠤ ᠠᠮᠤᠷ ᠲᠦᠪᠰᠢᠨ᠂ ᠣᠷᠴᠢᠨ ᠠᠬᠤᠶ ᠶᠢᠨ ᠵᠠᠰᠠᠯᠲᠠ ᠵᠡᠷᠭᠡ ᠥᠨᠳᠥᠷ ᠳᠤᠮᠳᠠᠳᠤ ᠶᠢᠨ ᠰᠢᠯᠭᠠᠯᠲᠠ ᠶᠢᠨ ᠪᠠᠲᠤᠯᠠᠭ᠎ᠠ ᠶᠢᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠬᠦ ᠶᠢ ᠬᠦᠰᠡᠵᠦ ᠪᠠᠶᠢᠨ᠎ᠠ ᠭᠡᠵᠡᠶ᠃      ᠸᠠᠩ ᠪᠥᠸᠧ ᠴᠢᠬᠤᠯᠠᠴᠢᠯᠠᠭᠰᠠᠨ ᠨᠢ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠬᠠᠷᠢᠭᠤᠴᠠᠬᠤ ᠠᠵᠢᠯ ᠤᠨ ᠣᠪᠣᠷ ᠪᠠ ᠴᠢᠩᠭ᠎ᠠ ᠨᠢᠮᠪᠠᠶ ᠠᠵᠢᠯ ᠤᠨ ᠰᠤᠷᠲᠠᠯ ᠢᠶᠠᠷ ᠲᠦᠭᠰᠢᠭᠦᠷᠢ ᠶᠢ ᠰᠤᠳᠤᠯᠤᠨ ᠮᠠᠭᠠᠳᠯᠠᠬᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ᠂  ᠤᠶᠢᠯᠡᠴᠢᠯᠡᠭᠡᠨ ᠤ ᠪᠠᠲᠤᠯᠠᠭ᠎ᠠ ᠵᠡᠷᠭᠡ ᠠᠵᠢᠯ ᠢ ᠪᠣᠳᠠᠲᠠᠶ ᠪᠥᠭᠡᠳ ᠨᠠᠷᠢᠯᠢᠭ ᠬᠢᠵᠦ᠂ 2022 ᠣᠨ ᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠡᠯ᠎ᠡ ᠵᠤᠶᠢᠯ ᠤᠨ ᠠᠵᠢᠯ ᠤᠨ ᠠᠮᠤᠷ ᠲᠦᠪᠰᠢᠨ᠂ ᠲᠣᠭᠲᠠᠭᠤᠨ᠂ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠰᠢᠯᠭᠠᠯᠲᠠ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ᠥᠨᠳᠥᠷ ᠳᠤᠮᠳᠠᠳᠤ ᠶᠢᠨ ᠰᠢᠯᠭᠠᠯᠲᠠ ᠶᠢᠨ ᠠᠵᠢᠯ ᠤᠨ ᠲᠥᠪ ᠴᠢᠩᠭ᠎ᠠ ᠴᠢᠨᠠᠷ᠂ ᠲᠥᠪ ᠭᠤᠣᠯᠴᠢ ᠴᠢᠨᠠᠷ ᠢ ᠡᠷᠡᠰ ᠬᠠᠮᠠᠭᠠᠯᠠᠵᠤ ᠂ ᠵᠠᠩᠭᠢᠯᠠᠭ᠎ᠠ ᠶᠢᠨ ᠭᠤᠭᠴᠤᠭ᠎ᠠ ᠪᠠ ᠭᠤᠣᠯᠳᠠᠯᠭ᠎ᠠ ᠲᠠᠢ ᠬᠦᠷᠢᠶ᠎ᠡ ᠳᠠᠬᠢ ᠬᠢᠨᠠᠨ ᠬᠠᠮᠢᠶᠠᠷᠤᠯᠲᠠ ᠵᠢᠯᠤᠭᠤᠳᠤᠯᠭ᠎ᠠ ᠪᠠᠨ ᠴᠢᠩᠭᠠᠳᠬᠠᠵᠤ᠂ ᠰᠢᠯᠭᠠᠯᠲᠠ ᠶᠢᠨ ᠴᠡᠭ ᠪᠠ ᠰᠢᠯᠭᠠᠯᠲᠠ ᠶᠢᠨ ᠶᠠᠪᠤᠳᠠᠯ ᠤᠨ ᠬᠠᠮᠢᠶᠠᠷᠤᠯᠲᠠ ᠶᠢᠨ ᠡᠯ᠎ᠡ ᠵᠦᠢᠯ ᠤᠨ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠨᠠᠷᠢᠨ ᠨᠢᠮᠪᠠᠢ ᠠᠵᠢᠯ᠂ ᠳᠣᠲᠣᠨᠣ ᠦᠢᠯᠡᠴᠢᠯᠡᠭᠡ ᠪᠠᠷ ᠰᠢᠯᠭᠠᠯᠲᠠ ᠶᠢᠨ ᠰᠤᠷᠲᠠᠯ ᠰᠠᠬᠢᠯᠭ᠎ᠠ ᠪᠠᠲᠤ ᠶᠢ ᠴᠢᠩᠳᠠᠯᠠᠵᠤ᠂ ᠰᠢᠯᠭᠠᠭᠤᠯᠤᠭᠴᠢ ᠶᠢ ᠰᠠᠨᠠᠭ᠎ᠠ ᠠᠮᠤᠷ᠂ ᠭᠡᠷ ᠤᠨ ᠠᠬᠠᠮᠠᠳ ᠢ ᠰᠠᠨᠠᠭ᠎ᠠ ᠠᠮᠤᠷ᠂ ᠨᠡᠶᠢᠭᠡᠮ ᠢ ᠬᠠᠨᠤᠮᠵᠢᠲᠠᠢ ᠪᠣᠯᠭᠠᠬᠤ ᠬᠡᠷᠡᠭᠲᠡᠢ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号