ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠱᠦᠵᠢ ᠪᠠᠢ ᡁᠢ ᠵᠢᠶᠦ᠋ᠨ ᠲᠤᠬᠠᠢ ᠶᠢᠨ ᠲᠠᠯᠠᠪᠠᠢ ᠳᠤ ᠠᠯᠪᠠᠯᠠᠵᠤ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠱᠠᠯᠠᠪᠳᠠᠭᠤᠯᠤᠨ ᠵᠢᠯᠣᠭᠤᠳᠴᠤ ᠠᠬᠢᠭᠤᠯᠪᠠ
ᠨᠡᠶᠢᠲᠡᠯᠡᠭᠰᠡᠨ ᠴᠠᠭ᠄
2022/6/6
     6 ᠰᠠᠷ᠎ᠠ ᠶᠢᠨ 2      ᠤᠨ ᠡᠳᠦᠷ᠂ ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠱᠦᠵᠢ ᠪᠠᠶ ᡁᠢ ᠵᠢᠶᠦ᠋ᠨ ᠭᠤᠤᠯᠳᠠᠯᠭ᠎ᠠ ᠲᠠᠢ ᠲᠥᠷᠥᠯ ᠵᠦᠢᠯ ᠤᠨ ᠪᠠᠷᠢᠯᠭ᠎ᠠ ᠶᠢᠨ ᠭᠠᠵᠠᠷ ᠲᠤ ᠭᠦᠨᠵᠡᠭᠡᠶᠢᠷᠡᠨ ᠲᠤᠬᠠᠶ ᠶᠢᠨ ᠲᠠᠯᠠᠪᠤᠷ ᠲᠤ ᠠᠵᠢᠯᠯᠠᠵᠤ᠂ ᠪᠠᠷᠢᠯᠭ᠎ᠠ ᠶᠢᠨ ᠠᠬᠢᠴᠠ ᠶᠢ ᠪᠠᠶᠢᠴᠠᠭᠠᠨ ᠦᠵᠡᠵᠦ᠂ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠭᠤᠤᠯᠳᠠᠯᠭ᠎ᠠ ᠲᠠᠢ ᠡᠭᠦᠷᠭᠡ ᠶᠢ ᠲᠤᠰᠢᠶᠠᠨ  ᠭᠦᠢᠴᠡᠳᠭᠡᠪᠡ᠃ ᠲᠡᠷᠡ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠣᠳᠠᠲᠠᠢ ᠠᠵᠢᠯᠯᠠᠨ ᠬᠠᠷᠢᠭᠤᠴᠠᠯᠭ᠎ᠠ ᠡᠭᠦᠷᠭᠡᠯᠡᠵᠦ᠂ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ᠠᠬᠢᠴᠠ ᠶᠢ ᠪᠠᠲᠤᠯᠠᠵᠤ᠂ ᠶᠠᠰᠤ ᠴᠢᠨᠠᠷ ᠢ ᠪᠠᠲᠤᠯᠠᠵᠤ᠂ ᠠᠮᠤᠷ ᠲᠦᠪᠰᠢᠨ ᠢ ᠪᠠᠲᠤᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠤᠯᠠᠨ ᠲᠦᠮᠡᠨ ᠤ ᠬᠦᠰᠡᠯ ᠡᠷᠡᠮᠡᠯᠵᠡᠯ ᠳᠤ ᠬᠠᠷᠢᠭᠤᠯᠲᠠ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃ ᠬᠤᠲᠠ ᠶᠢᠨ ᠤᠳᠤᠷᠢᠳᠤᠯᠭ᠎ᠠ ᠢᠦᠶ ᠫᠢᠩ᠂ ᠦ᠋ ᠴᠧᠨ ᠳ᠋ᠦᠩ᠂ ᠵᠢᠶᠠᠩ ᠵᠢᠶᠦ᠋ᠨ ᠶᠦᠩ᠂ ᠯᠦ ᠶᠣᠣ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠣᠰ ᠲᠣᠰ ᠠᠵᠢᠯᠯᠠᠭ᠎ᠠ ᠳᠤ ᠣᠷᠣᠯᠴᠠᠪᠠ᠃  
  ᠵᠠᠯᠠᠨ ᠠᠶᠢᠯ ᠬᠤᠳᠠ ᠶᠢᠨ ᠨᠠᠮ ᠤᠨ  ᠬᠤᠷᠢᠶ᠎ᠠ ᠶᠢᠨ ᠱᠦᠵᠢ ᠪᠠᠢ ᡁᠢ ᠵᠢᠶᠦ᠋ᠨ ᠡᡁᠧ ᠰᠢ ᠰᠢᠨ᠎ᠡ ᠲᠣᠭᠤᠷᠢᠭ ᠤᠨ ᠬᠡᠦᠬᠡᠳ ᠤᠨ ᠴᠡᠴᠡᠷᠯᠢᠭ ᠤᠨ ᠲᠦᠷᠦᠯ ᠵᠦᠢᠯ ᠤᠨ ᠪᠠᠷᠢᠯᠭ᠎ᠠ ᠶᠢᠨ ᠭᠠᠵᠠᠷ ᠲᠤ ᠲᠤᠬᠠᠢ ᠶᠢᠨ ᠲᠠᠯᠠᠪᠠᠢ ᠳᠤ ᠠᠵᠢᠯᠯᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠠᠵᠢᠯ ᠢ ᠱᠠᠯᠠᠪᠳᠠᠭᠤᠯᠤᠨ ᠵᠢᠯᠣᠭᠤᠳᠪᠠ᠃    
  ᠵᠠᠯᠠᠨ ᠠᠶᠢᠯ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠠᠢ ᡁᠢ ᠵᠢᠶᠦ᠋ᠨ ᠳᠠᠪᠠᠭᠠᠨ  ᠬᠤᠶᠢᠳᠣᠬᠢ ᠳᠥᠷᠪᠡᠳᠦᠭᠡᠷ ᠠᠩᠬᠢ ᠶᠢᠨ ᠪᠠᠷᠢᠯᠭ᠎ᠠ ᠶᠢᠨ ᠲᠦᠷᠦᠯ ᠵᠦᠢᠯ ᠤᠨ ᠪᠠᠷᠢᠯᠭ᠎ᠠ ᠶᠢᠨ ᠭᠠᠵᠠᠷ ᠲᠤ ᠲᠤᠬᠠᠢ ᠶᠢᠨ ᠲᠠᠯᠠᠪᠠᠢ ᠳᠤ ᠠᠵᠢᠯᠯᠠᠨ᠂ ᠲᠦᠷᠦᠯ ᠵᠦᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃     ᠪᠠᠢ ᡁᠢ ᠵᠢᠶᠦ᠋ᠨ ᠤᠷᠢᠳ ᠬᠤᠵᠢᠳ ᠡᡁᠧ ᠰᠢ ᠰᠢᠨ᠎ᠡ ᠲᠣᠭᠤᠷᠢᠭ ᠤᠨ ᠬᠡᠦᠬᠡᠳ ᠤᠨ ᠴᠡᠴᠡᠷᠯᠢᠭ᠂  ᠳᠠᠪᠠᠭᠠᠨ ᠬᠤᠶᠢᠳᠣᠬᠢ ᠳᠥᠷᠪᠡᠳᠦᠭᠡᠷ ᠠᠩᠬᠢ ᠶᠢᠨ ᠵᠠᠰᠠᠮᠠᠯ ᠵᠠᠮ ᠤᠨ ᠨᠡᠪᠲᠡᠷᠡᠯᠴᠡᠭᠡ᠂ ᠬᠤᠳᠠ ᠶᠢᠨ ᠤᠰᠤ ᠵᠠᠯᠠᠬᠤ ᠢᠨᠵᠧᠨᠧᠷᠢᠩ᠂ ᠪᠥᠸᠧ ᠷᠦᠨ ᠱᠦᠢ ᠠᠨ ᠪᠠᠭ᠎ᠠ ᠲᠣᠭᠤᠷᠢᠭ᠂ ᠰᠦᠩ ᠯᠦ ᠡᠮ ᠦᠢᠯᠡᠳᠬᠦ ᠺᠣᠮᠫᠠᠨᠢ᠂ ᠳᠣᠮᠳᠠᠳᠣ ᠣᠯᠣᠰ ᠤᠨ ᠵᠡᠭᠦᠨ ᠬᠤᠶᠢᠳᠣᠬᠢ ᠲᠡᠮᠤᠷ ᠵᠠᠮ ᠤᠨ ᠲᠡᠦᠬᠡ ᠰᠣᠶᠣᠯ ᠤᠨ ᠵᠡᠭᠡᠯᠢ ᠲᠣᠭᠤᠷᠢᠭ᠂  ᠠᠷᠣᠨ ᠪᠠ ᠵᠠᠯᠠᠨ ᠠᠶᠢᠯ ᠤᠨ ᠦᠨᠳᠦᠷ ᠬᠤᠷᠳᠣᠴᠠᠲᠣ ᠵᠠᠮ ᠤᠨ ᠬᠠᠷᠢᠶᠠᠲᠤ ᠢᠨᠵᠧᠨᠧᠷᠢᠩ ᠤᠨ ᠵᠦᠷᠢᠯᠢᠭ ᠬᠥᠭᠦᠷᠭᠡ᠂  ᠳᠠᠪᠠᠭᠠᠨ ᠵᠡᠭᠦᠨᠳᠡᠬᠢ ᠮᠠᠰᠢᠨ ᠲᠡᠷᠭᠡᠨ ᠤ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠬᠦᠷᠴᠡᠢ᠃ ᠲᠥᠷᠥᠯ  ᠵᠦᠢᠯ ᠤᠨ ᠵᠢᠷᠤᠭ ᠲᠥᠯᠥᠪᠯᠡᠭᠡ᠂ ᠪᠠᠷᠢᠯᠭ᠎ᠠ ᠶᠢᠨ ᠠᠵᠢᠯ ᠤᠨ ᠠᠬᠢᠴᠠ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠥᠷᠥᠯ  ᠵᠦᠢᠯ ᠤᠨ ᠪᠠᠶᠢᠳᠠᠯ ᠢ ᠬᠢᠨᠠᠮᠠᠭᠠᠶ ᠰᠣᠨᠣᠰᠴᠤ᠂ ᠲᠤᠬᠠᠶ ᠶᠢᠨ ᠭᠠᠵᠠᠷ ᠲᠤᠨᠢ ᠬᠦᠴᠢᠷᠳᠡᠯ ᠪᠠ ᠠᠰᠠᠭᠤᠳᠠᠯ ᠢ ᠰᠤᠳᠤᠯᠤᠨ  ᠰᠢᠢᠳᠪᠦᠷᠢᠯᠡᠬᠦ ᠶᠢᠨ ᠬᠠᠮᠲᠤ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠡᠭᠦᠷᠭᠡ ᠳᠤ ᠠᠵᠢᠯ ᠤᠨ ᠪᠠᠷᠢᠮᠵᠢᠶ᠎ᠠ᠂ ᠬᠠᠷᠢᠭᠤᠴᠠᠯᠭ᠎ᠠ ᠶᠢᠨ ᠬᠤᠪᠢᠶᠠᠷᠢᠯᠠᠯ ᠪᠠ ᠴᠠᠭ ᠤᠨ ᠬᠢᠵᠠᠭᠠᠷ ᠤᠨ ᠱᠠᠭᠠᠷᠳᠠᠯᠭ᠎ᠠ ᠶᠢ ᠲᠣᠳᠣᠷᠬᠠᠶ ᠲᠣᠭᠲᠠᠭᠠᠪᠠ᠃    
    ᠵᠠᠯᠠᠨ ᠠᠶᠢᠯ ᠬᠤᠳᠠ ᠶᠢᠨ ᠨᠠᠮ ᠤᠨ  ᠬᠤᠷᠢᠶ᠎ᠠ ᠶᠢᠨ ᠱᠦᠵᠢ ᠪᠠᠢ ᡁᠢ ᠵᠢᠶᠦ᠋ᠨ ᠬᠤᠳᠠ ᠶᠢᠨ ᠤᠰᠤ ᠵᠠᠯᠠᠬᠤ ᠢᠨᠵᠧᠨᠧᠷᠢᠩ ᠤᠨ ᠲᠦᠷᠦᠯ ᠵᠦᠢᠯ ᠤᠨ ᠪᠠᠷᠢᠯᠭ᠎ᠠ ᠶᠢᠨ ᠭᠠᠵᠠᠷ ᠲᠤ ᠲᠤᠬᠠᠢ ᠶᠢᠨ ᠲᠠᠯᠠᠪᠠᠢ ᠳᠤ ᠠᠵᠢᠯᠯᠠᠵᠤ᠂ ᠲᠦᠷᠦᠯ ᠵᠦᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ
  ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠱᠦᠵᠢ ᠪᠠᠶ ᡁᠢ ᠵᠢᠶᠦ᠋ᠨ ᠪᠥᠸᠧ ᠷᠦᠨ  ᠱᠦᠢ ᠠᠨ  ᠤ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠬᠦ ᠲᠥᠷᠥᠯ  ᠵᠦᠢᠯ ᠤᠨ ᠪᠠᠷᠢᠯᠭ᠎ᠠ ᠶᠢᠨ ᠭᠠᠵᠠᠷ ᠲᠤ ᠠᠵᠢᠯᠯᠠᠵᠤ᠂ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠠᠵᠢᠯ ᠢ ᠬᠢᠨᠠᠨ ᠵᠢᠯᠣᠭᠤᠳᠪᠠ᠃    ᠪᠠᠶ ᡁᠢ ᠵᠢᠶᠦ᠋ᠨ ᠱᠠᠭᠠᠷᠳᠠᠭᠰᠠᠨ ᠨᠢ᠂ ︽ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠣᠨ︾ ᠢᠶᠠᠷ ᠭᠠᠷᠳᠠᠴᠠ ᠪᠣᠯᠭᠠᠵᠤ᠂ ᠬᠢᠨᠠᠨ ᠬᠠᠮᠢᠶᠠᠷᠬᠤ ᠰᠠᠯᠠᠭ᠎ᠠ ᠮᠥᠴᠢᠷ᠂ ᠪᠠᠷᠢᠯᠭ᠎ᠠ ᠪᠠᠷᠢᠬᠤ ᠨᠢᠭᠡᠴᠡ᠂ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠵᠡᠷᠭᠡ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠠᠷᠢᠯᠭ᠎ᠠ ᠶᠢᠨ ᠵᠢᠷᠤᠮᠵᠢᠯ᠂ ᠮᠡᠷᠭᠡᠵᠢᠯ ᠤᠨ ᠪᠠᠷᠢᠮᠵᠢᠶ᠎ᠠ ᠪᠠ ᠪᠥᠲᠥᠭᠡᠨ ᠪᠠᠶᠢᠭᠤᠯᠤᠯᠲᠠ ᠶᠢᠨ ᠲᠠᠰ ᠳᠠᠷᠠᠭᠠᠯᠠᠯ ᠢ ᠴᠢᠩᠭ᠎ᠠ ᠵᠢᠷᠤᠮᠯᠠᠨ᠂ ᠬᠢᠨᠠᠯᠲᠠ ᠲᠠᠯᠪᠢᠵᠤ ᠬᠢᠨᠠᠨ ᠬᠠᠮᠢᠶᠠᠷᠬᠤ ᠶᠢ ᠴᠢᠩᠭᠠᠳᠬᠠᠵᠤ᠂ ᠴᠡᠭᠴᠡᠯᠡᠨ ᠵᠠᠰᠠᠬᠤ ᠶᠢ ᠴᠢᠩᠳᠠᠯᠠᠵᠤ᠂ ᠪᠠᠷᠢᠯᠭ᠎ᠠ ᠶᠢᠨ ᠡᠮᠬᠢ ᠳᠢᠭᠯᠢᠮ ᠢ ᠵᠢᠷᠤᠮᠵᠢᠭᠤᠯᠤᠨ᠂ ᠠᠮᠤᠷ ᠲᠦᠪᠰᠢᠨ ᠢᠶᠠᠷ ᠪᠠᠷᠢᠯᠭ᠎ᠠ ᠪᠠᠷᠢᠬᠤ᠂ ᠪᠣᠯᠪᠠᠰᠤᠨ ᠢᠶᠠᠷ ᠪᠠᠷᠢᠯᠭ᠎ᠠ ᠪᠠᠷᠢᠬᠤ᠂ ᠪᠣᠬᠢᠷᠲᠤᠯ ᠥᠬᠡᠶ ᠪᠠᠷ ᠪᠠᠷᠢᠯᠭ᠎ᠠ ᠪᠠᠷᠢᠬᠤ ᠶᠢ ᠦᠨᠡᠨᠬᠦ ᠰᠠᠶᠢᠲᠤᠷ ᠬᠢᠵᠦ᠂ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠨ᠂ ᠴᠢᠨᠠᠷ ᠴᠢᠨᠰᠠᠭ᠎ᠠ ᠶᠢᠨ ᠲᠠᠰ ᠳᠠᠪᠬᠤᠷᠭ᠎ᠠ ᠶᠢ ᠳᠡᠭᠡᠭᠰᠢᠯᠡᠭᠦᠯᠵᠦ᠂ ᠴᠢᠨᠠᠷ ᠰᠠᠶᠢᠲᠠᠶ ᠲᠥᠷᠥᠯ  ᠵᠦᠢᠯ ᠢᠶᠠᠷ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠦᠨ᠎ᠡ᠃  
  ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠱᠦᠵᠢ ᠪᠠᠢ ᡁᠢ ᠵᠢᠶᠦ᠋ᠨ ᠰᠦᠩ ᠯᠦ ᠡᠮ ᠦᠢᠯᠡᠳᠬᠦ ᠺᠣᠮᠫᠠᠨᠢ ᠶᠢᠨ ᠥᠭᠡᠷᠡᠴᠢᠯᠡᠵᠦ ᠥᠷᠭᠡᠳᠬᠡᠨ ᠪᠠᠶᠢᠭᠤᠯᠬᠤ ᠲᠦᠷᠦᠯ ᠵᠦᠢᠯ  ᠤᠨ ᠲᠤᠬᠠᠢ ᠶᠢᠨ ᠲᠠᠯᠠᠪᠠᠢ ᠳᠤ ᠠᠵᠢᠯᠯᠠᠵᠤ ᠂ ᠲᠦᠷᠦᠯ ᠵᠦᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃
   ᠵᠠᠯᠠᠨ ᠠᠶᠢᠯ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠠᠢ ᡁᠢ ᠵᠢᠶᠦ᠋ᠨ ᠳᠤᠮᠳᠠᠳᠤ ᠤᠯᠤᠰ ᠤᠨ ᠵᠡᠭᠦᠨ ᠬᠤᠶᠢᠲᠤ ᠶᠢᠨ ᠳᠡᠮᠤᠷ ᠵᠠᠮ ᠤᠨ ᠲᠡᠦᠬᠡ ᠰᠣᠶᠣᠯ ᠤᠨ ᠵᠡᠭᠡᠯᠢ ᠲᠣᠭᠤᠷᠢᠭ ᠤᠨ ᠳᠦᠷᠦᠯ ᠵᠦᠢᠯ ᠳᠤ ᠲᠤᠬᠠᠢ ᠶᠢᠨ ᠲᠠᠯᠠᠪᠠᠢ ᠳᠤ ᠠᠵᠢᠯᠯᠠᠵᠤ᠂ ᠳᠦᠷᠦᠯ ᠵᠦᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ    
       ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠱᠦᠵᠢ ᠪᠠᠢ ᡁᠢ ᠵᠢᠶᠦ᠋ᠨ  ᠳᠠᠪᠠᠭᠠᠨ ᠵᠡᠭᠦᠨᠳᠡᠬᠢ ᠮᠠᠰᠢᠨ ᠲᠡᠷᠭᠡᠨ ᠤ ᠠᠷᠠᠯᠵᠢᠶᠠᠨ ᠤ ᠵᠠᠬ᠎ᠠ ᠳᠡᠯᠭᠡᠭᠦᠷ ᠤᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠠᠵᠢᠯᠯᠠᠵᠤ᠂ ᠲᠦᠷᠦᠯ ᠵᠦᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃    ᠪᠠᠢ ᡁᠢ ᠵᠢᠶᠦ᠋ᠨ᠂ ᠠᠵᠢᠯ ᠤᠨ ᠰᠡᠳᠬᠢᠴᠡ ᠶᠢᠨ ᠰᠢᠨ᠎ᠡ ᠶᠢ ᠡᠭᠦᠳᠴᠦ᠂ ︽ᠬᠦᠯᠢᠶᠡᠬᠦ ᠲᠦᠰᠢᠬᠦ ᠠᠪᠬᠤ︾ ᠦᠵᠡᠯ ᠰᠠᠨᠠᠭ᠎ᠠ ᠶᠢ ᠡᠷᠡᠰ ᠲᠡᠪᠴᠢᠵᠦ᠂ ᠴᠢᠬᠤᠯᠠ ᠵᠠᠩᠭᠢᠯᠠᠭ᠎ᠠ ᠶᠢᠨ ᠴᠡᠭ ᠪᠣᠯᠤᠨ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠭᠦᠨᠵᠡᠭᠡᠢ ᠰᠤᠳᠤᠯᠵᠤ᠂ ᠰᠠᠨᠠᠭᠠᠴᠢᠯᠠᠭ᠎ᠠ ᠠᠴᠠ ᠪᠠᠨ ᠲᠦᠷᠦᠯ ᠵᠦᠢᠯ ᠤᠨ ᠪᠡᠯᠡ ᠮᠥᠩᠭᠦ ᠶᠢ ᠲᠡᠮᠡᠴᠡᠨ ᠣᠯᠵᠤ᠂ ᠦᠨᠡᠨᠬᠦ ᠶᠠᠪᠤᠭᠳᠠᠭᠤᠰᠢᠲᠠᠢ ᠠᠷᠭ᠎ᠠ ᠬᠡᠮᠵᠢᠶ᠎ᠡ ᠠᠪᠴᠤ ᠠᠬᠢᠴᠠ ᠪᠠᠨ ᠲᠦᠷᠭᠡᠳᠬᠡᠵᠦ᠂ ᠠᠷᠠᠳ ᠤᠨ ᠲᠥᠯᠥᠭᠡ ᠪᠣᠳᠠᠲᠠᠢ ᠠᠵᠢᠯ ᠬᠢᠬᠦ ᠲᠦᠷᠦᠯ ᠵᠦᠢᠯ ᠢ ᠡᠷᠬᠡᠪᠰᠢ ᠰᠠᠶᠢᠲᠤᠷ ᠬᠡᠷᠡᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠬᠡᠷᠡᠭᠵᠢᠭᠦᠯᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠬᠤᠲᠠ ᠶᠢᠨ ᠬᠥᠭᠵᠢᠯᠲᠡ ᠶᠢᠨ ᠪᠠᠶᠢᠷᠢᠰᠢᠭᠤᠯᠤᠯᠲᠠ᠂ ᠠᠮᠢ ᠠᠬᠤᠶ ᠶᠢᠨ ᠬᠠᠮᠠᠭᠠᠯᠠᠯᠲᠠ᠂ ᠦᠵᠡᠮᠵᠢ ᠶᠢᠨ ᠪᠥᠲᠥᠭᠡᠨ ᠪᠠᠶᠢᠭᠤᠯᠤᠯᠲᠠ ᠯᠤᠭ᠎ᠠ ᠵᠡᠷᠭᠡ ᠳᠤᠨᠢ ᠲᠥᠯᠥᠪᠵᠢᠭᠦᠯᠵᠦ᠂ ᠨᠢᠭᠡ ᠴᠤᠭᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ ᠢᠵᠢ ᠪᠥᠷᠢᠳᠦᠭᠦᠯᠬᠦ ᠴᠢᠳᠠᠮᠵᠢ ᠶᠢ ᠲᠡᠭᠦᠯᠳᠡᠷᠵᠢᠭᠦᠯᠦᠨ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠂ ᠠᠷᠠᠳ ᠤᠨ ᠠᠮᠢᠳᠤᠷᠠᠯ ᠤᠨ ᠢᠨᠵᠧᠨᠧᠷᠢᠩ ᠢ ᠰᠠᠶᠢᠲᠤᠷ ᠪᠠᠶᠢᠭᠤᠯᠬᠤ ᠬᠡᠷᠡᠭᠲᠡᠶ᠃ ᠬᠢᠲᠠᠳ ᠡᠮ ᠤᠨ ᠠᠵᠤ ᠦᠢᠯᠡᠰ ᠤᠨ ᠬᠡᠯᠬᠢᠶ᠎ᠡ ᠶᠢ ᠨᠥᠬᠦᠪᠥᠷᠢᠯᠡᠬᠦ ᠶᠢᠨ ᠲᠣᠭᠤᠷᠢᠨ ᠳᠤ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠴᠢᠩᠭᠠᠳᠬᠠᠵᠤ᠂ ᠳᠡᠭᠡᠳᠦ ᠳᠤᠤᠷᠠᠳᠤ ᠤᠷᠤᠰᠬᠠᠯ ᠤᠨ ᠠᠵᠤ ᠠᠬᠤᠶᠢᠯᠠᠯ ᠤᠨ ᠬᠠᠮᠲᠤᠷᠠᠯᠴᠠᠨ ᠬᠥᠭᠵᠢᠬᠦ ᠶᠢ ᠢᠳᠡᠪᠬᠢᠲᠡᠢ ᠬᠦᠳᠦᠯᠦᠨ ᠵᠢᠯᠣᠭᠤᠳᠴᠤ᠂ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ ᠠᠮᠢᠳᠤᠯᠢᠭ ᠪᠣᠯᠭᠠᠬᠤ ᠪᠠᠷ ᠴᠢᠷᠮᠠᠶᠢᠬᠤ ᠬᠡᠷᠡᠭᠲᠡᠢ᠃ ᠳᠤᠮᠳᠠᠳᠤ ᠣᠯᠣᠰ ᠤᠨ ᠵᠡᠭᠦᠨ ᠬᠤᠶᠢᠳᠣᠬᠢ ᠲᠡᠮᠦᠷ ᠵᠠᠮ ᠤᠨ ᠲᠡᠤᠬᠡ ᠰᠣᠶᠣᠯ ᠤᠨ ᠵᠡᠭᠡᠯᠢ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠪᠦᠬᠦᠯᠢ ᠴᠣᠭᠴᠠ ᠶᠢᠨ ᠵᠢᠷᠤᠭ ᠲᠥᠯᠥᠪᠯᠡᠭᠡ ᠶᠢᠨ ᠲᠥᠰᠦᠯ ᠢ ᠱᠠᠯᠠᠪᠳᠠᠨ ᠲᠡᠭᠦᠯᠳᠡᠷᠵᠢᠭᠦᠯᠵᠦ᠂ ᠲᠡᠤᠬᠡ ᠶᠢᠨ ᠪᠠᠷᠢᠯᠭ᠎ᠠ ᠶᠢ ᠬᠠᠮᠠᠭᠠᠯᠠᠬᠤ᠂ ᠰᠡᠯᠪᠢᠨ ᠵᠠᠰᠠᠬᠤ ᠪᠠ ᠨᠡᠭᠡᠭᠡᠨ ᠠᠰᠢᠭᠯᠠᠬᠤ ᠠᠵᠢᠯ ᠢ ᠨᠠᠩ ᠰᠢᠨᠵᠢᠯᠡᠬᠦ ᠤᠬᠠᠭᠠᠨᠴᠢ ᠪᠥᠭᠡᠳ ᠵᠦᠶ ᠵᠣᠬᠢᠰᠲᠠᠶ ᠰᠠᠶᠢᠲᠤᠷ ᠬᠢᠵᠦ᠂ ᠲᠡᠤᠬᠡ ᠰᠣᠶᠣᠯ ᠬᠢᠭᠡᠳ ᠵᠢᠭᠤᠯᠴᠢᠯᠠᠯ ᠤᠨ ᠠᠵᠤ  ᠦᠢᠯᠡᠰ᠂ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠵᠠᠯᠠᠨ ᠠᠶᠢᠯ ᠬᠤᠲᠠ ᠶᠢᠨ ᠨᠢᠭᠡᠨ ᠭᠤᠶᠢᠳᠠ ᠰᠠᠶᠢᠬᠠᠨ ᠨᠡᠷ᠎ᠡ ᠶᠢᠨ ᠬᠠᠭᠤᠳᠠᠰᠤ ᠪᠣᠯᠭᠠᠨ ᠴᠣᠭᠴᠠᠯᠠᠬᠤ ᠬᠡᠷᠡᠭᠲᠡᠶ᠃    
 
ᠢᠷᠡᠯᠲᠡ᠄ ᠵᠠᠯᠠᠨ ᠠᠶᠢᠯ ᠬᠤᠳᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号