2022 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠬᠤᠶᠠᠳᠤᠭᠠᠷ  ᠬᠤᠭᠤᠴᠠᠭ᠎ᠠ︶
ᠨᠡᠶᠢᠲᠡᠯᠡᠭᠰᠡᠨ ᠴᠠᠭ᠄
2022/7/18
ᠬᠤᠶᠠᠷ᠂ ᠬᠤᠶᠢᠰᠢᠳᠠ ᠶᠢᠨ ᠲᠠᠪᠤᠨ ᠵᠢᠯ ᠤᠨ ᠠᠵᠢᠯ ᠤᠨ ᠰᠡᠳᠬᠢᠴᠡ ᠪᠠ ᠲᠡᠮᠡᠴᠡᠯ ᠤᠨ ᠬᠠᠷᠠᠯᠲᠠ ᠲᠥᠯᠥᠭᠡᠯᠡᠭᠴᠢᠳ ᠡ᠂ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠡᠭᠦᠷᠭᠡ ᠲᠤᠰᠢᠶᠠᠯ ᠢᠶᠠᠨ ᠭᠦᠢᠴᠡᠳᠭᠡᠭᠰᠡᠨ ᠲᠠᠪᠤᠨ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠬᠤᠭᠤᠴᠠᠭ᠎ᠠ ᠪᠣᠯᠬᠤ ᠪᠠᠷ ᠪᠠᠷᠠᠬᠤ ᠥᠬᠡᠶ᠂ ᠨᠠᠩ ᠴᠤ ᠵᠠᠯᠠᠨ ᠠᠶᠢᠯ ᠤᠨ ᠶᠡᠭᠡ  ᠤᠶᠢᠯᠡᠰ ᠢ ᠪᠦᠲᠦᠭᠡᠵᠦ ᠪᠣᠯᠬᠤ ᠠᠵᠠ ᠲᠣᠬᠢᠶᠠᠯᠳᠤ ᠬᠤᠭᠤᠴᠠᠭ᠎ᠠ ᠪᠣᠯᠤᠨ᠎ᠠ᠃ ᠬᠤᠳᠠ ᠶᠢᠨ ᠶᠢᠰᠦᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠬᠤᠳᠠ ᠶᠢᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠬᠤᠶᠠᠳᠤᠭᠠᠷ ᠪᠦᠬᠦᠳᠠ ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯ ᠳᠡᠭᠡᠷ᠎ᠡ᠂ ᠬᠤᠶᠢᠰᠢᠳᠠ ᠶᠢᠨ ᠨᠢᠭᠡ ᠬᠤᠭᠤᠴᠠᠭᠠᠨ ᠤ ᠬᠥᠭᠵᠢᠯᠲᠡ ᠶᠢᠨ ᠬᠠᠷᠠᠯᠲᠠ ᠶᠢ ᠨᠢᠭᠡᠨᠲᠡ ᠲᠣᠳᠣᠷᠬᠠᠶᠢᠯᠠᠪᠠ᠂ ᠡᠨᠡ ᠪᠣᠯ ᠬᠤᠳᠠ ᠶᠢᠨ ᠨᠠᠮ ᠤᠨ ᠬᠤᠷᠢᠶ᠎ᠠ ᠶᠢᠨ ᠣᠳᠣᠬᠠᠨ ᠤ ᠪᠠᠶᠢᠳᠠᠯ ᠳᠤ ᠰᠠᠭᠤᠷᠢᠯᠠᠵᠤ᠂ ᠬᠤᠳᠠ ᠶᠢᠨ ᠪᠠᠶᠢᠳᠠᠯ ᠳᠤ ᠰᠠᠭᠤᠷᠢᠯᠠᠨ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠭᠰᠡᠨ ᠬᠥᠭᠵᠢᠯᠲᠡ ᠶᠢᠨ ᠵᠢᠷᠤᠭ ᠲᠥᠯᠥᠪᠯᠡᠭᠡ ᠪᠣᠯᠤᠨ᠎ᠠ᠃  ᠪᠢᠳᠡ ᠬᠤᠲᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠢᠳᠡᠪᠬᠢᠲᠡᠶ ᠪᠠᠷ ᠡᠭᠦᠷᠭᠡᠯᠡᠨ ᠠᠵᠢᠯᠯᠠᠵᠤ᠂ ᠬᠥᠭᠵᠢᠯᠲᠡ ᠶᠢᠨ ᠬᠦᠨᠳᠦ ᠡᠭᠦᠷᠭᠡ ᠶᠢ ᠵᠣᠷᠢᠭᠲᠠᠶ ᠪᠠᠷ ᠡᠭᠦᠷᠭᠡᠯᠡᠨ᠂ ᠬᠡᠵᠢᠶᠡᠳᠡ ᠰᠢᠨᠲᠠᠷᠠᠰᠢ ᠦᠭᠡᠶ ᠣᠶᠤᠨ ᠰᠠᠨᠠᠭᠠᠨ ᠤ ᠳᠦᠷᠰᠦ ᠪᠠᠶᠢᠳᠠᠯ ᠪᠣᠯᠤᠨ ᠴᠤᠴᠠᠯᠲᠠ ᠦᠭᠡᠶ ᠲᠡᠮᠡᠴᠡᠬᠦ ᠳᠦᠷᠢ ᠪᠠᠶᠢᠳᠠᠯ ᠢᠶᠠᠷ ᠵᠠᠯᠠᠨ ᠠᠶᠢᠯ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠪᠤᠶ ᠪᠣᠯᠭᠠᠨ᠎ᠠ ᠭᠡᠵᠡᠶ᠃  ᠬᠤᠶᠢᠰᠢᠳᠠ ᠶᠢᠨ ᠲᠠᠪᠤᠨ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠰᠡᠳᠬᠢᠴᠡ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠵᠤ᠂ ᠰᠢᠰᠲ᠋ᠧᠮᠲᠦ ᠦᠵᠡᠯᠲᠡ ᠪᠠᠨ ᠪᠠᠷᠢᠮᠲᠠᠯᠠᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠣᠯᠭᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠱᠤᠭᠤᠮ ᠪᠣᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠣᠯᠭᠠᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠵᠣᠷᠢᠯᠭ᠎ᠠ ᠪᠣᠯᠭᠠᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠨ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠶ ᠵᠠᠮᠨᠠᠵᠤ᠂ ︽ᠪᠣᠬᠢᠷᠲᠤᠯ ᠦᠭᠡᠶ ᠪᠠᠷ ᠬᠥᠭᠵᠢᠨ ᠮᠠᠨᠳᠤᠬᠤ᠂ ᠠᠷᠠᠳ ᠢ ᠪᠠᠶᠠᠵᠢᠭᠤᠯᠤᠨ ᠬᠤᠲᠠ ᠶᠢ ᠬᠦᠴᠦᠷᠬᠡᠭᠵᠢᠭᠦᠯᠬᠦ᠂ ᠬᠥᠭᠵᠢᠯ ᠴᠡᠴᠡᠭᠯᠡᠯ ᠢ ᠬᠠᠮᠲᠤ ᠪᠠᠷ ᠡᠳ᠋ᠯᠡᠬᠦ︾ ᠶᠢ ᠳᠣᠪᠤᠶᠢᠯᠭᠠᠵᠤ᠂ ᠭᠤᠷᠪᠠᠨ ᠠᠵᠤ ᠦᠢᠯᠡᠰ ᠤᠨ ᠠᠭᠤᠰᠤᠯᠴᠠᠯ᠂ ᠰᠣᠶᠣᠯ ᠵᠤᠭᠠᠴᠠᠯ ᠤᠨ ᠠᠭᠤᠰᠤᠯᠴᠠᠯ᠂ ᠠᠵᠤ ᠦᠢᠯᠡᠰ ᠪᠠ ᠬᠤᠲᠠ ᠶᠢᠨ ᠠᠭᠤᠰᠤᠯᠴᠠᠯ ᠢ ᠭᠦᠨᠵᠡᠭᠡᠶ ᠠᠬᠢᠭᠤᠯᠵᠤ᠂ ᠵᠠᠯᠠᠨ ᠠᠶᠢᠯ ᠬᠤᠲᠠ ᠶᠢ ᠥᠪᠥᠷ ᠮᠣᠩᠭᠤᠯ ᠤᠨ ᠵᠡᠭᠦᠨ ᠬᠡᠰᠡᠭ ᠤᠨ ᠪᠣᠬᠢᠷᠲᠤᠯ ᠦᠭᠡᠶ ᠲᠠᠷᠢᠶᠠᠯᠠᠩ ᠮᠠᠯ ᠠᠵᠤ ᠠᠬᠤᠶ ᠣᠶ ᠰᠢᠭᠤᠶ ᠶᠢᠨ ᠪᠦᠲᠦᠭᠡᠭᠳᠡᠬᠦᠨ ᠢ ᠦᠢᠯᠡᠳᠪᠦᠷᠢᠯᠡᠨ ᠪᠣᠯᠪᠠᠰᠤᠷᠠᠭᠤᠯᠵᠤ ᠭᠠᠳᠠᠭᠰᠢ ᠭᠠᠷᠭᠠᠬᠤ ᠰᠠᠭᠤᠷᠢᠨ ᠭᠠᠵᠠᠷ᠂ ᠠᠮᠠᠷᠠᠯᠲᠠ ᠰᠡᠯᠡᠭᠦᠴᠡᠯ ᠵᠢᠭᠤᠯᠴᠢᠯᠠᠯ ᠤᠨ ᠵᠣᠷᠢᠭᠰᠠᠨ ᠭᠠᠵᠠᠷ᠂ ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡ ᠶᠢᠨ ᠲᠥᠪᠯᠡᠷᠡᠭᠦᠯᠦᠨ ᠲᠠᠷᠬᠠᠭᠠᠬᠤ ᠭᠠᠵᠠᠷ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠨ᠎ᠠ᠃ ᠳᠤᠮᠳᠠᠳᠤ ᠤᠯᠤᠰ ᠤᠨ ᠤᠮᠠᠷᠠᠲᠤ ᠶᠢᠨ ᠠᠭᠠᠷ ᠤᠨ ᠠᠶᠠᠯᠠᠯ ᠤᠨ ᠤᠨᠴᠠᠯᠢᠬᠳᠤ ᠵᠢᠵᠢᠭ ᠪᠠᠯᠭᠠᠰᠤ᠂ ᠰᠣᠶᠣᠯ ᠦᠵᠡᠰᠬᠦᠯᠡᠩ ᠤᠨ ᠵᠠᠩ ᠦᠢᠯᠡ ᠶᠢᠨ ᠵᠢᠵᠢᠭ ᠪᠠᠯᠭᠠᠰᠤ᠂ ᠠᠮᠢ ᠠᠬᠤᠢ ᠶᠢᠨ ᠡᠷᠡᠭᠦᠯ ᠬᠠᠮᠠᠭᠠᠯᠠᠯ ᠤᠨ ᠵᠢᠵᠢᠭ ᠪᠠᠯᠭᠠᠰᠤ ᠶᠢ ᠨᠡᠷ᠎ᠡ ᠨᠢᠳᠡᠷ ᠲᠡᠭᠡᠨ ᠨᠡᠶᠢᠴᠡᠭᠰᠡᠨ ᠬᠥᠯᠥᠨ ᠪᠤᠶᠢᠷ ᠤᠨ ᠳᠡᠳ᠋ ᠲᠥᠪ ᠬᠤᠳᠠ ᠪᠣᠯᠭᠠᠨ ᠪᠦᠳᠦᠭᠡᠨ ᠪᠠᠶᠢᠭᠤᠯᠵᠤ᠂ ᠣᠳᠣᠬᠢᠴᠢᠯᠠᠯᠲᠠ ᠶᠢᠨ ᠰᠢᠨ᠎ᠡ ᠠᠶᠠᠨ ᠵᠠᠮ ᠳᠤ ᠵᠠᠯᠠᠨ ᠠᠶᠢᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠨ᠎ᠡ᠃    ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠦᠷᠳᠡᠭ ᠢ ᠵᠢᠯ ᠪᠦᠷᠢ ᠳᠤᠮᠳᠠᠴᠢ ᠪᠠᠷ 3.5%      ᠠᠴᠠ ᠳᠡᠭᠡᠭᠰᠢ ᠨᠡᠮᠡᠭᠳᠡᠭᠦᠯᠦᠨ᠎ᠡ︔ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 6.12 ᠳ᠋ᠦᠩᠰᠢᠭᠤᠷ ᠲᠥᠭᠦᠷᠢᠭ ᠲᠤ ᠬᠦᠷᠭᠡᠵᠦ᠂ ᠵᠢᠯ ᠪᠦᠷᠢ ᠳᠤᠮᠳᠠᠴᠢ ᠪᠠᠷ 4%      ᠠᠴᠠ ᠳᠡᠭᠡᠭᠰᠢ ᠨᠡᠮᠡᠭᠳᠡᠭᠦᠯᠦᠨ᠎ᠡ︔ ᠨᠡᠶᠢᠭᠡᠮ ᠤᠨ ᠬᠡᠷᠡᠭᠯᠡᠭᠡᠨ ᠤ ᠡᠳ᠋ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠬᠡᠮᠵᠢᠶ᠎ᠡ 33.16 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠪᠦᠷᠢ ᠳᠤᠮᠳᠠᠴᠢ ᠪᠠᠷ 3%      ᠠᠴᠠ ᠳᠡᠭᠡᠭᠰᠢ ᠨᠡᠮᠡᠭᠳᠡᠪᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 44900 ᠲᠥᠭᠦᠷᠢᠭ ᠪᠠ 28600 ᠲᠥᠭᠦᠷᠢᠭ ᠲᠤ ᠬᠦᠷᠴᠦ᠂ ᠵᠢᠯ ᠪᠦᠷᠢ ᠳᠤᠮᠳᠠᠴᠢ ᠪᠠᠷ 3% ᠪᠠ 6% ᠨᠡᠮᠡᠭᠳᠡᠪᠡ︔ ᠲᠣᠭᠲᠠᠮᠠᠯ ᠬᠦ᠋ᠷᠦᠩᠭᠡ ᠶᠢᠨ ᠪᠡᠯᠡ ᠣᠷᠣᠭᠤᠯᠤᠯᠲᠠ 33 ᠳ᠋ᠦᠩᠰᠢᠭᠤᠷ ᠲᠥᠭᠦᠷᠢᠭ ᠲᠤ ᠬᠦᠷᠴᠡᠶ᠃ ᠶᠡᠷᠦᠩᠬᠡᠶᠢᠯᠡᠭᠰᠡᠨ ᠪᠣᠳᠠᠲᠤ ᠬᠦᠴᠦᠨ ᠢᠶᠠᠷ ᠬᠥᠯᠥᠨ ᠪᠤᠶᠢᠷ ᠬᠤᠲᠠ ᠶᠢᠨ ᠨᠢᠭᠡᠳᠦᠭᠡᠷ ᠵᠢᠭᠰᠠᠭᠠᠯ ᠢ ᠦᠷᠭᠦᠯᠵᠢᠯᠡᠨ ᠪᠠᠲᠤᠯᠠᠨ᠎ᠠ᠃    ᠳᠡᠭᠡᠷ᠎ᠡ ᠳᠤᠷᠠᠳᠤᠭᠰᠠᠨ ᠬᠠᠷᠠᠯᠲᠠ ᠶᠢᠨ ᠲᠣᠭᠤᠷᠢᠨ ᠳᠤ᠂ ᠪᠢᠳᠡ ᠳᠣᠤᠷᠠᠬᠢ ᠠᠵᠢᠯ ᠤᠳ ᠢ ᠭᠤᠤᠯᠳᠠᠯᠭ᠎ᠠ ᠲᠠᠢ ᠰᠠᠶᠢᠲᠤᠷ ᠬᠢᠨ᠎ᠠ᠄   — ᠪᠣᠬᠢᠷᠲᠤᠯ ᠥᠬᠡᠶ ᠠᠵᠤ ᠤᠶᠢᠯᠡᠰ ᠢ ᠲᠦᠷᠭᠡᠳᠬᠡᠨ ᠬᠥᠭᠵᠢᠭᠦᠯᠵᠦ᠂ ᠥᠪᠥᠷ ᠮᠣᠩᠭᠤᠯ ᠤᠨ ᠵᠡᠭᠦᠨ ᠬᠡᠰᠡᠭ ᠤᠨ ᠴᠢᠬᠤᠯᠠ ᠪᠣᠬᠢᠷᠲᠤᠯ ᠥᠬᠡᠶ ᠲᠠᠷᠢᠶᠠᠯᠠᠩ ᠮᠠᠯ ᠠᠵᠤ ᠠᠬᠤᠶ ᠣᠶ ᠰᠢᠭᠤᠶ ᠶᠢᠨ ᠪᠦᠲᠦᠭᠡᠭᠳᠡᠬᠦᠨ ᠢ ᠤᠶᠢᠯᠡᠳᠪᠦᠷᠢᠯᠡᠵᠤ ᠡᠳ᠋ᠰᠢᠭᠦᠯᠦᠨ ᠭᠠᠳᠠᠭᠰᠢ ᠭᠠᠷᠭᠠᠬᠤ ᠰᠠᠭᠤᠷᠢᠨ ᠭᠠᠵᠠᠷ ᠢ ᠪᠠᠶᠢᠭᠤᠯᠤᠨ᠎ᠠ᠃ ᠪᠣᠬᠢᠷᠲᠤᠯ ᠥᠬᠡᠶ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠡᠷᠬᠢᠯᠳᠡᠳᠦ᠂ ᠦᠷᠭᠦᠯᠵᠢᠯᠡᠬᠦ ᠬᠥᠭᠵᠢᠯᠲᠡ ᠶᠢ ᠪᠠᠷᠢᠮᠲᠠᠯᠠᠵᠤ᠂ ᠪᠣᠬᠢᠷᠲᠤᠯ ᠥᠬᠡᠶ ᠲᠠᠷᠢᠶᠠᠯᠠᠩ ᠮᠠᠯ ᠠᠵᠤ ᠠᠬᠤᠶ ᠣᠶ ᠰᠢᠭᠤᠶ ᠶᠢᠨ ᠪᠦᠲᠦᠭᠡᠭᠳᠡᠬᠦᠨ ᠢ ᠨᠠᠷᠢᠯᠢᠭ ᠭᠦᠨᠵᠡᠭᠡᠶ ᠡᠳ᠋ᠰᠢᠭᠦᠯᠬᠦ ᠪᠠ ᠠᠵᠤ ᠤᠶᠢᠯᠡᠰ ᠢ ᠤᠷᠲᠤᠳᠬᠠᠨ ᠲᠠᠰ ᠳᠡᠪᠰᠢᠭᠦᠯᠬᠦ ᠶᠢ ᠪᠥᠬᠦ ᠲᠠᠯ᠎ᠠ ᠪᠠᠷ ᠠᠬᠢᠭᠤᠯᠤᠨ᠎ᠠ᠃ ᠪᠣᠬᠢᠷᠲᠤᠯ ᠥᠬᠡᠶ ᠲᠠᠷᠢᠶᠠᠯᠠᠩ ᠮᠠᠯ ᠠᠵᠤ ᠠᠬᠤᠶ ᠶᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠶᠢ ᠡᠷᠡᠰ ᠬᠤᠷᠢᠭᠯᠠᠵᠤ᠂ ︽ᠠᠮᠤ ᠪᠤᠳᠠᠭᠠᠨ ᠤ ᠪᠤᠰᠤ ᠪᠣᠯᠭᠠᠬᠤ︾ ᠶᠢ ᠰᠡᠷᠭᠡᠶᠢᠯᠡᠨ᠂ ᠲᠠᠷᠢᠮᠠᠯ ᠤᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 50 ᠲᠦᠮᠡᠨ ᠮᠥ ᠪᠥᠲᠥᠭᠡᠨ ᠪᠠᠶᠢᠭᠤᠯᠵᠤ᠂ ᠠᠮᠤ ᠪᠤᠳᠠᠭᠠᠨ ᠤ ᠶᠡᠷᠦᠩᠬᠡᠶ ᠤᠨᠠᠯᠲᠠ ᠶᠢ 25 ᠳ᠋ᠦᠩᠰᠢᠭᠤᠷ ᠵᠢᠩ ᠠᠴᠠ ᠳᠡᠭᠡᠭᠰᠢ ᠳᠤ ᠲᠣᠭᠲᠠᠪᠤᠷᠢᠵᠢᠭᠤᠯᠤᠨ᠎ᠠ᠃ ︽ᠦᠬᠡᠷ ᠢ ᠲᠣᠭᠲᠠᠪᠤᠷᠢᠵᠢᠭᠤᠯᠵᠤ ᠭᠠᠭ᠋ᠠᠶ ᠶᠢ ᠲᠣᠭᠲᠠᠪᠤᠷᠢᠵᠢᠭᠤᠯᠵᠤ ᠬᠤᠨᠢ ᠶᠢ ᠨᠡᠮᠡᠭᠳᠡᠭᠦᠯᠬᠦ︾ ᠶᠢ ᠪᠠᠷᠢᠮᠲᠠᠯᠠᠨ᠂ ᠬᠡᠪᠴᠢᠶᠡᠵᠢᠭᠦᠯᠦᠨ ᠡᠷᠴᠢᠮᠵᠢᠭᠦᠯᠦᠨ ᠲᠡᠵᠢᠭᠡᠨ ᠦᠷᠡᠵᠢᠭᠦᠯᠬᠦ ᠶᠢ ᠵᠣᠷᠢᠭᠵᠢᠭᠤᠯᠵᠤ᠂ ᠮᠠᠯ ᠤᠨᠤᠭ᠎ᠠ ᠶᠢ 180 ᠲᠦᠮᠡᠨ ᠲᠣᠯᠣᠭᠠᠶ ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠦᠨ᠎ᠡ᠃ ᠣᠷᠣᠨ ᠪᠦᠰᠡ ᠶᠢᠨ ᠤᠨᠴᠠᠯᠢᠭᠳᠤ ᠠᠵᠤ ᠤᠶᠢᠡᠯᠰ ᠤᠨ ᠬᠦᠷᠢᠶ᠎ᠡ ᠶᠢ ᠪᠣᠶ ᠪᠣᠯᠭᠠᠵᠤ᠂ ᠣᠲᠣ ᠦᠶ᠎ᠡ ᠶᠢᠨ ᠠᠯᠠᠰᠢᠨ ᠬᠤᠨᠢ ᠲᠡᠵᠢᠭᠡᠨ ᠦᠷᠡᠵᠢᠭᠦᠯᠬᠦ ᠲᠥᠷᠥᠯ ᠵᠤᠶᠢᠯ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠬᠥᠯᠥᠨ ᠪᠤᠶᠢᠷ ᠤᠨ ᠲᠠᠯ᠎ᠠ ᠨᠤᠲᠤᠭ ᠤᠨ ᠠᠯᠠᠰᠢᠨ ᠬᠤᠨᠢᠨ ᠤ ᠨᠠᠷᠠᠲᠤ ᠲᠥᠷᠥᠯ ᠲᠡᠮᠳᠡᠭᠲᠦ ᠳᠤ ᠠᠭᠤᠰᠬᠠᠨ ᠣᠷᠣᠭᠤᠯᠵᠤ᠂ ︽ᠯᠢᠩ ᠳ᠋ᠦᠩ ᠬᠤᠨᠢ︾ ᠶᠢᠨ ᠨᠠᠷᠠᠲᠤ ᠲᠥᠷᠥᠯ ᠲᠡᠮᠳᠡᠭᠲᠦ ᠶᠢ ᠠᠯᠬᠤᠮ ᠠᠯᠬᠤᠮ ᠢᠶᠠᠷ ᠪᠣᠶ ᠪᠣᠯᠭᠠᠨ᠎ᠠ︔ ᠪᠥᠬᠦ ᠬᠤᠲᠠ ᠶᠢᠨ ᠬᠠᠷ᠎ᠠ ᠳᠡᠯᠳᠡᠦ ᠶᠢᠨ ᠲᠠᠷᠢᠮᠠᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠦᠨ᠂ ᠵᠠᠯᠠᠨ ᠠᠶᠢᠯ ᠤᠨ ᠬᠠᠷ᠎ᠠ ᠳᠡᠯᠳᠡᠦ ᠶᠢᠨ ᠧᠦ᠋ᠷᠣᠫᠠ ᠲᠢᠪ ᠤᠨ ᠤᠯᠤᠰ ᠤᠳ ᠤᠨ ᠬᠤᠯᠪᠣᠭ᠎ᠠ ᠶᠢᠨ ᠭᠡᠷᠡᠴᠢᠯᠡᠯ ᠤᠨ ᠨᠠᠷᠠᠲᠤ ᠲᠥᠷᠥᠯ ᠲᠡᠮᠳᠡᠭᠲᠦ ᠶᠢᠨ ᠤᠶᠢᠯᠡᠳᠤᠯ ᠢ ᠪᠠᠳᠠᠷᠠᠭᠤᠯᠵᠤ᠂ ︽ᠵᠢᠵᠢᠭ ᠳᠡᠯᠳᠡᠦ︾ ᠶᠢ ︽ᠲᠣᠮᠣ ᠠᠵᠤ ᠤᠶᠢᠯᠡᠰ︾ ᠪᠣᠯᠭᠠᠨ᠎ᠠ᠃ ᠣᠷᠴᠢᠯ ᠠᠵᠤ ᠦᠢᠯᠡᠳᠪᠦᠷᠢ ᠶᠢ ᠲᠦᠷᠭᠡᠪᠴᠢᠯᠡᠨ ᠬᠥᠭᠵᠢᠭᠦᠯᠦᠨ᠎ᠡ᠃ ᠡᠬᠢ ᠪᠠᠶᠠᠯᠢᠭ ᠤᠨ ᠬᠤᠷᠣᠭᠳᠠᠯ ᠢᠶᠠᠷ ᠪᠠᠭ᠎ᠠ ᠂ ᠣᠷᠴᠢᠨ ᠲᠣᠭᠤᠷᠢᠨ ᠤ ᠪᠣᠬᠢᠷᠲᠤᠯ ᠢᠶᠠᠷ ᠪᠠᠭ᠎ᠠ᠂ ᠠᠵᠤ ᠠᠬᠤᠶ ᠶᠢᠨ ᠦᠷ᠎ᠡ ᠠᠰᠢᠭ ᠢᠶᠠᠷ ᠰᠠᠶᠢᠨ ᠣᠷᠴᠢᠯ ᠠᠵᠤ  ᠤᠶᠢᠯᠡᠳᠪᠦᠷᠢ ᠶᠢᠨ ᠠᠵᠤ ᠠᠬᠤᠶ ᠶᠢᠨ ᠪᠣᠷᠣ ᠲᠥᠯᠥᠪ ᠢ ᠪᠣᠶ ᠪᠣᠯᠭᠠᠬᠤ ᠶᠢᠨ ᠲᠣᠭᠤᠷᠢᠨ ᠳᠤ᠂ ᠹᠦ᠋ ᠹᠤᠩ ᠺᠣᠮᠫᠠᠨᠢ ᠶᠢᠨ ᠭᠤᠷᠪᠠᠳᠤᠭᠠᠷ ᠬᠤᠭᠤᠴᠠᠭᠠᠨ ᠤ ᠲᠥᠷᠥᠯ ᠵᠤᠶᠢᠯ ᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠳᠡᠯᠡᠬᠡᠶ ᠶᠢᠨ ᠲᠠᠰ ᠤᠨ ᠡᠷᠳᠡᠨᠢ ᠰᠢᠰᠢ ᠶᠢᠨ ᠨᠠᠷᠢᠯᠢᠭ ᠡᠳ᠋ᠰᠢᠭᠦᠯᠬᠦ ᠨᠢᠰᠬᠡᠯ ᠤᠨ ᠰᠠᠭᠤᠷᠢ ᠬᠥᠯᠭᠡ ᠣᠩᠭᠤᠴᠠ ᠶᠢᠨ ᠰᠠᠭᠤᠷᠢᠨ ᠭᠠᠵᠠᠷ ᠢ ᠪᠠᠶᠢᠭᠤᠯᠵᠤ ᠂ 2026 ᠣᠨ ᠪᠣᠯᠬᠤ ᠳᠤ ᠪᠥᠬᠦ ᠬᠤᠲᠠ ᠶᠢᠨ ᠡᠷᠳᠡᠨᠢ ᠰᠢᠰᠢ ᠶᠢᠨ ᠵᠢᠯ ᠤᠨ ᠡᠳ᠋ᠰᠢᠭᠦᠯᠬᠦ ᠴᠢᠳᠠᠪᠤᠷᠢ ᠶᠢ 400 ᠲᠦᠮᠡᠨ ᠲᠣᠨ ᠳᠤ ᠬᠦᠷᠦᠭᠦᠯᠦᠨ᠎ᠡ᠃ ᠴᠠᠭᠠᠰᠤ ᠴᠠᠷᠳᠠᠬᠤ ᠺᠣᠮᠫᠠᠨᠢ᠂ ᠰᠥᠩ ᠯᠦ ᠡᠮ ᠦᠢᠯᠡᠳᠬᠦ ᠵᠡᠷᠭᠡ ᠠᠵᠤ ᠠᠬᠤᠶᠢᠯᠠᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠢᠳᠡᠪᠬᠢᠲᠡᠶ ᠠᠬᠢᠭᠤᠯᠵᠤ᠂ ᠭᠦᠸᠧ  ᠰᠡᠨ ᠠᠭᠤᠷᠬᠠᠶ ᠶᠢᠨ  ᠤᠶᠢᠯᠡᠰ ᠤᠨ 15 ᠲᠦᠮᠡᠨ ᠲᠣᠨ ᠤ ᠢᠰᠦᠯᠳᠦᠭᠰᠡᠨ ᠠᠭᠤᠷᠬᠠᠶ᠂ ᠴᠦᠨ ᠵᠢᠶᠠᠩ ᠤᠨ ᠲᠣᠰᠣ 5000 ᠲᠣᠨ ᠪᠤᠷᠴᠠᠭ ᠤᠨ ᠤᠭᠤᠷᠠᠭ ᠵᠡᠷᠭᠡ ᠲᠥᠷᠥᠯ  ᠵᠤᠶᠢᠯ ᠤᠨ ᠠᠰᠢᠭᠯᠠᠯᠲᠠ ᠳᠤ ᠣᠷᠣᠬᠤ ᠶᠢ ᠲᠦᠷᠭᠡᠳᠬᠡᠨ᠎ᠡ᠃ ᠤᠯᠤᠰ ᠤᠨ ᠳᠣᠲᠣᠭᠠᠳᠤ ᠶᠢᠨ ᠨᠠᠷᠠᠲᠠᠶ ᠮᠠᠯ ᠤᠨ ᠠᠰᠢᠭ ᠰᠢᠮ᠎ᠡ ᠶᠢ ᠡᠳ᠋ᠰᠢᠭᠦᠯᠬᠦ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠮᠢᠬ᠎ᠠ ᠪᠠ ᠮᠢᠬᠠᠨ ᠤ ᠲᠥᠷᠥᠯ ᠤᠨ ᠪᠤᠯᠭᠤᠭᠰᠠᠨ ᠢᠳᠡᠭᠡᠨ ᠤ ᠠᠵᠤ  ᠤᠶᠢᠯᠡᠰ ᠢ ᠳᠠᠪᠠᠭ᠎ᠠ ᠶᠢᠨ ᠵᠡᠭᠦᠨᠳᠡᠬᠢ ᠲᠠᠷᠢᠶᠠᠯᠠᠩ ᠮᠠᠯ ᠠᠵᠤ ᠠᠬᠤᠶ ᠣᠶ ᠰᠢᠭᠤᠶ ᠶᠢᠨ ᠪᠦᠲᠦᠭᠡᠭᠳᠡᠬᠦᠨ ᠤ ᠨᠡᠭᠡᠭᠡᠯᠲᠡ ᠶᠢᠨ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠠᠵᠤ ᠠᠬᠤᠶᠢᠯᠠᠯ ᠤᠨ ᠲᠥᠪᠯᠡᠷᠡᠯ᠂ ᠬᠦᠴᠦᠨ  ᠵᠤᠶᠢᠯ ᠤᠨ ᠲᠥᠪᠯᠡᠷᠡᠯ᠂ ᠠᠵᠤ ᠤᠶᠢᠯᠡᠰ ᠤᠨ ᠪᠥᠭᠡᠮᠨᠡᠷᠡᠯ ᠤᠨ ᠬᠥᠭᠵᠢᠯᠲᠡ ᠶᠢ ᠠᠬᠢᠭᠤᠯᠤᠨ᠎ᠠ᠃ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠶᠢ ᠪᠥᠬᠦ ᠲᠠᠯ᠎ᠠ ᠪᠠᠷ ᠥᠷᠨᠢᠭᠦᠯᠵᠦ᠂ ᠡᠯ᠎ᠡ ᠠᠵᠤ  ᠤᠶᠢᠯᠡᠰ ᠤᠨ ᠬᠡᠯᠬᠢᠶ᠎ᠡ ᠪᠠᠷ ᠬᠡᠯᠬᠢᠶ᠎ᠡ ᠶᠢ ᠨᠥᠬᠦᠪᠥᠷᠢᠯᠡᠬᠦ᠂ ᠬᠡᠯᠬᠢᠶ᠎ᠡ ᠶᠢ ᠤᠷᠲᠤᠳᠬᠠᠬᠤ᠂ ᠬᠡᠯᠬᠢᠶ᠎ᠡ ᠶᠢ ᠴᠢᠩᠭᠠᠳᠬᠠᠬᠤ᠂ ᠬᠡᠯᠬᠢᠶ᠎ᠡ ᠶᠢ ᠥᠷᠭᠡᠳᠬᠡᠬᠦ ᠶᠢ ᠠᠬᠢᠭᠤᠯᠤᠨ᠎ᠠ᠃ 2026 ᠣᠨ ᠪᠣᠯᠬᠤ ᠳᠤ᠂ ᠪᠥᠬᠦ ᠬᠤᠲᠠ ᠶᠢᠨ ᠬᠤᠳᠠᠯᠳᠤᠭᠠᠴᠢᠨ ᠤᠷᠢᠵᠤ ᠪᠠᠯᠠ ᠲᠠᠲᠠᠬᠤ ᠶᠡᠷᠦᠩᠬᠡᠶ ᠲᠤᠭ᠎ᠠ ᠶᠢ 40 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ︔ ᠬᠡᠪᠴᠢᠶᠡᠵᠢᠯ ᠠᠴᠠ ᠳᠡᠭᠡᠭᠰᠢᠬᠢ ᠠᠵᠤ  ᠤᠶᠢᠯᠡᠳᠪᠦᠷᠢ ᠶᠢᠨ ᠠᠵᠤ ᠠᠬᠤᠶᠢᠯᠠᠯ 15      ᠠᠴᠠ ᠳᠡᠭᠡᠭᠰᠢ ᠳᠤ ᠬᠦᠷᠴᠦ᠂ ᠵᠢᠯ ᠤᠨ ᠤᠶᠢᠯᠡᠳᠭᠦᠨ ᠤ ᠥᠷᠲᠡᠭ 150 ᠳ᠋ᠦᠩᠰᠢᠭᠤᠷ ᠲᠥᠭᠦᠷᠢᠭ ᠢ ᠳᠠᠪᠠᠵᠤ᠂ ᠭᠠᠶᠢᠯᠢ ᠶᠢᠨ ᠣᠷᠣᠯᠭ᠎ᠠ 7.5 ᠳ᠋ᠦᠩᠰᠢᠭᠤᠷ ᠲᠥᠭᠦᠷᠢᠭ ᠲᠤ ᠬᠥᠷᠪᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠢ ᠬᠡᠷᠡᠭᠵᠢᠭᠦᠯᠦᠨ᠎ᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠵᠤ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠵᠦ᠂ ᠬᠥᠳᠡᠭᠡ ᠲᠣᠰᠬᠤᠨ ᠤ ᠠᠵᠤ ᠦᠢᠯᠡᠰ ᠤᠨ 150 ᠲᠦᠷᠦᠯ ᠵᠦᠢᠯ ᠢ ᠬᠡᠷᠡᠭᠵᠢᠭᠦᠯᠵᠦ᠂ ᠤᠨᠴᠠᠯᠢᠭᠳᠤ ᠳᠠᠷᠢᠵᠤ ᠲᠡᠵᠢᠭᠡᠬᠦ᠂ ᠤᠢ ᠶᠢᠨ ᠬᠤᠷᠮᠣᠢ ᠶᠢᠨ ᠠᠵᠤ ᠠᠬᠤᠢ ᠶᠢᠨ ᠲᠠᠯ᠎ᠠ ᠪᠠᠷ ᠨᠡᠮᠡᠬᠦ ᠠᠷᠭ᠎ᠠ ᠶᠢ ᠬᠡᠷᠡᠭᠵᠢᠭᠦᠯᠵᠦ᠂ ᠠᠮᠢ ᠠᠬᠤᠢ ᠶᠢᠨ ᠬᠥᠳᠡᠭᠡ ᠠᠵᠤ ᠠᠬᠤᠢ᠂ ᠲᠦᠬᠦᠭᠡᠷᠦᠮᠵᠢᠳᠤ ᠬᠥᠳᠡᠭᠡ ᠠᠵᠤ ᠠᠬᠤᠢ ᠶᠢᠨ ᠲᠠᠯ᠎ᠠ ᠪᠠᠷ ᠦᠷ᠎ᠡ ᠠᠰᠢᠭ ᠤᠯᠬᠤ ᠪᠠᠷ ᠴᠢᠷᠮᠠᠶᠢᠨ᠎ᠠ᠃ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠲᠠᠷᠢᠶᠠᠴᠢᠨ ᠢ ᠬᠥᠮᠦᠵᠢᠭᠦᠯᠬᠦ ᠶᠢ ᠴᠢᠩᠭᠠᠳᠬᠠᠵᠤ᠂ ᠨᠤᠲᠤᠭ ᠲᠠᠭᠠᠨ ᠪᠤᠴᠠᠭᠰᠠᠳ ᠬᠡᠷ ᠪᠦᠯᠢ ᠶᠢᠨ ᠲᠠᠷᠢᠶᠠᠯᠠᠩ ᠤᠨ ᠲᠠᠯᠠᠪᠠᠶ ᠡᠷᠭᠢᠯᠡᠬᠦ᠂ ᠲᠠᠷᠢᠶᠠᠴᠢᠳ ᠤᠨ ᠬᠤᠷᠰᠢᠶ᠎ᠠ ᠶᠢ ᠳᠠᠭᠠᠭᠤᠯᠤᠨ ᠡᠷᠭᠢᠯᠡᠬᠦ ᠶᠢ ᠲᠡᠳᠬᠦᠨ ᠳᠡᠮᠵᠢᠨ᠎ᠡ᠃ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠵᠦ᠂ ᠠᠮᠢ ᠠᠬᠤᠢ ᠶᠢᠨ ᠰᠠᠭᠤᠷᠢᠰᠢᠬᠤ ᠳᠤ ᠲᠣᠬᠢᠷᠠᠮᠵᠢᠲᠠᠢ ᠬᠥᠳᠡᠭᠡ ᠲᠣᠰᠬᠤᠨ ᠢ ᠲᠦᠷᠭᠡᠨ ᠪᠦᠳᠦᠭᠡᠨ ᠪᠠᠶᠢᠭᠤᠯᠵᠤ᠂ ᠬᠥᠳᠡᠭᠡ ᠲᠣᠰᠬᠤᠨ ᠢ ᠨᠡᠩ ᠢᠯᠡᠭᠦᠦ ᠲᠠᠲᠠᠬᠤ ᠬᠦᠴᠦᠨ ᠲᠠᠢ᠂ ᠲᠠᠷᠢᠶᠠᠴᠢᠳ ᠢ ᠨᠡᠩ ᠢᠯᠡᠭᠦᠦ ᠬᠠᠷᠢᠶᠠᠯᠠᠭᠳᠠᠬᠤ ᠰᠡᠳᠬᠢᠯᠭᠡ ᠲᠠᠢ ᠪᠣᠯᠭᠠᠨ᠎ᠠ᠃   — ᠪᠦᠬᠦ ᠣᠷᠣᠨ ᠪᠦᠰᠡ ᠶᠢᠨ ᠵᠤᠭᠠᠴᠠᠯ ᠢ ᠴᠢᠨᠠᠷ ᠰᠠᠶᠢᠲᠠᠢ ᠠᠬᠢᠭᠤᠯᠵᠤ᠂ ᠥᠪᠥᠷ ᠮᠣᠩᠭᠤᠯ ᠤᠨ ᠵᠡᠭᠦᠨ ᠬᠡᠰᠡᠭ ᠤᠨ ᠠᠮᠠᠷᠠᠯᠲᠠ ᠰᠡᠯᠡᠭᠦᠴᠡᠯ ᠤᠨ ᠵᠤᠭᠠᠴᠠᠯ ᠤᠨ ᠴᠢᠬᠤᠯᠠ ᠬᠠᠷᠠᠯᠲᠠ ᠶᠢᠨ ᠣᠷᠣᠨ ᠢ ᠴᠣᠭᠴᠠᠯᠠᠨ᠎ᠠ᠃ ᠵᠤᠭᠠᠴᠠᠯ᠂ ᠰᠣᠶᠣᠯ᠂ ᠪᠡᠶ᠎ᠡ ᠶᠢᠨ ᠲᠠᠮᠢᠷ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠪᠦᠬᠦ ᠣᠷᠣᠨ ᠪᠦᠰᠡ᠂ ᠪᠦᠬᠦ ᠤᠯᠠᠷᠢᠯ᠂ ᠪᠦᠬᠦ ᠠᠵᠤ ᠦᠢᠯᠡᠰ ᠤᠨ ᠬᠡᠯᠬᠢᠶ᠎ᠡ ᠶᠢᠨ ᠵᠤᠭᠠᠴᠠᠯ ᠤᠨ ᠦᠢᠯᠡᠰ ᠤᠨ ᠰᠢᠨ᠎ᠡ ᠪᠠᠶᠢᠷᠢᠰᠢᠯ ᠢ ᠪᠠᠶᠢᠭᠤᠯᠵᠤ᠂ ︽ᠪᠣᠭᠤᠮᠲᠠ ᠶᠢᠨ ᠭᠠᠳᠠᠨᠠᠬᠢ ᠰᠦᠵᠧᠦ ᠬᠠᠩᠵᠧᠦ︾ ᠶᠢᠨ ᠵᠤᠭᠠᠴᠠᠯ ᠤᠨ ᠲᠦᠷᠦᠯ ᠲᠡᠮᠳᠡᠭ ᠢ ᠪᠦᠬᠦ ᠲᠠᠯ᠎ᠠ ᠪᠠᠷ ᠴᠤᠤᠷᠢᠶᠠᠲᠤᠭᠤᠯᠤᠨ᠎ᠠ᠃ ︽ᠳᠥᠷᠪᠡᠨ ᠠᠭᠤᠯᠠ ᠨᠢᠭᠡ ᠭᠤᠤᠯ︾ ᠤᠨ ᠵᠢᠭᠤᠯᠴᠢᠯᠠᠯ ᠤᠨ ᠠᠵᠤ ᠠᠬᠤᠶ ᠶᠢᠨ ᠲᠣᠭᠤᠷᠢᠭ ᠢ ᠪᠠᠶᠢᠭᠤᠯᠤᠨ᠎ᠠ᠃ ᠲᠣᠮᠣ ᠬᠡᠯᠪᠡᠷᠢ ᠶᠢᠨ ᠵᠢᠭᠤᠯᠴᠢᠯᠠᠯ ᠤᠨ ᠪᠦᠯᠦᠭᠯᠡᠯ ᠪᠠ ᠨᠡᠶᠢᠭᠡᠮ ᠤᠨ ᠬᠥᠷᠥᠩᠭᠡ ᠶᠢ ᠣᠷᠣᠭᠤᠯᠤᠨ ᠠᠪᠴᠢᠷᠠᠵᠤ᠂ ᠣᠶ ᠰᠢᠭᠤᠶ ᠴᠢᠭᠢᠭᠯᠢᠭ ᠭᠠᠵᠠᠷ᠂ ᠭᠠᠯᠲᠤ ᠠᠭᠤᠯᠠ ᠶᠢᠨ ᠲᠢᠶᠠᠨ ‍ᠤᠤᠢ ᠨᠠᠭᠤᠷ᠂ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠵᠡᠷᠭᠡ ᠵᠢᠭᠤᠯᠴᠢᠯᠠᠯ ᠤᠨ ᠡᠬᠢ ᠪᠠᠶᠠᠯᠢᠭ ᠢ ᠶᠡᠬᠡᠪᠡᠷ ᠨᠡᠭᠡᠭᠡᠨ ᠬᠥᠭᠵᠢᠭᠦᠯᠦᠨ᠎ᠡ᠃ ᠤᠯᠤᠰ ᠤᠨ ᠴᠠᠰᠤᠨ ᠳᠤ ᠭᠤᠯᠭᠤᠬᠤ ᠵᠢᠭᠤᠯᠴᠢᠯᠠᠯ ᠠᠮᠠᠷᠠᠯᠲᠠ ᠶᠢᠨ ᠭᠠᠵᠠᠷ ᠤᠨ  ᠤᠶᠢᠯᠡᠳᠤᠯ ᠢ ᠳᠣᠪᠤᠶᠢᠯᠭᠠᠨ᠂ ᠮᠥᠰᠥ ᠴᠠᠰᠤᠨ ᠤ ︽ ᠬᠦᠢᠲᠡᠨ ᠡᠬᠢ ᠪᠠᠶᠠᠯᠢᠭ︾ ᠢ ᠰᠣᠶᠣᠯ ᠤᠨ ᠵᠢᠭᠤᠯᠴᠢᠯᠠᠯ ᠤᠨ ︽ᠬᠠᠯᠠᠭᠤᠨ ᠠᠵᠤ  ᠤᠶᠢᠯᠡᠰ︾ ᠪᠣᠯᠭᠠᠨ᠎ᠠ︔ ᠼᠦᠢ ᠫᠢᠩ ᠱᠠᠨ ᠠᠭᠤᠯᠠ ᠶᠢᠨ ᠶᠢᠩ ᠱᠠᠨ ᠬᠤᠩ ᠠᠮᠢ ᠠᠬᠤᠢ ᠶᠢᠨ ᠴᠡᠴᠡᠷᠯᠢᠭ ᠢ ᠪᠦᠳᠦᠭᠡᠨ ᠪᠠᠶᠢᠭᠤᠯᠵᠤ᠂ ᠰᠠᠭᠤᠷᠢ ᠲᠥᠬᠦᠭᠡᠷᠦᠮᠵᠢ ᠪᠣᠯᠤᠨ ᠵᠤᠭ᠎ᠠ ᠴᠡᠩᠭᠡᠯ ᠤᠨ ᠲᠦᠷᠦᠯ ᠵᠦᠢᠯ ᠤᠨ ᠲᠡᠰ ᠳᠡᠪᠰᠢᠬᠦ ᠶᠢ ᠠᠬᠢᠭᠤᠯᠵᠤ᠂ ︽ᠦᠵᠡᠰᠬᠦᠯᠡᠩᠲᠦ ᠰᠠᠶᠢᠬᠠᠨ ᠦᠷ᠎ᠡ ᠠᠰᠢᠭ︾ ᠢᠶᠠᠷ ︽ᠴᠡᠴᠡᠭ ᠰᠣᠨᠢᠷᠬᠠᠬᠤ ᠠᠵᠤ ᠠᠬᠤᠢ︾ ᠶᠢ ᠠᠬᠢᠭᠤᠯᠬᠤ ᠬᠡᠷᠡᠭᠲᠡᠢ︔ ᠶᠠᠩ ᠴᠢ  ᠱᠠᠨ ᠤ ᠠᠭᠤᠯᠠ ᠤᠰᠤᠨ ᠤ ᠴᠡᠩᠭᠡᠯ ᠤᠨ ᠬᠦᠷᠢᠶᠡᠯᠡᠩ ᠢ ᠨᠡᠭᠡᠭᠡᠨ ᠬᠥᠭᠵᠢᠭᠦᠯᠵᠦ᠂ ᠤᠰᠤᠨ ᠳᠡᠭᠡᠷᠡᠬᠢ ᠰᠡᠯᠡᠭᠦᠴᠡᠯ ᠤᠨ ᠬᠥᠳᠡᠯᠭᠡᠭᠡᠨ ᠤ ᠲᠥᠷᠥᠯ ᠵᠤᠶᠢᠯ ᠢ ᠬᠥᠭᠵᠢᠭᠦᠯᠵᠦ᠂ ︽ᠤᠰᠤᠨ ᠤ ᠡᠬᠢ ᠪᠠᠶᠠᠯᠢᠭ ᠢ ᠪᠠᠶᠠᠯᠢᠭᠵᠢᠭᠤᠯᠬᠤ︾ ᠶᠢ ︽ᠤᠰᠤᠰᠠᠭ ᠠᠵᠤ ᠠᠬᠤᠶ︾ ᠪᠣᠯᠭᠠᠨ ᠬᠤᠪᠢᠷᠠᠭᠤᠯᠤᠨ᠎ᠠ︔ ᠮᠢᠶᠣᠣ ᠡᠯ ᠱᠠᠨ ᠠᠭᠤᠯᠠᠨ ᠤ ᠤᠯᠤᠰ ᠤᠨ ᠤᠢ ᠰᠢᠭᠤᠢ ᠶᠢᠨ ᠴᠡᠴᠡᠷᠯᠢᠭ ᠢ ᠪᠦᠳᠦᠭᠡᠨ ᠪᠠᠶᠢᠭᠤᠯᠵᠤ᠂ ᠤᠢ ᠰᠢᠭᠤᠢ ᠶᠢᠨ ᠠᠮᠢᠳᠤᠷᠠᠯ ᠤᠨ ᠭᠤᠣᠯ ᠲᠣᠭᠤᠷᠢᠭ ᠢ ᠪᠦᠳᠦᠭᠡᠨ ᠪᠠᠶᠢᠭᠤᠯᠵᠤ᠂ ᠤᠢ ᠰᠢᠭᠤᠢ ᠶᠢᠨ ᠵᠤᠭᠠᠴᠠᠯ ᠢ ︽ᠦᠵᠡᠮᠵᠢ ᠦᠵᠡᠬᠦ︾ ᠠᠴᠠ ︽ᠠᠮᠢᠳᠤᠷᠠᠬᠤ︾ ᠲᠡᠰᠢ ᠬᠤᠪᠢᠷᠠᠭᠤᠯᠬᠤ ᠶᠢ ᠠᠬᠢᠭᠤᠯᠤᠨ᠎ᠠ︔ ᠴᠠᠢ ᠡᡁᠧ ᠶᠢᠨ ᠰᠠᠷᠠᠨ ᠪᠥᠮᠪᠥᠷᠴᠡᠭ ᠤᠨ ᠵᠢᠵᠢᠭ ᠪᠠᠯᠭᠠᠰᠤ ᠶᠢ ᠨᠡᠭᠡᠭᠡᠨ ᠬᠥᠭᠵᠢᠭᠦᠯᠵᠦ᠂ ᠵᠤᠭᠠᠴᠠᠭᠰᠠᠳ ᠢ ᠬᠦᠯᠢᠶᠡᠨ ᠠᠪᠬᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠴᠠᠢ ᠡᡁᠧ ᠠᠴᠠ ᠷᠠᠰᠢᠶᠠᠨ ᠬᠦᠷᠬᠦ ᠵᠤᠭᠠᠴᠠᠯ ᠤᠨ ᠵᠠᠮ ᠱᠤᠭᠤᠮ ᠢ ᠪᠦᠬᠦ ᠲᠠᠯ᠎ᠠ ᠪᠠᠷ ᠨᠡᠪᠲᠡᠷᠡᠭᠦᠯᠦᠨ᠎ᠡ᠃ ᠬᠥᠳᠡᠭᠡ ᠲᠣᠰᠬᠤᠨ ᠤ ᠵᠢᠭᠤᠯᠴᠢᠯᠠᠯ ᠤᠨ ᠳᠠᠯᠳᠠ ᠬᠦᠴᠦᠨ ᠢ ᠭᠦᠨᠵᠡᠭᠡᠶ ᠰᠦᠪᠡᠭᠴᠢᠯᠡᠨ᠎ᠡ᠃ ︽ ᠤᠯᠠᠭᠠᠨᠬᠤᠲᠡ᠂ ᠷᠠᠰᠢᠶᠠᠨ᠂ ᠬᠠᠶᠢᠯᠠᠷ᠂ ᠮᠠᠨᠵᠤᠤᠷ︾ ᠶᠢ ᠨᠢᠭᠡ ᠴᠣᠠᠠᠴᠠᠵᠢᠭᠤᠯᠤᠨ ᠬᠥᠭᠵᠢᠭᠦᠯᠬᠦ ᠠᠵᠠ ᠲᠣᠬᠢᠶᠠᠯ ᠳᠤ ᠲᠦᠰᠢᠭᠯᠡᠨ᠂ ᠲᠠᠷᠢᠶᠠᠯᠠᠩ ᠤᠨ ᠲᠣᠭᠤᠷᠢᠨ ᠦᠵᠡᠬᠦ ᠵᠢᠭᠤᠯᠴᠢᠯᠠᠯ ᠢ ᠶᠡᠬᠡᠪᠡᠷ ᠬᠥᠭᠵᠢᠭᠦᠯᠵᠦ᠂ 10      ᠠᠴᠠ ᠳᠡᠭᠡᠭᠰᠢᠬᠢ ᠰᠡᠯᠡᠭᠦᠴᠡᠯ ᠤᠨ ᠲᠠᠷᠢᠶᠠᠯᠠᠩ ᠬᠢᠭᠡᠳ ᠬᠥᠳᠡᠭᠡ ᠲᠣᠰᠬᠤᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠴᠢᠬ ᠢ ᠪᠤᠶᠢᠵᠢᠭᠤᠯᠵᠤ᠂ ︽ᠳᠥᠷᠪᠡᠨ ᠠᠭᠤᠯᠠ ᠨᠢᠭᠡ ᠭᠤᠤᠯ︾ ᠤᠨ ᠵᠢᠭᠤᠯᠴᠢᠯᠠᠯ ᠤᠨ ᠠᠵᠤ ᠠᠬᠤᠶ ᠶᠢᠨ ᠲᠣᠭᠤᠷᠢᠭ ᠯᠤᠭ᠎ᠠ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠵᠦ᠂ ᠥᠪᠡᠷᠮᠢᠴᠡ ᠣᠨᠴᠠᠯᠢᠭ ᠲᠠᠢ᠂ ᠣᠯᠠᠨ ᠲᠠᠯ᠎ᠠ ᠪᠠᠷ ᠲᠤᠯᠭᠠᠭᠤᠷᠢᠯᠠᠭᠰᠠᠨ ᠵᠢᠭᠤᠯᠴᠢᠯᠠᠯ ᠤᠨ ᠰᠣᠳᠣᠨ ᠵᠠᠮ ᠱᠤᠭᠤᠮ ᠢ ᠪᠣᠶ ᠪᠣᠯᠭᠠᠨ᠎ᠠ᠃ 2026 ᠣᠨ ᠪᠣᠯᠬᠤ ᠳᠤ᠂ ᠪᠥᠬᠦ ᠬᠤᠲᠠ ᠶᠢᠨ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ 5 ᠠᠴᠠ ᠳᠡᠭᠡᠭᠰᠢ ᠳᠤ ᠬᠦᠷᠴᠦ᠂ ᠵᠢᠯ ᠤᠨ ᠭᠥᠯᠢᠶᠡᠨ ᠠᠪᠤᠭᠰᠠᠨ ᠵᠤᠭᠠᠴᠠᠭᠰᠠᠳ ᠤᠨ ᠲᠤᠭ᠎ᠠ 290 ᠲᠦᠮᠡᠨ ᠬᠥᠮᠦᠨ ᠤᠳᠠᠭ᠎ᠠ ᠳᠤ ᠬᠦᠷᠴᠦ᠂ ᠵᠢᠭᠤᠯᠴᠢᠯᠠᠯ ᠤᠨ ᠣᠷᠣᠯᠭ᠎ᠠ 23 ᠳ᠋ᠦᠩᠰᠢᠭᠤᠷ ᠲᠥᠭᠦᠷᠢᠭ ᠢ ᠳᠠᠪᠠᠪᠠ᠃    — ᠤᠳᠤ ᠦᠶ᠎ᠡ ᠶᠢᠨ ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡᠨ ᠤ ᠦᠢᠯᠡᠰ ᠢ ᠬᠥᠭᠵᠢᠭᠦᠯᠵᠦ᠂ ᠥᠪᠥᠷ ᠮᠣᠩᠭᠤᠯ ᠤᠨ ᠵᠡᠭᠦᠨ ᠬᠡᠰᠡᠭ ᠤᠨ ᠴᠢᠬᠤᠯᠠ ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡᠨ ᠤ ᠲᠥᠪᠯᠡᠷᠡᠭᠦᠯᠦᠨ ᠲᠠᠷᠬᠠᠭᠠᠬᠤ ᠭᠠᠵᠠᠷ ᠢ ᠪᠠᠶᠢᠭᠤᠯᠤᠨ᠎ᠠ᠃ ᠮᠠᠨ ᠤ ᠬᠤᠲᠠ ᠶᠢᠨ ᠲᠣᠭᠤᠷᠢᠭ ᠤᠨ ᠪᠠᠶᠢᠷᠢ ᠰᠠᠭᠤᠷᠢ᠂ ᠵᠠᠮ ᠬᠠᠷᠢᠯᠴᠠᠭ᠎ᠠ᠂ ᠠᠷᠠᠯᠵᠢᠶ᠎ᠠ ᠬᠤᠳᠠᠯᠳᠤᠭ᠎ᠠ ᠲᠡᠤᠬᠡ ᠰᠣᠶᠣᠯ ᠤᠨ ᠰᠠᠭᠤᠷᠢ ᠳᠤ ᠲᠦᠰᠢᠭᠯᠡᠨ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ ᠤᠶᠢᠯᠡᠰ ᠢ ᠨᠢᠭᠡᠳᠦᠭᠡᠷ ᠠᠵᠤ ᠤᠶᠢᠯᠡᠰ ᠬᠤᠶᠠᠳᠤᠭᠠᠷ ᠠᠵᠤ  ᠤᠶᠢᠯᠡᠰ ᠯᠦᠭᠡ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠤᠨ᠎ᠠ᠃ ᠲᠤᠰᠬᠠᠶ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠥᠪᠥᠷ ᠮᠣᠩᠭᠤᠯ ᠤᠨ ᠵᠡᠭᠦᠨ ᠬᠡᠰᠡᠭ ᠤᠨ ᠮᠠᠯ ᠰᠦᠷᠦᠭ᠂ ᠲᠦᠭᠦᠬᠡᠶ ᠡᠳ᠋ ᠬᠥᠷᠥᠩᠭᠡ᠂ ᠢᠳᠡᠰᠢᠨ ᠨᠣᠭᠤᠭ᠎ᠠ ᠵᠢᠴᠢ ᠴᠢᠩᠭᠢᠰ ᠬᠠᠭᠠᠨ ᠤ ᠬᠢᠲᠠᠳ ᠡᠮ ᠤᠨ ᠮᠠᠲ᠋ᠧᠷᠢᠶᠠᠯ ᠵᠡᠷᠭᠡ ᠵᠢᠯ ᠤᠨ ᠠᠷᠠᠯᠵᠢᠶᠠᠨ ᠤ ᠲᠤᠭ᠎ᠠ ᠨᠢ ᠳ᠋ᠦᠩᠰᠢᠭᠤᠷ ᠲᠥᠭᠦᠷᠢᠭ ᠢ ᠳᠠᠪᠠᠭᠰᠠᠨ 4 ᠲᠤᠰᠬᠠᠶ ᠵᠠᠬ᠎ᠠ ᠳᠡᠯᠭᠡᠭᠦᠷ ᠢ ᠭᠤᠤᠯᠳᠠᠯᠭ᠎ᠠ ᠲᠠᠢ ᠪᠤᠶᠢᠵᠢᠭᠤᠯᠤᠨ᠎ᠠ᠃ ᠪᠠᠷᠠᠭᠠᠨ ᠤ ᠭᠦᠢᠯᠭᠡᠭᠡ᠂ ᠬᠥᠮᠥᠷᠭᠡᠯᠡᠨ ᠬᠠᠳᠠᠭᠠᠯᠠᠬᠤ᠂ ᠡᠳ᠋ᠰᠢᠭᠦᠯᠬᠦ᠂ ᠲᠥᠪᠯᠡᠷᠡᠭᠦᠯᠵᠦ ᠲᠠᠷᠬᠠᠭᠠᠬᠤ ᠵᠠᠩᠭᠢᠯᠠᠭ᠎ᠠ᠂ ᠮᠡᠳᠡᠭᠡ ᠵᠠᠩᠭᠢ ᠶᠢᠨ ᠤᠶᠢᠯᠡᠴᠢᠯᠡᠭᠡᠨ ᠵᠡᠷᠭᠡ ᠴᠢᠳᠠᠮᠵᠢ ᠶᠢ ᠲᠡᠭᠦᠯᠳᠡᠷᠵᠢᠭᠦᠯᠵᠦ᠂ ᠭᠤᠤ ᠲᠠᠢ ᠽᠢ ᠥᠷᠲᠡᠭᠡ ᠶᠢᠨ ᠲᠠᠰ ᠳᠡᠪᠰᠢᠭᠦᠯᠦᠨ ᠥᠭᠡᠷᠡᠴᠢᠯᠡᠬᠦ ᠠᠵᠠ ᠲᠣᠬᠢᠶᠠᠯ ᠢ ᠠᠰᠢᠭᠯᠠᠨ᠂ ᠯᠢᠩ ᠳ᠋ᠦᠩ ᠤᠨ ᠲᠡᠮᠦᠷ ᠵᠠᠮ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠢ ᠪᠥᠲᠥᠭᠡᠨ ᠪᠠᠶᠢᠭᠤᠯᠤᠨ᠎ᠠ᠃ ᠬᠤᠳᠠ ᠶᠢᠨ ᠭᠤᠣᠯ ᠬᠤᠳᠠᠯᠳᠤᠭᠠᠨ ᠤ ᠲᠣᠭᠤᠷᠢᠭ ᠢ ᠪᠠᠶᠢᠭᠤᠯᠤᠨ᠎ᠠ᠃ ᠬᠤᠲᠠ ᠶᠢᠨ ᠬᠤᠳᠠᠯᠳᠤᠭᠠᠨ ᠤ ᠲᠣᠤᠷ ᠴᠢᠬ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠳᠡᠭᠡᠳᠦ ᠲᠠᠰ ᠤᠨ ᠪᠠᠭᠤᠳᠠᠯ᠂ ᠠᠷᠠᠯᠵᠢᠶ᠎ᠠ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠵᠡᠷᠭᠡ ᠲᠥᠷᠥᠯ  ᠵᠤᠶᠢᠯ ᠢ ᠲᠥᠯᠥᠪᠵᠢᠭᠦᠯᠦᠨ ᠪᠥᠲᠥᠭᠡᠨ ᠪᠠᠶᠢᠭᠤᠯᠵᠤ᠂ ᠬᠥᠭᠵᠢᠭᠰᠡᠨ ᠲᠠᠯᠠᠪᠠᠶ᠂ ᠶᠦᠩ ᠰᠢᠩ ᠪᠦᠷᠢᠨ ᠪᠠᠷᠠᠭᠠᠲᠤ ᠳᠡᠯᠭᠡᠭᠦᠷ ᠵᠡᠷᠭᠡ ᠬᠤᠳᠠᠯᠳᠤᠭᠠᠨ ᠤ ᠲᠣᠭᠤᠷᠢᠭ ᠢ ᠪᠤᠵᠠᠭᠠᠶᠢᠷᠠᠭᠤᠯᠤᠨ᠂ ᠤᠯᠠᠮᠵᠢᠯᠠᠯᠲᠤ ᠲᠡᠤᠬᠡ ᠰᠣᠶᠣᠯ ᠤᠨ ᠬᠤᠳᠠᠯᠳᠤᠭᠠᠨ ᠤ ᠵᠡᠭᠡᠯᠢ᠂ ᠣᠨᠴᠠᠯᠢᠭᠲᠤ ᠢᠳᠡᠭᠡᠨ ᠤᠮᠳᠠᠭᠠᠨ ᠤ ᠵᠡᠭᠡᠯᠢ᠂ ᠰᠡᠯᠡᠭᠦᠴᠡᠯ ᠤᠨ ᠰᠣᠶᠣᠯ ᠤᠨ ᠶᠠᠪᠠᠭᠠᠨ ᠵᠡᠭᠡᠯᠢ ᠵᠡᠷᠭᠡ ᠣᠨᠴᠠᠯᠢᠭᠲᠤ ᠵᠡᠭᠡᠯᠢ ᠲᠣᠭᠤᠷᠢᠭ ᠢ ᠪᠥᠲᠥᠭᠡᠨ ᠪᠠᠶᠢᠭᠤᠯᠵᠤ᠂ ᠠᠷᠠᠳ ᠲᠤ ᠲᠥᠬᠦᠮ ᠦᠵᠡᠭᠦᠯᠬᠦ ᠴᠢᠨᠠᠷ ᠰᠠᠶᠢᠲᠠᠶ ᠠᠮᠢᠳᠤᠷᠠᠯ ᠤᠨ  ᠤᠶᠢᠯᠡᠴᠢᠯᠡᠭᠡᠨ ᠤ ᠲᠣᠭᠤᠷᠢᠭ ᠢ ᠪᠠᠶᠢᠭᠤᠯᠤᠨ᠎ᠠ᠃  ᠡᠯᠧᠺᠲᠷᠣᠨ ᠬᠤᠳᠠᠯᠳᠤᠭᠠᠨ ᠤ ᠠᠵᠤ  ᠤᠶᠢᠯᠡᠰ ᠢ ᠰᠢᠯᠢᠳᠡᠭᠵᠢᠭᠦᠯᠦᠨ ᠲᠠᠰ ᠳᠡᠪᠰᠢᠭᠦᠯᠦᠨ᠎ᠡ᠃ ︽ᠰᠢᠭᠤᠳ ᠨᠡᠪᠲᠡᠷᠡᠭᠦᠯᠬᠦ ᠡᠯᠧᠺᠲᠷᠣᠨ ᠬᠤᠳᠠᠯᠳᠤᠭ᠎ᠠ︾ ︽ᠲᠦᠭᠦᠬᠡᠶ ᠢᠳᠡᠭᠡᠨ ᠤ ᠡᠯᠧᠺᠲᠷᠣᠨ ᠬᠤᠳᠠᠯᠳᠤᠭ᠎ᠠ︾ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠢᠳᠡᠪᠬᠢᠲᠡᠶ ᠬᠥᠭᠵᠢᠭᠦᠯᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠬᠠᠩᠭᠠᠯᠭ᠎ᠠ ᠶᠢᠨ ᠬᠡᠯᠬᠢᠶ᠎ᠡ᠂  ᠤᠶᠢᠯᠡᠴᠢᠯᠡᠭᠡᠨ ᠤ ᠬᠡᠯᠬᠢᠶ᠎ᠡ ᠶᠢᠨ ᠭᠦᠨᠵᠡᠭᠡᠶ ᠠᠭᠤᠰᠤᠯᠴᠠᠬᠤ ᠶᠢ ᠠᠬᠢᠭᠤᠯᠵᠤ᠂ ︽ᠪᠣᠭᠤᠮᠲᠠ ᠶᠢᠨ ᠭᠠᠳᠠᠨᠠᠬᠢ ᠵᠠᠯᠠᠨ︾ ᠤ ᠣᠷᠣᠨ ᠪᠦᠰᠡ ᠶᠢᠨ ᠣᠯᠠᠨ ᠨᠡᠶᠢᠲᠡ ᠶᠢᠨ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃ 2026 ᠣᠨ ᠪᠣᠯᠬᠤ ᠳᠤ᠂ ᠡᠯᠧᠺᠲᠷᠣᠨ ᠬᠤᠳᠠᠯᠳᠤᠭᠠᠨ ᠤ ᠠᠷᠠᠯᠵᠢᠶᠠᠨ ᠤ ᠲᠤᠭ᠎ᠠ 50 ᠳ᠋ᠦᠩᠰᠢᠭᠤᠷ ᠲᠥᠭᠦᠷᠢᠭ ᠢ ᠳᠠᠪᠠᠵᠤ᠂ ᠲᠠᠷᠢᠶᠠᠯᠠᠩ ᠤᠨ ᠪᠦᠲᠦᠭᠡᠭᠳᠡᠬᠦᠨ ᠤ ᠳᠡᠭᠡᠭᠰᠢ ᠠᠷᠠᠯᠵᠢᠶᠠᠯᠠᠬᠤ ᠲᠤᠭ᠎ᠠ 5 ᠳ᠋ᠦᠩᠰᠢᠭᠤᠷ ᠲᠥᠭᠦᠷᠢᠭ ᠲᠤ ᠬᠦᠷᠴᠦ᠂ ᠲᠦᠷᠭᠡᠨ ᠬᠦᠷᠭᠡᠯᠲᠡ ᠶᠢᠨ ᠣᠷᠣᠭᠤᠯᠵᠤ ᠭᠠᠷᠭᠠᠬᠤ ᠬᠡᠮᠵᠢᠶ᠎ᠡ ᠶᠢ 8000 ᠲᠦᠮᠡᠨ ᠬᠤᠪᠢ ᠳᠤ ᠬᠦᠷᠭᠡᠨ᠎ᠡ᠃ ᠭᠠᠳᠠᠭᠠᠳᠤ ᠠᠷᠠᠯᠵᠢᠶᠠᠨ ᠤ ᠬᠥᠭᠵᠢᠯᠲᠡ ᠶᠢ ᠲᠡᠮᠵᠢᠨ᠎ᠠ᠃  ᠹᠦ᠋ ᠹᠧᠩ ᠺᠣᠮᠫᠠᠨᠢ᠂ ᠲᠦᠩ ᠳ᠋ᠧ ᠮᠣᠳᠣᠨ ᠤ ᠦᠢᠯᠡᠰ᠂ ᠰᠢᠨᠠᠨ ᠺᠣᠮᠫᠠᠨᠢ ᠵᠡᠷᠭᠡ ᠠᠵᠤ ᠠᠬᠤᠶᠢᠯᠠᠯ ᠤᠨ ᠭᠠᠳᠠᠭᠠᠳᠤ ᠠᠷᠠᠯᠵᠢᠶ᠎ᠠ ᠥᠷᠨᠢᠭᠦᠯᠬᠦ ᠶᠢ ᠶᠡᠭᠡ ᠪᠠᠷ ᠳᠡᠮᠵᠢᠵᠦ᠂ ᠲᠠᠪᠤᠨ ᠵᠢᠯ ᠳᠤ ᠪᠦᠬᠦ ᠬᠤᠳᠠ ᠶᠢᠨ ᠭᠠᠳᠠᠭᠠᠳᠤ ᠠᠷᠠᠯᠵᠢᠶᠠᠨ ᠤ ᠭᠠᠳᠠᠭᠠᠳᠤ ᠳᠤ ᠭᠠᠷᠭᠠᠭᠰᠠᠨ ᠬᠡᠮᠵᠢᠶ᠎ᠡ 15 ᠳ᠋ᠦᠩᠰᠢᠭᠤᠷ ᠳ᠋ᠣᠯᠯᠠᠷ ᠲᠤ ᠬᠦᠷᠪᠡ᠃    — ᠠᠮᠢ ᠠᠬᠤᠢ ᠶᠢᠨ ᠰᠠᠭᠤᠷᠢᠰᠢᠬᠤ ᠳᠤ ᠲᠣᠬᠢᠷᠠᠮᠵᠢᠲᠠᠢ ᠪᠦᠳᠦᠬᠡᠨ ᠪᠠᠶᠢᠭᠤᠯᠤᠯᠲᠠ ᠶᠢ ᠠᠬᠢᠭᠤᠯᠵᠤ᠂ ᠳᠤᠮᠳᠠᠳᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠡᠷᠡᠭᠦᠯᠵᠢᠯ ᠤᠨ ᠵᠢᠵᠢᠭ ᠪᠠᠯᠭᠠᠰᠤ ᠶᠢ ᠪᠠᠶᠢᠭᠤᠯᠤᠨ᠎ᠠ᠃ ᠠᠮᠢ ᠠᠬᠤᠶ ᠶᠢᠨ ᠠᠵᠤ ᠤᠶᠢᠯᠡᠰᠵᠢᠯᠲᠡ᠂ ᠠᠵᠤ ᠤᠶᠢᠯᠡᠰ ᠤᠨ ᠠᠮᠢ ᠠᠬᠤᠶᠢᠵᠢᠯᠲᠠ  ᠶᠢᠨ ᠲᠣᠭᠤᠷᠢᠨ ᠳᠤ᠂ ᠥᠨᠳᠥᠷ ᠡᠬᠢᠯᠡᠯᠲᠡ ᠲᠠᠢ ᠪᠠᠷ ᠠᠷᠭ᠎ᠠ ᠰᠦᠪᠡᠭᠴᠢᠯᠡᠵᠦ᠂ ᠴᠢᠨᠠᠷ ᠰᠠᠶᠢᠲᠠᠶ ᠴᠣᠭᠴᠠᠯᠠᠨ ᠪᠠᠶᠢᠭᠤᠯᠵᠤ᠂ ᠠᠮᠢ ᠠᠬᠤᠶ ᠶᠢᠨ ᠡᠷᠡᠭᠦᠯ ᠮᠡᠨᠳᠦ ᠶᠢ ᠬᠠᠮᠠᠭᠠᠯᠠᠬᠤ ᠵᠢᠵᠢᠭ ᠪᠠᠯᠭᠠᠰᠤ ᠶᠢ ᠴᠢᠷᠮᠠᠶᠢᠨ ᠪᠥᠲᠥᠭᠡᠨ ᠪᠠᠶᠢᠭᠤᠯᠵᠤ᠂ ᠪᠣᠬᠢᠷᠲᠤᠯ ᠥᠬᠡᠶ ᠠᠮᠢ ᠠᠬᠤᠶ ᠶᠢᠨ ᠡᠬᠢ ᠪᠠᠶᠠᠯᠢᠭ ᠢ ᠠᠵᠤ ᠠᠬᠤᠶ ᠶᠢᠨ ᠥᠷᠲᠡᠭ ᠪᠠ ᠠᠷᠠᠳ ᠤᠨ ᠠᠮᠢᠳᠤᠷᠠᠯ ᠤᠨ ᠦᠷ᠎ᠡ ᠠᠰᠢᠭ ᠳᠠᠰᠢ ᠬᠤᠪᠢᠷᠠᠭᠤᠯᠬᠤ ᠰᠢᠨ᠎ᠡ ᠠᠷᠭ᠎ᠠ ᠵᠠᠮ ᠢ ᠨᠡᠪᠲᠡᠷᠡᠭᠦᠯᠦᠨ᠎ᠡ᠃ ᠠᠮᠢ ᠠᠬᠤᠶ ᠶᠢᠨ ᠣᠷᠴᠢᠨ ᠨᠥᠬᠦᠴᠡᠯ ᠤᠨ ᠰᠢᠨ᠎ᠡ ᠳᠠᠪᠠᠭᠤᠯᠢᠭ ᠢ ᠵᠤᠵᠠᠭᠠᠳᠬᠠᠨ᠎ᠠ᠃ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ᠂ ᠣᠶ ᠰᠢᠭᠤᠶ ᠶᠢᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠣᠬᠢᠷ ᠤᠰᠤ ᠶᠢ ᠰᠢᠢᠳᠪᠦᠷᠢᠯᠡᠬᠦ᠂ ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠤᠯᠤᠰ ᠤᠨ ᠭᠠᠵᠠᠷ ᠰᠢᠷᠣᠶ ᠶᠢ ᠨᠣᠭᠤᠭᠠᠷᠠᠭᠤᠯᠬᠤ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠲᠢᠶᠠᠨ ᠪᠠᠶ ᠱᠠᠨ ᠠᠭᠤᠯᠠ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ᠂ ᠶᠠᠯᠦ ᠭᠤᠤᠯ ᠤᠨ ᠬᠤᠶᠠᠷ ᠡᠷᠭᠢ ᠶᠢᠨ ᠦᠵᠡᠮᠵᠢ ᠶᠢ ᠳᠡᠭᠡᠭᠰᠢᠯᠡᠭᠦᠯᠬᠦ᠂ ᠰᠢᠦ ᠱᠦᠶ ᠨᠤᠭᠤ ᠭᠠᠵᠠᠷ ᠤᠨ ᠴᠡᠴᠡᠷᠯᠢᠭ ᠢ ᠪᠥᠲᠥᠭᠡᠨ ᠪᠠᠶᠢᠭᠤᠯᠬᠤ ᠵᠡᠷᠭᠡ ᠠᠮᠢ ᠠᠬᠤᠶ ᠶᠢᠨ ᠢᠨᠵᠧᠨᠧᠷᠢᠩ ᠢ ᠬᠡᠷᠡᠭᠵᠢᠭᠦᠯᠵᠦ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠪᠠ ᠣᠶ ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠢ ᠰᠡᠷᠭᠡᠶᠢᠯᠡᠨ ᠵᠠᠰᠠᠬᠤ ᠶᠢ ᠴᠢᠩᠭᠠᠳᠬᠠᠨ᠂ 2026 ᠣᠨ ᠪᠣᠯᠬᠤ ᠳᠤ ᠣᠶ ᠰᠢᠭᠤᠶ ᠶᠢᠨ ᠪᠦᠷᠬᠦᠴᠡ ᠶᠢᠨ ᠨᠣᠷᠮ᠎ᠠ ᠶᠢ 70.09% ᠪᠣᠯᠲᠠᠯ᠎ᠠ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ ᠣᠶ ᠰᠢᠭᠤᠶ ᠶᠢᠨ ᠬᠤᠲᠠ ᠶᠢ ᠴᠢᠷᠮᠠᠶᠢᠨ ᠪᠠᠶᠢᠭᠤᠯᠤᠨ᠎ᠠ᠃ ︽ᠨᠡᠭᠦᠷᠡᠰᠦᠲᠥ᠋ᠷᠥᠭᠴᠢ ᠶᠢ ᠣᠷᠭᠢᠯ ᠳᠤ ᠬᠦᠷᠭᠡᠬᠦ︾ ︽ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ︾ ᠬᠠᠷᠠᠯᠲᠠ ᠪᠠᠷ ᠵᠢᠯᠣᠭᠤᠳᠣᠯᠭ᠎ᠠ ᠪᠣᠯᠭᠠᠵᠤ᠂ ᠡᠨᠧᠷᠭᠢ ᠶᠢᠨ ᠬᠤᠷᠣᠭᠳᠠᠯ ᠤᠨ ᠶᠡᠷᠦᠩᠬᠡᠶ ᠬᠡᠮᠵᠢᠶ᠎ᠡ᠂ ᠬᠦᠴᠦᠯᠡᠴᠡ ᠶᠢᠨ ᠬᠢᠵᠠᠭᠠᠷ ᠱᠤᠭᠤᠮ ᠢ ᠴᠢᠩᠭ᠎ᠠ ᠰᠠᠬᠢᠨ᠎ᠠ᠃ ︽ᠭᠤᠷᠪᠠᠨ ᠱᠤᠭᠤᠮ ᠨᠢᠭᠡ ᠲᠠᠩ ︾ ᠤᠨ ᠠᠮᠢ ᠠᠬᠤᠶ ᠶᠢᠨ ᠣᠷᠴᠢᠨ ᠲᠣᠭᠤᠷᠢᠨ ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠬᠥᠬᠡ ᠣᠭᠲᠠᠷᠭᠤᠶ ᠂ ᠴᠡᠩᠬᠡᠷ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠲᠡᠶᠢᠨ ᠢ ᠭᠦᠨᠵᠡᠭᠡᠶ ᠰᠠᠶᠢᠲᠤᠷ ᠬᠢᠵᠦ᠂ ᠠᠭᠠᠷ ᠤᠨ ᠶᠠᠰᠤ ᠴᠢᠨᠠᠷ ᠰᠢᠯᠢᠳᠡᠭ ᠰᠠᠶᠢᠨ᠂ ᠤᠰᠤᠨ ᠤ ᠴᠢᠨᠠᠷ ᠢ ᠲᠣᠭᠲᠠᠭᠤᠨ ᠢᠶᠠᠷ ᠪᠠᠷᠢᠮᠵᠢᠶ᠎ᠠ ᠳᠤ ᠬᠦᠷᠦᠭᠦᠯᠬᠦ᠂ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠲᠣᠭᠲᠠᠭᠤᠨ ᠪᠠᠶᠢᠯᠭᠠᠬᠤ ᠶᠢ ᠦᠨᠡᠨᠬᠦ ᠪᠠᠲᠤᠯᠠᠨ᠎ᠠ᠃ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ 100 ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠰᠤᠷᠪᠤᠯᠵᠢ ᠶᠢᠨ ᠰᠠᠭᠤᠷᠢᠨ ᠭᠠᠵᠠᠷ ᠢ ᠪᠠᠶᠢᠭᠤᠯᠵᠤ᠂ ᠴᠡᠪᠡᠷ ᠡᠨᠧᠷᠭᠢ ᠶᠢᠨ ᠰᠤᠷᠪᠤᠯᠵᠢ ᠶᠢᠨ ᠡᠵᠡᠯᠡᠬᠦ ᠬᠠᠷᠢᠴᠠᠯ ᠢ ᠳᠡᠭᠡᠭᠰᠢᠯᠡᠭᠦᠯᠦᠨ᠎ᠡ᠃ ᠡᠷᠡᠭᠦᠯᠵᠢᠯ ᠰᠤᠪᠢᠯᠠᠯᠲᠠ ᠶᠢᠨ ᠠᠵᠤ ᠦᠢᠯᠡᠰ ᠢ ᠲᠦᠷᠭᠡᠪᠴᠢᠯᠡᠨ ᠬᠥᠭᠵᠢᠭᠦᠯᠦᠨ᠎ᠡ᠃ ᠲᠥᠯᠥᠪᠵᠢᠭᠦᠯᠭᠡ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠠᠷᠠᠳ ᠤᠨ ᠳᠤᠮᠳᠠᠬᠢ ᠬᠥᠷᠥᠩᠭᠡ ᠶᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠡᠮᠨᠡᠬᠦ ᠪᠠ ᠰᠤᠪᠢᠯᠠᠬᠤ ᠶᠢ ᠤᠶᠠᠯᠳᠤᠭᠤᠯᠬᠤ᠂ ᠵᠢᠭᠤᠯᠴᠢᠯᠠᠯ ᠤᠨ ᠪᠠ ᠰᠤᠪᠢᠯᠠᠬᠤ ᠶᠢ ᠤᠶᠠᠯᠳᠤᠭᠤᠯᠬᠤ᠂ ᠰᠠᠭᠤᠬᠤ ᠪᠠ ᠰᠤᠪᠢᠯᠠᠬᠤ ᠶᠢ ᠤᠶᠠᠯᠳᠤᠭᠤᠯᠬᠤ ᠬᠥᠭᠵᠢᠯᠲᠡ ᠶᠢᠨ ᠵᠠᠭᠪᠤᠷ ᠢ ᠬᠠᠶᠢᠨ ᠰᠦᠪᠡᠭᠴᠢᠯᠡᠨ᠎ᠡ᠃ ᠤᠢ ᠰᠢᠭᠤᠶ ᠶᠢᠨ ᠡᠬᠢ ᠪᠠᠶᠠᠯᠢᠭ ᠪᠠ ︽ᠪᠠᠶᠢᠭᠠᠯᠢ ᠶᠢᠨ ᠬᠦᠴᠢᠯᠲᠥ᠋ᠷᠥᠭᠴᠢ ᠶᠢᠨ ᠪᠠᠭᠠᠷ︾ ᠲᠤ ᠭᠤᠣᠯᠳᠠᠯᠭ᠎ᠠ ᠲᠠᠢ ᠪᠠᠷ ᠲᠦᠰᠢᠭᠯᠡᠵᠦ᠂ ᠤᠢ ᠰᠢᠭᠤᠶ ᠶᠢᠨ ᠵᠢᠵᠢᠭ ᠪᠠᠯᠭᠠᠰᠤ᠂ ᠤᠢ ᠰᠢᠭᠤᠶ ᠶᠢᠨ ᠠᠶᠢᠯ ᠡᠷᠦᠬᠡ ᠶᠢ ᠲᠡᠮᠦᠷ ᠵᠠᠮ ᠤᠨ ᠰᠤᠪᠢᠯᠠᠯᠲᠠ ᠶᠢᠨ ᠬᠦᠷᠢᠶᠡᠯᠡᠩ ᠵᠡᠷᠭᠡ ᠰᠤᠪᠢᠯᠠᠯᠲᠠ ᠶᠢᠨ ᠲᠡᠤᠬᠡ ᠶᠢᠨ ᠰᠠᠭᠤᠷᠢ ᠳᠤ ᠲᠦᠰᠢᠭᠯᠡᠨ᠂ ᠡᠷᠡᠭᠦᠯᠵᠢᠯ ᠰᠤᠪᠢᠯᠠᠯᠲᠠ ᠶᠢᠨ ᠭᠠᠵᠠᠷ ᠬᠥᠷᠥᠩᠭᠡ᠂ ᠰᠤᠪᠢᠯᠠᠯᠲᠠ ᠶᠢᠨ ᠰᠠᠭᠤᠷᠢᠨ ᠭᠠᠵᠠᠷ ᠢ ᠨᠡᠭᠡᠭᠡᠨ ᠬᠥᠭᠵᠢᠭᠦᠯᠦᠨ᠎ᠡ︔ ᠬᠢᠲᠠᠳ ᠡᠮ ᠤᠨ ᠮᠠᠲ᠋ᠧᠷᠢᠶᠠᠯ ᠤᠨ ᠰᠠᠭᠤᠷᠢᠨ ᠭᠠᠵᠠᠷ᠂ ᠰᠥᠩ ᠯᠦ ᠡᠮ  ᠤᠶᠢᠯᠡᠳᠬᠦ ᠵᠡᠷᠭᠡ ᠬᠥᠲᠥᠴᠢ ᠠᠵᠤ ᠠᠬᠤᠶᠢᠯᠠᠯ ᠪᠠ ᠡᠯᠪᠡᠭ ᠪᠠᠶᠠᠯᠢᠭ ᠡᠮᠴᠢᠯᠡᠭᠡᠨ ᠤ ᠡᠬᠢ ᠪᠠᠶᠠᠯᠢᠭ ᠲᠤ ᠲᠦᠰᠢᠭᠯᠡᠨ᠂ ᠡᠷᠡᠭᠦᠯᠵᠢᠯ ᠰᠤᠪᠢᠯᠠᠯᠲᠠ ᠶᠢᠨ ᠪᠠᠶᠢᠭᠤᠯᠤᠮᠵᠢ ᠳᠤ ᠬᠢᠲᠠᠳ ᠡᠮ ᠡᠮᠨᠡᠯᠭᠡ ᠶᠢᠨ ᠤᠶᠢᠯᠡᠴᠢᠯᠡᠭᠡᠨ ᠤ ᠵᠢᠭᠰᠠᠭᠠᠯ ᠤᠨ ᠭᠠᠵᠠᠷ ᠪᠠᠶᠢᠭᠤᠯᠤᠨ᠎ᠠ︔ ᠡᠮᠴᠢᠯᠡᠭᠡ ᠡᠷᠡᠭᠦᠯᠵᠢᠯ᠂ ᠪᠡᠶ᠎ᠡ ᠰᠤᠪᠢᠯᠠᠯᠲᠠ ᠡᠷᠡᠭᠦᠯᠵᠢᠯ ᠂ ᠰᠡᠯᠡᠭᠦᠴᠡᠯ ᠵᠢᠭᠤᠯᠴᠢᠯᠠᠯ ᠵᠡᠷᠭᠡ ᠶᠢ ᠨᠢᠭᠡ ᠴᠤᠭᠴᠠᠵᠢᠭᠤᠯᠤᠭᠰᠠᠨ ᠡᠷᠡᠭᠦᠯᠵᠢᠯ ᠰᠤᠪᠢᠯᠠᠯᠲᠠ ᠶᠢᠨ ᠠᠵᠤ  ᠤᠶᠢᠯᠡᠰ ᠤᠨ ᠰᠢᠨ᠎ᠡ ᠬᠥᠬᠡ ᠲᠠᠩᠭᠢᠰ ᠢ ᠪᠣᠶ ᠪᠣᠯᠭᠠᠨ᠎ᠠ᠃  — ᠬᠤᠳᠠ ᠶᠢᠨ ᠰᠣᠶᠣᠯ ᠤᠨ ᠠᠭᠤᠯᠤᠭᠳᠠᠬᠤᠨ ᠢ ᠪᠠᠶᠠᠯᠢᠭᠵᠢᠭᠤᠯᠵᠤ᠂ ᠳᠤᠮᠳᠠᠳᠤ ᠤᠯᠤᠰ ᠤᠨ ᠤᠮᠠᠷᠠᠲᠤ ᠶᠢᠨ ᠴᠢᠬᠤᠯᠠ ᠰᠣᠶᠣᠯ ᠦᠵᠡᠰᠬᠦᠯᠡᠩ ᠤᠨ ᠵᠠᠩ ᠦᠢᠯᠡ ᠶᠢᠨ ᠵᠢᠵᠢᠭ ᠪᠠᠯᠭᠠᠰᠤ ᠶᠢ ᠪᠠᠶᠢᠭᠤᠯᠤᠨ᠎ᠠ᠃ ᠮᠠᠨ ᠤ ᠬᠤᠲᠠ ᠶᠢᠨ ︽ᠠᠵᠤ ᠤᠶᠢᠯᠡᠰ᠂ ᠬᠤᠲᠠ᠂ ᠬᠥᠮᠦᠨ᠂ ᠰᠣᠶᠣᠯ︾ ᠤᠨ ᠡᠬᠢ ᠪᠠᠶᠠᠯᠢᠭ ᠲᠤ ᠰᠠᠭᠤᠷᠢᠯᠠᠨ᠂ ᠰᠣᠶᠣᠯ ᠤᠨ ᠦᠵᠡᠰᠬᠦᠯᠡᠩ ᠤᠨ  ᠤᠶᠢᠯᠡᠰ᠂ ᠵᠢᠭᠤᠯᠴᠢᠯᠠᠯ ᠤᠨ ᠤᠶᠢᠯᠡᠰ᠂ ᠣᠲᠣ ᠦᠶ᠎ᠡ ᠶᠢᠨ  ᠤᠶᠢᠯᠡᠴᠢᠯᠡᠭᠡᠨ ᠤ ᠤᠶᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠠᠮᠢᠵᠢᠷᠠᠯ ᠤᠨ ᠬᠦᠴᠦᠨ ᠲᠠᠢ᠂ ᠬᠠᠯᠠᠭᠤᠨ ᠳᠤᠯᠠᠭᠠᠨ᠂ ᠲᠠᠲᠠᠬᠤ ᠬᠦᠴᠦᠨ ᠲᠠᠢ ᠣᠷᠣᠰᠢᠨ ᠰᠠᠭᠤᠬᠤ ᠳᠤ ᠲᠣᠬᠢᠷᠠᠮᠵᠢᠲᠠᠶ᠂ ᠵᠤᠭᠠᠴᠠᠬᠤ ᠳᠤ ᠲᠣᠬᠢᠷᠠᠮᠵᠢᠲᠠᠶ ᠰᠣᠶᠣᠯ ᠤᠨ ᠦᠵᠡᠰᠬᠦᠯᠡᠩ ᠤᠨ ᠵᠠᠩ ᠤᠶᠢᠯᠡ ᠶᠢᠨ ᠵᠢᠵᠢᠭ ᠪᠠᠯᠭᠠᠰᠤ ᠶᠢ ᠴᠢᠷᠮᠠᠶᠢᠨ ᠪᠥᠲᠥᠭᠡᠨ ᠪᠠᠶᠢᠭᠤᠯᠤᠨ᠎ᠠ᠃ ᠬᠤᠳᠠ ᠶᠢ ᠰᠢᠨᠡᠳᠬᠡᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ᠬᠤᠳᠠ ᠶᠢᠨ ᠪᠦᠳᠦᠭᠡᠨ ᠪᠠᠶᠢᠭᠤᠯᠤᠯᠲᠠ ᠶᠢ ᠥᠨᠳᠥᠷ ᠡᠬᠢᠯᠡᠯᠲᠡ ᠲᠠᠢ ᠪᠠᠷ ᠲᠥᠯᠥᠪᠯᠡᠵᠦ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠬᠦ᠂ ᠾᠤᠰᠢ ᠰᠢᠨ᠎ᠡ ᠲᠣᠭᠤᠷᠢᠭ ᠤᠨ ᠵᠠᠮ ᠤᠨ ᠪᠦᠳᠦᠭᠡᠨ ᠪᠠᠶᠢᠭᠤᠯᠤᠯᠲᠠ᠂ ᠲᠥᠪ ᠤᠨ ᠡᠮᠦᠨ᠎ᠡ ᠵᠠᠮ ᠤᠨ ᠬᠤᠳᠠ ᠶᠢᠨ ᠶᠠᠪᠤᠳᠠᠯ ᠤᠨ ᠲᠥᠬᠦᠭᠡᠷᠦᠮᠵᠢ ᠶᠢ ᠬᠠᠮᠠᠭᠠᠯᠠᠬᠤ ᠵᠡᠷᠭᠡ ᠢᠨᠵᠧᠨᠧᠷᠢᠩ ᠢ ᠶᠡᠬᠡᠪᠡᠷ ᠲᠦᠯᠬᠢᠨ ᠠᠬᠢᠭᠤᠯᠵᠤ᠂ ᠬᠤᠳᠠ ᠶᠢᠨ ᠤᠰᠤ ᠬᠠᠩᠭᠠᠬᠤ᠂ ᠤᠰᠤ ᠵᠠᠯᠠᠬᠤ᠂ ᠢᠯᠴᠢ ᠬᠠᠩᠭᠠᠬᠤ᠂ ᠬᠤᠭ ᠨᠣᠪᠰᠢ ᠶᠢ ᠰᠢᠢᠳᠪᠦᠷᠢᠯᠡᠬᠦ ᠵᠡᠷᠭᠡ ᠲᠥᠬᠦᠭᠡᠷᠦᠮᠵᠢ ᠶᠢ ᠥᠭᠡᠷᠡᠴᠢᠯᠡᠵᠦ᠂ ᠬᠤᠳᠠ ᠶᠢᠨ ᠦᠵᠡᠮᠵᠢ ᠶᠢ ᠰᠢᠯᠢᠳᠡᠭᠵᠢᠭᠦᠯᠦᠨ᠂ ᠬᠤᠳᠠ ᠶᠢᠨ ᠬᠡᠯᠪᠡᠷᠢ ᠪᠠᠶᠢᠳᠠᠯ ᠢ ᠲᠡᠭᠦᠯᠳᠡᠷᠵᠢᠭᠦᠯᠵᠦ᠂ ᠬᠤᠳᠠ ᠶᠢᠨ ᠳᠦᠷᠰᠦ ᠪᠠᠶᠢᠳᠠᠯ ᠢ ᠳᠡᠭᠡᠭᠰᠢᠯᠡᠭᠦᠯᠦᠨ᠎ᠡ᠃ ᠬᠤᠲᠠ ᠶᠢᠨ ᠬᠥᠮᠦᠨ ᠰᠣᠶᠣᠯ ᠤᠨ ᠬᠡᠪ ᠴᠢᠨᠠᠷ ᠢ ᠢᠯᠡᠷᠡᠭᠦᠯᠦᠨ᠎ᠡ᠃ ᠬᠤᠶᠠᠷ ᠵᠤᠷᠪᠤᠰ ᠲᠡᠦᠬᠡ ᠰᠣᠶᠣᠯ ᠤᠨ ᠵᠡᠭᠡᠯᠢ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠳᠤᠮᠳᠠᠳᠤ ᠤᠯᠤᠰ ᠤᠨ ᠵᠡᠭᠦᠨ ᠬᠤᠶᠢᠲᠤ ᠶᠢᠨ ᠲᠡᠮᠦᠷ ᠵᠠᠮ ᠤᠨ ᠪᠠᠷᠢᠯᠭ᠎ᠠ ᠨᠤᠭᠤᠳ ᠤᠨ ᠪᠠᠭᠤᠷᠢ ᠶᠢ ᠬᠠᠮᠠᠭᠠᠯᠠᠵᠤ ᠰᠡᠯᠪᠢᠨ ᠵᠠᠰᠠᠬᠤ ᠠᠵᠢᠯ ᠢ ᠪᠡᠶᠡᠯᠡᠭᠦᠯᠪᠡ︔ ︽ᠨᠢᠭᠡ ᠪᠦᠯᠦᠭ ᠢ ᠰᠢᠨ᠎ᠡ ᠪᠠᠷ ᠪᠠᠶᠢᠭᠤᠯᠬᠤ᠂ ᠨᠢᠭᠡ ᠪᠦᠯᠦᠭ ᠢ ᠳᠡᠭᠡᠭᠰᠢᠯᠡᠭᠦᠯᠬᠦ᠂ ᠨᠢᠭᠡ ᠪᠦᠯᠦᠭ ᠢ ᠲᠡᠭᠦᠯᠳᠡᠷᠵᠢᠭᠦᠯᠬᠦ︾ ᠠᠷᠭ᠎ᠠ ᠮᠠᠶ᠋ᠢᠭ ᠢᠶᠠᠷ ᠳᠠᠮᠵᠢᠭᠤᠯᠤᠨ ᠮᠦᠽᠧᠶ ᠶᠢᠨ ᠪᠦᠯᠦᠭᠯᠡᠯ ᠢ ᠪᠥᠲᠥᠭᠡᠨ ᠪᠠᠶᠢᠭᠤᠯᠵᠤ᠂ ᠲᠡᠤᠬᠡ ᠶᠢᠨ ᠮᠦᠽᠧᠶ ᠶᠢ ᠥᠭᠡᠷᠡᠴᠢᠯᠡᠨ ᠪᠠᠶᠢᠭᠤᠯᠵᠤ᠂ ᠰᠤᠷᠭᠠᠨ ᠬᠥᠮᠦᠵᠢᠯ᠂ ᠬᠢᠲᠠᠳ ᠡᠪᠡᠰᠦᠨ ᠡᠮ᠂ ᠠᠵᠤ ᠤᠶᠢᠯᠡᠳᠪᠦᠷᠢ ᠶᠢᠨ ᠮᠦᠽᠧᠶ ᠶᠢ ᠰᠢᠨ᠎ᠡ ᠪᠠᠷ ᠪᠠᠶᠢᠭᠤᠯᠵᠤ᠂ 2026 ᠣᠨ ᠪᠣᠯᠬᠤ ᠳᠤ ᠮᠦᠽᠧᠶ ᠶᠢᠨ ᠲᠤᠭ᠎ᠠ ᠬᠡᠮᠵᠢᠶ᠎ᠡ ᠶᠢ 16 ᠰᠠᠭᠤᠷᠢ ᠳᠤ ᠬᠦᠷᠦᠭᠦᠯᠵᠦ᠂ ᠣᠯᠠᠨ ᠴᠡᠭ ᠢᠶᠠᠷ ᠲᠤᠯᠭᠠᠭᠤᠷᠢᠯᠠᠭᠰᠠᠨ ᠮᠦᠽᠧᠶ ᠶᠢᠨ ᠬᠤᠲᠠ ᠶᠢ ᠪᠠᠶᠢᠭᠤᠯᠤᠨ᠎ᠠ᠃ ᠰᠣᠶᠣᠯ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠦᠨ᠎ᠡ᠃ ᠳᠡᠭᠦᠵᠢᠩ ᠬᠥᠭᠦᠷᠭᠡ ᠶᠢᠨ ᠴᠡᠴᠡᠷᠯᠢᠭ ᠢ ᠲᠠᠰ ᠳᠡᠪᠰᠢᠭᠦᠯᠦᠨ ᠥᠭᠡᠷᠡᠴᠢᠯᠡᠵᠦ᠂ ᠳᠤᠮᠳᠠᠳᠤ ᠳᠣᠷᠣᠨᠠᠲᠤ ᠶᠢᠨ ᠲᠡᠮᠦᠷ ᠵᠠᠮ ᠤᠨ ᠮᠦᠽᠧᠶ ᠶᠢᠨ ᠭᠤᠷᠪᠠᠳᠤᠭᠠᠷ ᠨᠣᠮᠧᠷᠲᠤ ᠣᠷᠳᠣᠨ ᠢ ᠪᠥᠲᠥᠭᠡᠨ ᠪᠠᠶᠢᠭᠤᠯᠵᠤ᠂ ᠤᠰᠤᠨ ᠲᠤᠲᠤᠷᠭ᠎ᠠ ᠶᠢᠨ ᠴᠡᠴᠡᠷᠯᠢᠭ᠂ ᠭᠠᠯᠲᠤ ᠲᠡᠷᠭᠡᠨ ᠤ ᠬᠤᠭᠤᠯᠠᠨ ᠬᠡᠷ᠂  ᠨᠠᠭᠤᠷ ᠤᠨ ᠰᠠᠷᠠᠨ ᠤ ᠦᠵᠡᠮᠵᠢ᠂ ᠬᠥᠳᠡᠭᠡ ᠨᠤᠲᠤᠭ ᠤᠨ ᠰᠠᠶᠢᠬᠠᠨ ᠵᠢᠯ ᠵᠡᠷᠭᠡ ᠶᠢ ᠨᠢᠭᠡ ᠴᠤᠭᠴᠠᠵᠢᠭᠤᠯᠤᠭᠰᠠᠨ ᠰᠣᠶᠣᠯ ᠵᠠᠩ  ᠤᠶᠢᠯᠡ ᠶᠢᠨ ᠬᠦᠷᠢᠶᠡᠯᠡᠩ ᠢ ᠪᠠᠶᠢᠭᠤᠯᠤᠨ᠎ᠠ᠃ ᠤᠯᠠᠭᠠᠨᠮᠥ᠋ᠴᠢᠷ ᠤᠨ ᠠᠵᠢᠯ  ᠤᠶᠢᠯᠡᠰ ᠢ ᠶᠡᠬᠡᠪᠡᠷ ᠬᠥᠭᠵᠢᠭᠦᠯᠵᠦ᠂ ᠤᠷᠠᠨ ᠪᠢᠴᠢᠯᠭᠡ ᠤᠷᠠᠨ ᠵᠢᠷᠤᠭ᠂ ᠦᠨᠳᠦᠰᠦᠨ ᠤ ᠤᠷᠠᠯᠢᠭ᠂ ᠴᠠᠭᠠᠰᠤᠨ ᠬᠠᠶᠢᠴᠢᠯᠠᠮᠠᠯ᠂ ᠭᠠᠷ ᠢᠶᠠᠷ ᠨᠡᠬᠡᠬᠦ ᠵᠡᠷᠭᠡ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠪᠣᠳᠠᠰ ᠤᠨ ᠪᠤᠰᠤ ᠰᠣᠶᠣᠯ ᠤᠨ ᠥᠪ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠥᠲᠥᠭᠡᠨ ᠪᠠᠶᠢᠭᠤᠯᠵᠤ᠂ ᠤᠯᠤᠰ ᠤᠨ ᠲᠡᠤᠬᠡ ᠰᠣᠶᠣᠯ ᠤᠨ ᠨᠠᠷᠠᠲᠤ ᠬᠤᠲᠠ ᠶᠢ ᠴᠢᠷᠮᠠᠶᠢᠨ ᠪᠠᠶᠢᠭᠤᠯᠤᠨ᠎ᠠ᠃   — ᠠᠭᠠᠷ ᠤᠨ ᠠᠶᠠᠯᠠᠯ ᠤᠨ ᠠᠵᠤ ᠦᠢᠯᠡᠰ ᠤᠨ ᠠᠵᠤ ᠠᠬᠤᠢ ᠶᠢ ᠬᠥᠭᠵᠢᠭᠦᠯᠵᠦ᠂ ᠳᠤᠮᠳᠠᠳᠤ ᠤᠯᠤᠰ ᠤᠨ ᠤᠮᠠᠷᠠᠲᠤ ᠶᠢᠨ ᠴᠢᠬᠤᠯᠠ ᠠᠭᠠᠷ ᠤᠨ ᠠᠶᠠᠯᠠᠯ ᠤᠨ ᠤᠨᠴᠠᠯᠢᠬᠳᠤ ᠵᠢᠵᠢᠭ ᠪᠠᠯᠭᠠᠰᠤ ᠶᠢ ᠪᠠᠶᠢᠭᠤᠯᠤᠨ᠎ᠠ᠃ ᠬᠥᠯᠥᠨ ᠪᠤᠶᠢᠷ ᠲᠤ ᠰᠠᠭᠤᠷᠢᠯᠠᠨ᠂ ᠥᠪᠥᠷ ᠮᠣᠩᠭᠤᠯ ᠳᠤ ᠤᠶᠢᠯᠡᠴᠢᠯᠡᠵᠤ᠂ ᠪᠥᠬᠦ ᠤᠯᠤᠰ ᠲᠤ ᠬᠠᠨᠳᠤᠭᠤᠯᠤᠨ᠂ ᠲᠤᠰᠬᠠᠶ ᠮᠡᠷᠭᠡᠵᠢᠯ ᠤᠨ ᠨᠢᠰᠦᠯᠲᠡ᠂ ᠲᠤᠰᠬᠠᠶ ᠮᠡᠷᠭᠡᠵᠢᠯ ᠤᠨ ᠪᠣᠯᠪᠠᠰᠤᠷᠠᠯ᠂ ᠠᠶᠠᠯᠠᠯ ᠨᠡᠪᠲᠡᠷᠡᠵᠦ ᠰᠡᠯᠪᠢᠨ ᠵᠠᠰᠠᠬᠤ᠂ ᠵᠢᠯᠣᠭᠤᠴᠢ ᠥᠬᠡᠶ ᠵᠢᠯᠣᠭᠤᠳᠬᠤ ᠵᠡᠷᠭᠡ ᠴᠢᠳᠠᠮᠵᠢ ᠶᠢ ᠨᠢᠭᠡ ᠴᠣᠠᠠᠴᠠᠵᠢᠭᠤᠯᠥᠠᠠᠰᠠᠨ ᠠᠭᠠᠷ ᠤᠨ ᠠᠵᠤ  ᠤᠶᠢᠯᠡᠰ ᠤᠨ ᠲᠥᠪᠯᠡᠷᠡᠭᠰᠡᠨ ᠣᠷᠣᠨ ᠢ ᠪᠠᠶᠢᠭᠤᠯᠤᠨ᠎ᠠ᠃ ᠨᠢᠰᠬᠡᠯ ᠤᠨ ᠪᠠᠭᠤᠳᠠᠯ ᠤᠨ  ᠤᠶᠢᠯᠡᠴᠢᠯᠡᠭᠡᠨ ᠤ ᠪᠠᠲᠤᠯᠠᠭ᠎ᠠ ᠶᠢᠨ ᠴᠢᠩᠭᠢᠰ ᠬᠠᠭᠠᠨ ᠤ ᠨᠢᠰᠬᠡᠯ ᠤᠨ ᠪᠠᠭᠤᠳᠠᠯ ᠤᠨ ᠨᠡᠶᠢᠲᠡ ᠶᠢᠨ ᠬᠡᠷᠡᠭᠯᠡᠭᠡᠨ ᠤ ᠪᠡᠯᠡᠳᠬᠡᠮᠵᠢ ᠶᠢ ᠲᠡᠭᠦᠯᠳᠡᠷᠵᠢᠭᠦᠯᠵᠦ᠂ ᠠᠭᠠᠷ ᠤᠨ ᠠᠶᠠᠯᠠᠯ ᠤᠨ ᠨᠡᠪᠲᠡᠷᠡᠬᠦ ᠴᠢᠳᠠᠪᠤᠷᠢ ᠶᠢ ᠳᠡᠭᠡᠭᠰᠢᠯᠡᠭᠦᠯᠦᠨ᠂ 2026 ᠣᠨ ᠪᠣᠯᠬᠤ ᠳᠤ ᠠᠶᠠᠨᠴᠢᠳ ᠤᠨ ᠣᠷᠣᠭᠤᠯᠵᠤ ᠭᠠᠷᠭᠠᠬᠤ ᠬᠡᠮᠵᠢᠶ᠎ᠡ ᠶᠢ 25 ᠲᠦᠮᠡᠨ ᠬᠥᠮᠦᠨ ᠤᠳᠠᠭ᠎ᠠ ᠳᠤ ᠬᠦᠷᠦᠭᠦᠯᠵᠦ᠂ ᠪᠠᠷᠠᠭ᠎ᠠ ᠰᠢᠤᠳᠠᠨ ᠤ ᠣᠷᠣᠭᠤᠯᠵᠤ ᠭᠠᠷᠭᠠᠬᠤ ᠬᠡᠮᠵᠢᠶ᠎ᠡ ᠶᠢ 200 ᠲᠣᠨ ᠳᠤ ᠬᠦᠷᠦᠭᠦᠯᠦᠨ᠎ᠡ᠃ ᠴᠠᠢ ᠾᠧ ᠶᠢᠨ ᠨᠡᠶᠢᠳᠡᠮ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠠᠶᠠᠯᠠᠯ ᠨᠡᠪᠲᠡᠷᠡᠬᠦ ᠶᠢ ᠪᠡᠶᠡᠯᠡᠭᠦᠯᠵᠦ᠂ ︽ᠤᠯᠠᠭᠠᠨᠴᠠᠪ ᠲᠠᠩᠭᠢᠰ︾ ᠠᠭᠠᠷ ᠤᠨ ᠠᠶᠠᠯᠠᠯ ᠤᠨ ᠵᠤᠭᠠᠴᠠᠯ ᠤᠨ ᠲᠣᠭᠤᠷᠢᠭ ᠲᠤ ᠠᠭᠤᠰᠤᠯᠴᠠᠨ᠎ᠠ᠃ ᠲᠤᠰᠬᠠᠶ ᠨᠢᠰᠦᠯᠲᠡ ᠶᠢᠨ ᠪᠣᠯᠪᠠᠰᠤᠷᠠᠯ ᠤᠨ ᠰᠠᠭᠤᠷᠢᠨ ᠭᠠᠵᠠᠷ ᠢ ᠪᠠᠶᠢᠭᠤᠯᠤᠨ᠎ᠠ᠃ ᠥᠪᠥᠷ ᠮᠣᠩᠭᠤᠯ ᠤᠨ ᠨᠢᠰᠦᠯᠲᠡ ᠶᠢᠨ ᠳᠡᠭᠡᠳᠦ ᠰᠤᠷᠭᠠᠭᠤᠯᠢ ᠶᠢᠨ ᠨᠢᠰᠦᠯᠲᠡ ᠶᠢᠨ ᠬᠡᠰᠡᠭ ᠢ ᠳᠡᠭᠡᠭᠰᠢᠯᠡᠭᠦᠯᠬᠦ᠂ ᠵᠢᠭᠠᠨ ᠰᠤᠷᠭᠠᠯᠲᠠ ᠶᠢᠨ ᠰᠠᠭᠤᠷᠢᠨ ᠭᠠᠵᠠᠷ ᠪᠠ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢ ᠥᠷᠭᠡᠳᠬᠡᠨ ᠪᠠᠶᠢᠭᠤᠯᠬᠤ ᠵᠡᠷᠭᠡ ᠲᠥᠷᠥᠯ ᠵᠤᠶᠢᠯ ᠢ ᠲᠦᠷᠭᠡᠳᠬᠡᠨ ᠠᠬᠢᠭᠤᠯᠵᠤ᠂ ᠵᠠᠯᠠᠨ ᠠᠶᠢᠯ ᠢᠶᠠᠷ ᠭᠤᠤᠯ ᠪᠣᠯᠭᠠᠭᠰᠠᠨ᠂ ᠡᠳᠦᠶ ᠲᠡᠳᠦᠶ ᠬᠠᠷᠢᠶᠠᠲᠤ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢᠶᠠᠷ ᠨᠥᠬᠦᠪᠥᠷᠢ ᠪᠣᠯᠭᠠᠭᠰᠠᠨ ᠪᠣᠯᠪᠠᠰᠤᠷᠠᠭᠤᠯᠤᠯ ᠤᠨ ᠨᠢᠰᠬᠡᠯ ᠤᠨ ᠪᠠᠭᠤᠳᠠᠯ ᠤᠨ ᠰᠢᠨ᠎ᠡ ᠰᠢᠰᠲ᠋ᠧᠮᠵᠢ ᠶᠢ ᠪᠥᠲᠥᠭᠡᠨ ᠪᠠᠶᠢᠭᠤᠯᠵᠤ᠂ ᠵᠢᠯ ᠳᠤ 600 ᠰᠣᠷᠣᠭᠴᠢ ᠶᠢ ᠪᠣᠯᠪᠠᠰᠤᠷᠠᠭᠤᠯᠬᠤ᠂ 12 ᠲᠦᠮᠡᠨ ᠴᠠᠭ ᠤᠨ ᠨᠢᠰᠦᠯᠲᠡ ᠶᠢᠨ ᠪᠣᠯᠪᠠᠰᠤᠷᠠᠭᠤᠯᠤᠯ ᠤᠨ ᠬᠡᠪᠴᠢᠶ᠎ᠡ ᠶᠢ ᠪᠦᠷᠢᠯᠳᠦᠭᠦᠯᠦᠨ᠎ᠡ᠃ ᠰᠡᠯᠪᠢᠨ ᠵᠠᠰᠠᠵᠤ ᠰᠢᠯᠭᠠᠨ ᠪᠠᠶᠢᠴᠠᠭᠠᠵᠤ ᠠᠷᠠᠴᠢᠯᠠᠨ ᠬᠠᠮᠠᠭᠠᠯᠠᠬᠤ ᠰᠠᠭᠤᠷᠢᠨ ᠭᠠᠵᠠᠷ ᠢ ᠪᠠᠶᠢᠭᠤᠯᠤᠨ᠎ᠠ᠃ ᠵᠢᠶᠤᠫᠰᠤᠨ ᠣᠯᠠᠨ ᠤᠯᠤᠰ ᠤᠨ ᠨᠢᠰᠦᠯᠲᠡ ᠶᠢᠨ ᠳᠡᠭᠡᠳᠦ ᠰᠤᠷᠭᠠᠭᠤᠯᠢ ᠶᠢᠨ ᠨᠢᠰᠬᠡᠯ ᠤᠨ ᠶᠠᠪᠤᠳᠠᠯ ᠤᠨ ᠪᠠᠲᠤᠯᠠᠭ᠎ᠠ ᠶᠢᠨ ᠰᠡᠯᠪᠢᠨ ᠵᠠᠰᠠᠵᠤ ᠰᠢᠯᠭᠠᠨ ᠪᠠᠶᠢᠴᠠᠭᠠᠬᠤ ᠪᠠ ᠠᠶᠠᠯᠠᠯ ᠨᠡᠪᠲᠡᠷᠡᠬᠦ ᠲᠤᠬᠠᠶᠢᠯᠠᠭᠰᠠᠨ ᠠᠵᠢᠯ ᠢᠶᠠᠨ ᠥᠷᠭᠡᠳᠬᠡᠬᠦ ᠶᠢ ᠳᠡᠮᠵᠢᠵᠦ᠂ ᠳᠤᠮᠳᠠᠳᠤ ᠤᠯᠤᠰ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠶᠡᠭᠡ ᠰᠤᠷᠭᠠᠭᠤᠯᠢ᠂ ᠵᠧᠵᠢᠶᠠᠩ ᠤᠨ ᠸᠠᠨ ᠹᠤᠩ ᠺᠣᠮᠫᠠᠨᠢ ᠯᠤᠭ᠎ᠠ ᠭᠦᠨᠵᠡᠭᠡᠶ ᠬᠠᠮᠲᠤᠷᠠᠯᠴᠠᠭ᠎ᠠ ᠥᠷᠨᠢᠭᠦᠯᠵᠦ᠂ NG ᠨᠢᠰᠬᠡᠯ ᠤᠨ ᠬᠥᠳᠡᠯᠭᠡᠭᠦᠷ ᠰᠡᠯᠪᠢᠨ ᠵᠠᠰᠠᠬᠤ ᠦᠶ᠋ᠯᠡᠳᠪᠦᠷᠢ ᠶᠢ ᠪᠠᠶᠢᠭᠤᠯᠤᠨ᠂ ᠬᠥᠯᠥᠨ ᠪᠤᠶᠢᠷ ᠢ ᠪᠦᠷᠬᠦᠭᠰᠡᠨ᠂ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠪᠠ ᠵᠡᠭᠦᠨ ᠬᠤᠶᠢᠲᠤ ᠶᠢᠨ ᠭᠤᠷᠪᠠᠨ ᠮᠤᠵᠢ ᠶᠢ ᠨᠥᠯᠥᠭᠡᠯᠡᠭᠰᠡᠨ ᠨᠡᠶᠢᠳᠡᠮ ᠬᠡᠷᠡᠭᠯᠡᠭᠡᠨ ᠤ ᠨᠢᠰᠦᠭᠦᠷ ᠢ ᠰᠡᠯᠪᠢᠨ ᠵᠠᠰᠠᠬᠤ᠂ ᠰᠢᠯᠭᠠᠨ ᠪᠠᠶᠢᠴᠠᠭᠠᠬᠤ᠂ ᠠᠷᠠᠴᠢᠯᠠᠨ ᠬᠠᠮᠠᠭᠠᠯᠠᠬᠤ ᠠᠵᠤ  ᠤᠶᠢᠯᠡᠰ ᠤᠨ ᠲᠥᠪᠯᠡᠷᠡᠭᠰᠡᠨ ᠣᠷᠣᠨ ᠢ ᠪᠣᠶ ᠪᠣᠯᠭᠠᠨ᠎ᠠ᠃ ᠠᠷᠠᠳ ᠤᠨ ᠠᠭᠠᠷ ᠤᠨ ᠲᠡᠭᠡᠭᠡᠪᠦᠷᠢ ᠶᠢᠨ ᠪᠣᠯᠪᠠᠰᠤᠷᠠᠭᠤᠯᠤᠯ ᠬᠥᠮᠦᠵᠢᠯ ᠟ ᠤᠨ ᠰᠠᠭᠤᠷᠢᠨ ᠭᠠᠵᠠᠷ ᠢ ᠪᠠᠶᠢᠭᠤᠯᠤᠨ᠎ᠠ᠃ ᠤᠯᠤᠰ ᠤᠨ ᠠᠭᠠᠷ ᠤᠨ ᠠᠶᠠᠯᠠᠯ ᠤᠨ ᠺᠣᠮᠫᠠᠨᠢ ᠶᠢᠨ ᠲᠤᠰᠬᠠᠶ ᠬᠠᠷᠢᠶᠠᠲᠤ ᠰᠠᠭᠤᠷᠢᠨ ᠭᠠᠵᠠᠷ ᠤᠨ ᠪᠣᠯᠪᠠᠰᠤᠷᠠᠭᠤᠯᠤᠯ ᠤᠨ ᠲᠤᠬᠠᠶᠢᠯᠠᠭᠰᠠᠨ ᠠᠵᠢᠯ ᠢ ᠥᠷᠭᠡᠳᠬᠡᠨ᠂ ᠨᠢᠰᠬᠡᠭᠴᠢ ᠶᠢ ᠬᠥᠮᠦᠵᠢᠭᠦᠯᠬᠦ᠂ ᠳᠠᠪᠲᠠᠨ ᠪᠣᠯᠪᠠᠰᠤᠷᠠᠭᠤᠯᠬᠤ᠂ ᠮᠠᠰᠢᠨ ᠤ ᠬᠡᠯᠪᠡᠷᠢ ᠶᠢᠨ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠵᠤ᠂ ᠳᠤᠮᠳᠠᠳᠤ ᠤᠯᠤᠰ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠶᠡᠭᠡ ᠰᠤᠷᠭᠠᠭᠤᠯᠢ ᠶᠢᠨ ᠬᠢᠯᠢ ᠶᠢᠨ ᠭᠠᠳᠠᠨᠠᠬᠢ ᠪᠣᠯᠪᠠᠰᠤᠷᠠᠭᠤᠯᠤᠯ ᠵᠢᠭᠠᠨ ᠰᠤᠷᠭᠠᠯᠲᠠ ᠶᠢᠨ ᠰᠠᠭᠤᠷᠢᠨ ᠭᠠᠵᠠᠷ ᠢ ᠮᠠᠨ ᠤ ᠬᠤᠲᠠ ᠳᠤ ᠡᠷᠦᠬᠡ ᠠᠮᠠ ᠣᠷᠣᠭᠤᠯᠬᠤ ᠪᠠᠷ ᠴᠢᠷᠮᠠᠶᠢᠵᠤ᠂ ᠳᠤᠮᠳᠠᠳᠤ ᠤᠯᠤᠰ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠰᠢᠰᠲ᠋ᠧᠮ ᠤᠨ ᠪᠣᠯᠪᠠᠰᠤᠷᠠᠭᠤᠯᠤᠯ ᠬᠥᠮᠦᠵᠢᠯ ᠤᠨ ᠰᠠᠭᠤᠷᠢᠨ ᠭᠠᠵᠠᠷ ᠢ ᠵᠢᠯᠣᠭᠤᠴᠢ ᠥᠬᠡᠶ ᠨᠢᠰᠬᠡᠯ ᠤᠨ ᠪᠣᠯᠪᠠᠰᠤᠷᠠᠭᠤᠯᠤᠯ᠂ ᠰᠢᠯᠭᠠᠯᠲᠠ ᠶᠢᠨ ᠲᠤᠬᠠᠶᠢᠯᠠᠭᠰᠠᠨ ᠠᠵᠢᠯ ᠢ ᠥᠷᠨᠢᠭᠦᠯᠵᠦ᠂ ᠥᠪᠥᠷ ᠮᠣᠩᠭᠤᠯ ᠤᠨ ᠵᠢᠯᠣᠭᠤᠴᠢ ᠥᠬᠡᠶ ᠨᠢᠰᠬᠡᠯ ᠤᠨ  ᠤᠶᠢᠯᠡᠳᠪᠦᠷᠢᠯᠡᠬᠦ ᠵᠢᠭᠠᠬᠤ ᠰᠤᠳᠤᠯᠬᠤ ᠶᠢᠨ ᠨᠡᠭᠡᠭᠡᠯᠲᠡ ᠲᠠᠢ ᠰᠢᠨ᠎ᠡ ᠶᠢ ᠡᠭᠦᠳᠬᠦ ᠴᠢᠬᠤᠯᠠ ᠲᠠᠪᠴᠠᠩ ᠢ ᠡᠭᠦᠳᠦᠨ ᠪᠠᠶᠢᠭᠤᠯᠤᠨ᠎ᠠ᠃    — ᠬᠠᠮᠲᠤᠪᠠᠷ ᠪᠠᠶᠢᠭᠤᠯᠬᠤ ᠬᠠᠮᠲᠤᠪᠠᠷ ᠵᠠᠰᠠᠬᠤ ᠬᠠᠮᠲᠤᠪᠠᠷ ᠡᠳ᠋ᠯᠡᠬᠦ ᠶᠢ ᠠᠬᠢᠭᠤᠯᠵᠤ᠂ ᠥᠷᠭᠡᠨ ᠤᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠰᠢᠨ᠎ᠡ ᠬᠦᠰᠡᠯ ᠡᠷᠡᠮᠡᠯᠵᠡᠯ ᠳᠤ ᠨᠡᠩ ᠰᠠᠶᠢᠲᠤᠷ ᠬᠠᠷᠢᠭᠤᠯᠲᠠ ᠥᠭᠭᠦᠨ᠎ᠡ᠃ ᠬᠥᠮᠦᠨ ᠢᠶᠠᠷ ᠭᠤᠤᠯᠯᠠᠭᠤᠯᠤᠭᠰᠠᠨ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠠᠬᠢᠴᠠ ᠶᠢ ᠲᠦᠷᠭᠡᠳᠬᠡᠵᠦ᠂ ᠬᠤᠲᠠ ᠶᠢᠨ ᠴᠢᠳᠠᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠤᠶᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠵᠦ᠂ ᠳᠠᠪᠠᠭᠠᠨ ᠤ ᠵᠡᠭᠦᠨ ᠬᠡᠰᠡᠭ ᠤᠨ ᠣᠷᠣᠨ ᠪᠦᠰᠡ ᠶᠢᠨ ᠡᠮᠴᠢᠯᠡᠭᠡᠨ ᠤ ᠲᠥᠪ᠂ ᠰᠣᠶᠣᠯ ᠤᠨ ᠲᠥᠪ ᠤᠨ ᠪᠠᠶᠢᠷᠢ ᠰᠠᠭᠤᠷᠢ ᠶᠢ ᠪᠠᠬᠢᠵᠢᠭᠦᠯᠦᠨ᠎ᠡ᠃ ᠰᠠᠭᠤᠷᠢ ᠪᠠᠲᠤᠯᠠᠭ᠎ᠠ ᠶᠢ ᠴᠢᠩᠭᠠᠳᠬᠠᠨ᠎ᠠ᠃ ︽ᠬᠤᠶᠠᠷ ᠰᠢᠨ᠎ᠡ ᠨᠢᠭᠡ ᠬᠦᠨᠳᠦ︾ ᠶᠢᠨ ᠠᠵᠠ ᠲᠣᠬᠢᠶᠠᠯ ᠢ ᠠᠮᠵᠢᠵᠤ᠂  ᠯᠢᠩ ᠪᠧᠢ ᠶᠢᠨ ᠳᠥᠷᠪᠡᠳᠦᠭᠡᠷ ᠠᠩᠭᠢ ᠶᠢᠨ ᠬᠠᠷᠢᠯᠴᠠᠨ ᠨᠡᠪᠲᠡᠷᠡᠯᠴᠡᠬᠦ᠂ ᠤᠯᠤᠰ ᠤᠨ ᠵᠠᠮ ᠤᠨ 232 ᠱᠤᠭᠤᠮ ᠤᠨ ᠳ᠋ᠠ ᠰᠢᠩ ᠠᠴᠠ ᠽᠢ ᠭᠸᠤ ᠬᠥᠷᠬᠦ᠂ ᠮᠤᠵᠢ ᠶᠢᠨ ᠵᠠᠮ ᠤᠨ 308 ᠱᠤᠭᠤᠮ ᠤᠨ ᠮᠥᠭᠦᠴᠢ ᠠᠴᠠ ᠷᠠᠰᠢᠶᠠᠨ ᠬᠥᠷᠬᠦ᠂ ᠮᠤᠵᠢ ᠶᠢᠨ ᠵᠠᠮ ᠤᠨ 204 ᠱᠤᠭᠤᠮ ᠤᠨ ᠬᠤᠤ ᠷᠤᠤ ᠱᠠᠨ ᠠᠴᠠ ᠴᠠᠢ ᠾᠧ ᠠᠴᠠ ᠦᠨᠦᠯ ᠬᠥᠷᠬᠦ᠂  ᠴᠢᠴᠢᠬᠠᠷ  ᠬᠠᠶᠢᠯᠠᠷ ᠮᠠᠨᠵᠤ ᠶᠢᠨ ᠠᠶᠠᠨᠴᠢᠳ ᠤᠨ ᠲᠡᠭᠡᠭᠡᠪᠦᠷᠢ ᠶᠢᠨ ᠲᠤᠰᠬᠠᠶ ᠱᠤᠭᠤᠮ᠂ ᠶᠠᠩ ᠴᠢ ᠱᠠᠨ ᠤ ᠤᠰᠤ ᠬᠠᠩᠭᠠᠬᠤ ᠬᠤᠭᠤᠯᠠᠶ ᠱᠤᠭᠤᠮ ᠵᠡᠷᠭᠡ ᠴᠢᠬᠤᠯᠠ ᠶᠡᠭᠡ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ ᠢᠨᠲ᠋ᠤᠷ ᠰᠦᠯᠵᠢᠶ᠎ᠡ᠂ ᠲᠤᠮᠤ ᠳ᠋ᠠᠶᠢᠲ᠋ᠠ ᠳᠤ ᠲᠦᠰᠢᠭᠯᠡᠨ᠂ ᠰᠢᠰᠲ᠋ᠧᠮ ᠨᠢ ᠪᠦᠷᠢᠨ ᠲᠡᠭᠦᠯᠳᠡᠷ᠂ ᠥᠨᠳᠥᠷ ᠪᠦᠲᠦᠮᠵᠢᠲᠡᠶ ᠪᠥᠭᠡᠳ ᠬᠡᠷᠡᠭᠯᠡᠭᠡᠨ ᠤ ᠣᠳᠣᠬᠢᠴᠢᠯᠠᠭᠰᠠᠨ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ᠪᠠᠶᠢᠭᠤᠯᠤᠨ᠎ᠠ᠃ ᠬᠥᠭᠵᠢᠯᠲᠡ ᠶᠢᠨ ᠠᠮᠢᠳᠤᠯᠢᠭ ᠬᠦᠴᠦᠨ ᠢ ᠳᠡᠭᠡᠭᠰᠢᠯᠡᠭᠦᠯᠦᠨ᠎ᠡ᠃ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠮᠣᠩᠭᠤᠯ ᠢᠶᠠᠨ ᠮᠠᠨᠳᠤᠭᠤᠯᠬᠤ︾ ᠪᠠᠶᠢᠯᠳᠤᠬᠤ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠤᠨ ᠶᠡᠭᠡ ᠲᠤᠰᠬᠠᠶ ᠠᠵᠢᠯᠯᠠᠭ᠎ᠠ ᠶᠢ ᠬᠡᠷᠡᠭᠵᠢᠭᠦᠯᠦᠨ᠂ ᠰᠢᠨ᠎ᠡ ᠮᠡᠷᠭᠡᠵᠢᠯ ᠢ ᠰᠤᠳᠤᠯᠤᠨ ᠨᠡᠭᠡᠭᠡᠬᠦ ᠪᠠ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ ᠶᠢ ᠠᠬᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠲᠤᠭ᠎ᠠ ᠬᠡᠮᠵᠢᠶ᠎ᠡ ᠶᠢ 10      ᠳᠤ ᠬᠦᠷᠦᠭᠦᠯᠬᠦ ᠪᠠᠷ ᠡᠯ᠎ᠡ ᠬᠦᠷᠢᠶᠡᠨ ᠤ ᠥᠭᠡᠷᠡᠴᠢᠯᠡᠯᠲᠡ ᠶᠢ ᠢᠳᠡᠪᠬᠢᠲᠡᠶ ᠪᠥᠭᠡᠳ ᠯᠠᠪᠳᠠᠭᠤᠨ ᠢᠶᠠᠷ ᠠᠬᠢᠭᠤᠯᠵᠤ᠂ ︽ᠪᠠᠭᠤᠯᠭᠠᠬᠤ ᠬᠠᠮᠢᠶᠠᠷᠬᠤ  ᠤᠶᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠤ ᠠᠬᠤᠶᠢᠯᠠᠯ ᠳᠤ  ᠤᠶᠢᠯᠡᠴᠢᠯᠡᠬᠦ᠂ ᠲᠥᠷᠥᠯ ᠵᠤᠶᠢᠯ ᠳᠤ ᠤᠶᠢᠯᠡᠴᠢᠯᠡᠬᠦ ᠣᠨᠣᠯᠵᠢᠬᠤᠨ ᠢ ᠳᠣᠪᠤᠶᠢᠯᠭᠠᠨ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ  ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠶ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠪᠣᠶ ᠪᠣᠯᠭᠠᠨ᠎ᠠ᠃ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠦᠨ᠎ᠡ᠃ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠪᠠᠶᠢᠩᠭᠤ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠨ᠎ᠠ᠃ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠶᠢ ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠳᠠ ᠪᠠᠯᠭᠠᠰᠤᠨ ᠤ 1.5 ᠲᠦᠮᠡᠨ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠥᠳᠡᠭᠡ ᠲᠣᠰᠬᠤᠨ ᠤ ᠬᠥᠳᠡᠯᠮᠦᠷᠢ ᠶᠢᠨ ᠬᠦᠴᠦᠨ ᠢ 7.5 ᠲᠦᠮᠡᠨ ᠬᠥᠮᠦᠨ ᠤᠳᠠᠭ᠎ᠠ ᠰᠢᠯᠵᠢᠭᠦᠯᠦᠨ ᠠᠵᠢᠯ ᠣᠯᠭᠤᠵᠤ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 4.5%      ᠶᠢᠨ ᠳᠣᠲᠣᠷ᠎ᠠ ᠬᠢᠵᠠᠭᠠᠷᠯᠠᠪᠠ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠬᠤᠳᠠ ᠬᠥᠳᠡᠭᠡ ᠶᠢᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠰᠢᠯᠢᠳᠡᠭᠵᠢᠭᠦᠯᠵᠦ᠂ ᠨᠡᠶᠢᠭᠡᠮ ᠤᠨ ᠠᠰᠠᠷᠠᠮᠵᠢ᠂ ᠣᠷᠣᠰᠢᠭᠤᠯᠭ᠎ᠠ ᠶᠢᠨ ᠦᠢᠯᠡᠴᠢᠯᠡᠭᠡ ᠪᠠ ᠨᠢᠭᠦᠯᠡᠰᠦᠩᠭᠦᠶ ᠶᠢᠨ ᠦᠢᠯᠡᠰ ᠢ ᠰᠠᠶᠢᠲᠤᠷ ᠬᠢᠨ᠎ᠡ᠃ ᠰᠤᠷᠭᠠᠨ ᠬᠥᠮᠦᠵᠢᠯ ᠤᠨ ᠪᠠᠶᠢᠷᠢᠰᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠰᠢᠯᠢᠳᠡᠭᠵᠢᠭᠦᠯᠵᠦ᠂ ᠰᠤᠷᠭᠠᠨ ᠬᠥᠮᠦᠵᠢᠯ ᠤᠨ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠰᠢᠨ᠎ᠡ ᠲᠣᠭᠤᠷᠢᠭ ᠤᠨ ᠪᠠᠭ᠎ᠠ ᠰᠤᠷᠭᠠᠭᠤᠯᠢ᠂ ᠰᠢᠨ᠎ᠡ ᠲᠣᠭᠤᠷᠢᠭ ᠤᠨ ᠬᠡᠤᠬᠡᠳ ᠤᠨ ᠴᠡᠴᠡᠷᠯᠢᠭ᠂ ᠠᠵᠢᠯ ᠮᠡᠷᠭᠡᠵᠢᠯ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠵᠦ᠂ ᠪᠠᠭᠰᠢ ᠶᠢᠨ ᠳᠤᠲᠠᠭᠤᠳᠠᠯ ᠢ ᠨᠥᠬᠦᠪᠥᠷᠢᠯᠡᠵᠦ᠂ ᠰᠢᠯᠢᠳᠡᠭ ᠰᠣᠷᠣᠭᠴᠢ ᠶᠢᠨ ᠢᠷᠡᠯᠲᠡ ᠶᠢ ᠦᠯᠡᠳᠡᠭᠡᠵᠦ᠂ ᠰᠤᠷᠭᠠᠨ ᠬᠥᠮᠦᠵᠢᠯ ᠤᠨ ︽ᠡᠷᠬᠡ ᠴᠢᠯᠥᠭᠡ ᠪᠠᠨ ᠤᠯᠬᠤ ᠳᠠᠶᠢᠯᠠᠯᠳᠤᠭᠠᠨ︾ ᠢ ᠡᠷᠡᠰ ᠰᠠᠶᠢᠲᠤᠷ ᠬᠢᠨ᠎ᠠ᠃ ︽ᠡᠷᠡᠭᠦᠯ ᠮᠡᠨᠳᠦ ᠵᠠᠯᠠᠨ ᠠᠶᠢᠯ︾ ᠤᠨ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠲᠦᠷᠭᠡᠨ ᠠᠪᠤᠷᠠᠯᠳᠠ᠂ ᠬᠢᠲᠠᠳ ᠡᠮ ᠡᠮᠨᠡᠯᠭᠡ ᠶᠢᠨ ᠤᠶᠢᠯᠡᠴᠢᠯᠡᠭᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠢᠯᠭᠠᠨ ᠪᠠᠶᠢᠴᠠᠭᠠᠬᠤ ᠪᠠᠶᠢᠴᠠᠭᠠᠨ ᠬᠡᠮᠵᠢᠬᠦ ᠪᠠ ᠡᠮᠴᠢᠯᠡᠭᠡᠨ ᠤ ᠠᠪᠤᠷᠠᠨ ᠵᠠᠰᠠᠬᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠦᠨ᠎ᠡ᠃ ᠲᠣᠭᠲᠠᠭᠤᠨ ᠣᠷᠴᠢᠨ ᠲᠣᠭᠤᠷᠢᠨ ᠢ ᠬᠠᠮᠠᠭᠠᠯᠠᠨ᠎ᠠ᠃ ᠤᠯᠤᠰ ᠤᠨ ᠶᠡᠷᠦᠩᠬᠡᠶ ᠴᠣᠭᠴᠠ ᠶᠢᠨ ᠠᠮᠤᠷ ᠲᠦᠪᠰᠢᠨ ᠤ ᠦᠵᠡᠯᠲᠡ ᠶᠢ ᠭᠦᠨᠵᠡᠭᠡᠶ ᠲᠤᠤᠱᠯᠠᠭᠤᠯᠵᠤ᠂ ᠶᠡᠭᠡ ᠠᠮᠤᠷ ᠲᠦᠪᠰᠢᠨ ᠤ ᠪᠠᠶᠢᠷᠢᠰᠢᠯ ᠢ ᠪᠤᠢ ᠪᠣᠯᠭᠠᠨ᠎ᠠ᠃ ᠠᠶᠤᠯᠭᠦᠶ ᠦᠢᠯᠡᠳᠪᠦᠷᠢᠯᠡᠯ᠂ ᠢᠳᠡᠭᠡᠨ ᠤ ᠵᠦᠢᠯ ᠡᠮ ᠤᠨ ᠵᠦᠢᠯ ᠤᠨ ᠠᠶᠤᠯᠭᠦᠶ ᠶᠢᠨ ᠬᠠᠷᠢᠭᠤᠴᠠᠯᠭ᠎ᠠ ᠶᠢᠨ ᠲᠦᠷᠢᠮ ᠢ ᠵᠠᠰᠠᠬᠤ ᠰᠢᠰᠲ᠋ᠧᠮ ᠪᠠ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠤᠯᠠᠨ ᠡᠰᠢᠵᠢᠬᠦᠯᠦᠨ  ᠰᠢᠢᠳᠪᠦᠷᠢᠯᠡᠬᠦ ᠲᠣᠭᠲᠠᠴᠠ ᠶᠢ ᠪᠦᠷᠢᠨᠰᠢᠬᠦᠯᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠪᠦᠲᠦᠮᠵᠢᠲᠡᠶ ᠪᠠᠷ  ᠰᠢᠢᠳᠪᠦᠷᠢᠯᠡᠨ᠎ᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠡᠯ᠎ᠡ ᠵᠦᠢᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠢ ᠭᠦᠨᠵᠡᠭᠡᠶ ᠲᠦᠭᠡᠮᠡᠯᠵᠢᠭᠦᠯᠵᠦ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠤᠨ᠎ᠠ᠃ ᠨᠠᠮ ᠤᠨ ᠦᠨᠳᠦᠰᠦᠲᠡᠨ ᠪᠠ ᠱᠠᠰᠢᠨ ᠰᠤᠷᠲᠠᠬᠤᠨ ᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠨ᠎ᠠ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠡᠮᠡᠭᠲᠡᠶᠢᠴᠦᠳ ᠤᠨ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠪᠣᠭᠤᠮᠲᠠ ᠶᠢᠨ ᠠᠵᠢᠯ ᠤᠨ ᠵᠥᠪᠯᠡᠯ᠂ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠵᠡᠷᠭᠡ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠢ ᠶᠡᠭᠡ ᠪᠠᠷ ᠳᠡᠮᠵᠢᠵᠦ᠂ ᠬᠢᠨᠠᠨ ᠪᠤᠳᠤᠬᠤ᠂ ᠪᠦᠷᠢᠳᠬᠡᠬᠦ᠂ ᠴᠠᠭ ᠠᠭᠤᠷ᠂ ᠨᠠᠰᠤᠲᠠᠶᠢᠴᠤᠳ᠂ ᠭᠠᠳᠠᠭᠠᠳᠤ ᠶᠠᠪᠤᠳᠠᠯ᠂ ᠲᠠᠩᠰᠠ ᠡᠪᠬᠡᠮᠡᠯ᠂ ᠬᠠᠩᠭᠠᠨ ᠪᠣᠷᠣᠯᠠᠭᠤᠯᠬᠤ ᠬᠠᠮᠲᠤᠷᠠᠯᠴᠠᠭ᠎ᠠ᠂ ᠪᠠᠶᠢᠭᠤᠯᠭ᠎ᠠ ᠶᠢᠨ ᠠᠵᠢᠯ ᠶᠠᠪᠤᠳᠠᠯ ᠵᠡᠷᠭᠡ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠮᠥᠩᠭᠦᠨ ᠭᠦᠢᠯᠭᠡᠭᠡ᠂ ᠭᠠᠶᠢᠯᠢ ᠶᠢᠨ ᠶᠠᠪᠤᠳᠠᠯ᠂ ᠴᠢᠯᠠᠭᠤᠨ ᠲᠤᠰᠤ᠂ ᠴᠠᠬᠢᠯᠭᠠᠨ ᠬᠦᠴᠦ᠂ ᠨᠠᠪᠴᠢᠨ ᠲᠠᠮᠠᠬᠢ᠂ ᠮᠡᠳᠡᠭᠡ ᠬᠤᠯᠪᠣᠭ᠎ᠠ᠂ ᠰᠢᠦᠳᠠᠨ ᠵᠡᠷᠭᠡ ᠰᠠᠯᠠᠭ᠎ᠠ ᠮᠥᠴᠢᠷ ᠯᠦᠭᠡ ᠶᠢᠨ ᠬᠠᠷᠢᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠡᠯ᠎ᠡ ᠵᠦᠢᠯ ᠤᠨ ᠠᠵᠢᠯ ᠦᠢᠯᠡᠰ ᠤᠨ ᠪᠦᠬᠦ ᠲᠠᠯ᠎ᠠ ᠶᠢᠨ ᠲᠠᠪᠰᠢᠯᠳᠠ ᠶᠢ ᠲᠦᠯᠬᠢᠨ ᠠᠬᠢᠭᠤᠯᠤᠨ᠎ᠠ᠃     ᠲᠥᠯᠥᠭᠡᠯᠡᠭᠴᠢᠳ ᠡ᠂ ᠬᠦᠴᠦ ᠬᠥᠯᠥᠰᠥ ᠪᠠᠷ ᠢᠶᠠᠨ ᠬᠦᠰᠡᠯ ᠵᠡᠭᠦᠳᠦ ᠪᠠᠨ ᠲᠡᠷᠭᠡᠯᠰᠢᠭᠦᠯᠵᠦ᠂ ᠪᠣᠳᠠᠲᠠᠢ ᠠᠵᠢᠯᠯᠠᠪᠠᠯ ᠭᠡᠷᠡᠯ ᠰᠠᠴᠤᠷᠠᠩᠭᠤᠢ ᠦᠢᠯᠡᠰ ᠢ ᠴᠣᠭᠴᠠᠯᠠᠨ᠎ᠠ᠃ ᠪᠦᠬᠦ ᠬᠤᠳᠠ ᠪᠠᠷ ᠢᠶᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠬᠢᠵᠢᠭ ᠢ ᠡᠰᠡᠷᠭᠦᠴᠡᠬᠦ ᠬᠢᠵᠢᠭ ᠢ ᠰᠡᠷᠭᠡᠶᠢᠯᠡᠬᠦ ᠳᠠᠪᠲᠠᠯᠲᠠ ᠶᠢ ᠥᠩᠭᠡᠷᠡᠭᠡᠭᠡᠳ᠂ ᠪᠦᠯᠬᠦᠮᠳᠡᠨ ᠲᠡᠮᠡᠴᠡᠬᠦ ᠬᠦᠴᠦᠨ ᠨᠡᠩ ᠨᠢᠭᠲᠠᠷᠠᠵᠤ᠂ ᠠᠵᠢᠯ ᠬᠢᠵᠦ ᠦᠢᠯᠡᠰ ᠪᠤᠰᠬᠠᠬᠤ ᠤᠷᠮ᠎ᠠ ᠵᠣᠷᠢᠭ ᠤᠯᠠᠮ ᠢᠶᠠᠷ ᠣᠷᠭᠢᠯᠵᠤ ᠪᠠᠶᠢᠨ᠎ᠠ᠃ ᠬᠤᠲᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ᠭᠠᠭᠴᠠ ᠬᠦ ᠪᠦᠬᠦ ᠲᠠᠯ᠎ᠠ ᠳᠤ ᠰᠠᠭᠤᠷᠢᠯᠠᠨ ᠠᠵᠠ ᠲᠣᠬᠢᠶᠠᠯ ᠢ ᠠᠳᠬᠤᠵᠤ᠂ ᠬᠠᠷᠠᠯᠲᠠ ᠪᠠᠨ ᠪᠠᠷᠢᠮᠲᠠᠯᠠᠨ ᠴᠢᠷᠮᠠᠶᠢᠨ ᠠᠵᠢᠯᠯᠠᠳᠠᠭ ᠯᠠ ᠶᠤᠮ ᠪᠣᠯ ᠡᠯ᠎ᠡ ᠵᠦᠢᠯ ᠤᠨ ᠠᠵᠢᠯ ᠦᠢᠯᠡᠰ ᠯᠠᠪᠲᠠᠶ ᠨᠡᠩ ᠶᠡᠭᠡ ᠰᠢᠪᠲᠤᠯᠤᠯᠲᠠ ᠭᠠᠷᠭᠠᠵᠤ᠂ ᠵᠠᠯᠠᠨ ᠠᠶᠢᠯ ᠤᠨ ᠢᠷᠡᠭᠡᠳᠦᠶ ᠯᠠᠪᠲᠠᠶ ᠨᠡᠩ ᠰᠠᠶᠢᠨ ᠰᠠᠶᠢᠬᠠᠨ ᠪᠣᠯᠤᠨ᠎ᠠ ᠭᠡᠳᠡᠭ ᠢ ᠪᠢᠳᠡ ᠪᠠᠲᠤ ᠢᠲᠡᠭᠡᠵᠦ ᠪᠠᠶᠢᠨ᠎ᠠ᠃
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ