ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠤᠷᠢᠶ᠎ᠠ ᠶᠢᠨ ᠪᠥᠬᠦ ᠲᠠᠯ᠎ᠠ ᠪᠠᠷ ᠬᠠᠤᠯᠢ ᠪᠠᠷ ᠣᠷᠣᠨ ᠢᠶᠠᠨ ᠵᠠᠰᠠᠬᠤ ᠬᠤᠷᠢᠶ᠎ᠠ ᠶᠢᠨ ᠠᠯᠪᠠᠨ ᠬᠡᠷ ᠤᠨ ᠪᠠᠭᠤᠯᠭᠠᠭᠰᠠᠨ | ︽ᠪᠥᠬᠦ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠲᠠᠪᠴᠠᠩ ᠤᠨ | ᠬᠡᠷᠡᠭᠯᠡᠯᠲᠡ ᠶᠢᠨ ᠠᠵᠢᠯ ᠢ ᠪᠥᠬᠦ ᠲᠠᠯ᠎ᠠ ᠪᠠᠷ ᠠᠬᠢᠭᠤᠯᠬᠤ ᠲᠤᠬᠠᠶ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠵᠣᠷᠢᠭ | ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠂ ᠬᠠᠤᠯᠢ ᠬᠡᠷᠡᠭᠵᠢᠭᠦᠯᠬᠦ ᠠᠵᠢᠯ ᠤᠨ ᠤᠶᠤᠨᠴᠢᠯᠠᠯᠲᠠ᠂ | ᠲᠣᠭᠠᠴᠢᠯᠠᠯᠲᠠ ᠶᠢ ᠠᠬᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠ ᠬᠠᠤᠯᠢ ᠬᠡᠷᠡᠭᠵᠢᠭᠦᠯᠬᠦ ᠳᠤ | ᠬᠢᠨᠠᠯᠲᠠ ᠲᠠᠯᠪᠢᠬᠤ ᠮᠡᠳᠡᠭᠡ ᠵᠠᠩᠭᠢᠵᠢᠯᠲᠠ ᠶᠢᠨ ᠬᠢᠷᠢ ᠶᠢ ᠳᠡᠭᠡᠭᠰᠢᠯᠡᠭᠦᠯᠬᠦ ᠶᠢᠨ ᠲᠤᠰᠠᠳᠠ᠃ ᠣᠶᠢᠷ᠎ᠠ ᠳᠤ᠂ ᠳ᠋ᠠ | ᠾᠧ ᠸᠠᠨ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠬᠠᠤᠯᠢ ᠪᠠᠷ | ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠨᠢᠭᠡ ᠴᠤᠭᠴᠠᠵᠢᠭᠰᠠᠨ ᠲᠠᠪᠴᠠᠩ ᠤᠨ ᠮᠡᠳᠡᠭᠡ ᠵᠠᠩᠭᠢ ᠶᠢ | ᠣᠷᠣᠭᠤᠯᠬᠤ ᠠᠵᠢᠯ ᠢ ᠥᠷᠨᠢᠭᠦᠯᠪᠡ᠃ | | ᠠᠵᠢᠯ ᠤᠨ ᠳᠤᠮᠳᠠ᠂ ᠬᠠᠤᠯᠢ ᠬᠡᠷᠡᠭᠵᠢᠭᠦᠯᠬᠦ ᠠᠵᠢᠯᠲᠠᠨ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠶᠢᠨ | ᠬᠠᠩᠭᠠᠭᠰᠠᠨ ᠪᠣᠯᠪᠠᠰᠤᠷᠠᠭᠤᠯᠤᠯ ᠤᠨ ᠸᠢᠳᠢᠣ᠋ ᠶᠢ ᠦᠨᠳᠦᠰᠦᠯᠡᠨ᠂ ᠲᠠᠪᠴᠠᠩ ᠤᠨ ᠬᠠᠮᠢᠶ᠎ᠠ ᠪᠥᠬᠦᠶ ᠠᠵᠢᠯᠯᠠᠭ᠎ᠠ ᠶᠢ | ᠳᠠᠬᠢᠨᠲᠠ ᠨᠠᠷᠢᠨ ᠬᠢᠨᠠᠮᠠᠭᠠᠶ ᠰᠤᠷᠤᠯᠴᠠᠪᠠ᠃ ᠸᠢᠳᠢᠣ᠋ ᠳᠤ ᠳᠤᠷᠠᠳᠤᠭᠰᠠᠨ ᠭᠤᠣᠯᠳᠠᠯᠭ᠎ᠠ ᠲᠠᠢ ᠠᠰᠠᠭᠤᠳᠠᠯ ᠪᠣᠯᠤᠨ | ᠠᠩᠬᠠᠷᠬᠤ ᠵᠦᠢᠯᠡᠰ ᠲᠤ ᠴᠢᠭᠯᠡᠭᠦᠯᠦᠨ ᠨᠠᠷᠢᠨ ᠲᠡᠮᠳᠡᠭᠯᠡᠯ ᠬᠢᠪᠡ᠃ ᠨᠢᠭᠡ ᠳᠤ ᠪᠡᠶᠡᠴᠢ ᠴᠣᠭᠴᠠ ᠪᠠ ᠰᠠᠯᠠᠭ᠎ᠠ | ᠮᠥᠴᠢᠷ ᠤᠨ ᠬᠤᠯᠪᠣᠭᠳᠠᠯ ᠪᠦᠬᠦᠢ ᠮᠡᠳᠡᠭᠡ ᠵᠠᠩᠭᠢ ᠶᠢ ᠲᠡᠭᠦᠯᠳᠡᠷᠵᠢᠭᠦᠯᠵᠦ᠂ ︽ᠵᠠᠰᠠᠭ ᠵᠠᠬᠢᠷᠭᠠᠨ ᠤ ᠰᠢᠢᠳᠭᠡᠯ ᠤᠨ | ᠬᠠᠤᠯᠢ︾᠂ ︽ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠵᠡᠷᠭᠡ ᠬᠤᠯᠪᠣᠭᠳᠠᠯ ᠪᠦᠬᠦᠢ ᠬᠠᠤᠯᠢ | ᠴᠠᠭᠠᠵᠠ ᠶᠢᠨ ᠲᠣᠭᠲᠠᠭᠠᠯ ᠢ ᠦᠨᠳᠦᠰᠦᠯᠡᠨ᠂ ᠪᠡᠶᠡᠴᠢ ᠴᠣᠭᠴᠠ ᠶᠢᠨ ᠮᠡᠳᠡᠭᠡ ᠵᠠᠩᠭᠢ᠂ ᠰᠠᠯᠠᠭ᠎ᠠ ᠮᠥᠴᠢᠷ ᠤᠨ | ᠮᠡᠳᠡᠭᠡ ᠵᠠᠩᠭᠢ᠂ ᠬᠠᠤᠯᠢ ᠬᠡᠷᠡᠭᠵᠢᠭᠦᠯᠬᠦ ᠬᠦᠷᠢᠶ᠎ᠡ ᠬᠡᠪᠴᠢᠶ᠎ᠡ ᠵᠡᠷᠭᠡ ᠠᠰᠠᠭᠤᠳᠠᠯ ᠢ ᠵᠠᠯᠠᠷᠠᠭᠤᠯᠤᠨ ᠲᠡᠭᠦᠯᠳᠡᠷᠵᠢᠭᠦᠯᠬᠦ | ᠬᠡᠷᠡᠭᠲᠡᠶ᠃ ᠬᠤᠶᠠᠷ ᠲᠤ᠂ ᠬᠠᠤᠯᠢ ᠴᠠᠭᠠᠵᠠ ᠶᠢᠨ ᠶᠠᠮᠤᠨ ᠤ ᠭᠡᠷᠡᠴᠢ ᠦᠨᠡᠮᠯᠡᠯ ᠤᠨ ᠪᠠᠷᠢᠮᠵᠢᠶ᠎ᠠ ᠶᠣᠰᠣᠭᠠᠷ | ᠠᠵᠢᠯᠲᠠᠨ ᠤ ᠬᠡᠷᠡᠯ ᠵᠢᠷᠤᠭ ᠤᠨ ᠮᠡᠳᠡᠭᠡ ᠵᠠᠩᠭᠢ ᠶᠢᠨ ᠬᠠᠮᠠᠭᠠᠯᠠᠯᠲᠠ ᠶᠢ ᠪᠡᠶᠡᠯᠡᠭᠦᠯᠵᠦ᠂ ᠬᠤᠲᠠ ᠶᠢᠨ ᠬᠠᠤᠯᠢ | ᠴᠠᠭᠠᠵᠠ ᠶᠢᠨ ᠲᠣᠪᠴᠢᠶ᠎ᠠ ᠶᠢᠨ ᠳᠤᠷᠠᠳᠤᠭᠰᠠᠨ ᠱᠠᠭᠠᠷᠳᠠᠯᠭ᠎ᠠ ᠶᠢ ᠦᠨᠳᠦᠰᠦᠯᠡᠨ ᠬᠡᠷᠡᠯ ᠵᠢᠷᠤᠭ ᠲᠤ | ᠲᠣᠬᠢᠷᠠᠭᠤᠯᠤᠯᠲᠠ ᠬᠢᠵᠦ᠂ ᠬᠡᠷᠡᠯ ᠵᠢᠷᠤᠭ ᠤᠨ ᠮᠡᠳᠡᠭᠡ ᠵᠠᠩᠭᠢ ᠶᠢᠨ ᠬᠠᠮᠠᠭᠠᠯᠠᠯᠲᠠ ᠶᠢᠨ ᠠᠵᠢᠯ ᠢ ᠪᠡᠶᠡᠯᠡᠭᠦᠯᠬᠦ | ᠬᠡᠷᠡᠭᠲᠡᠶ᠃ ᠭᠤᠷᠪᠠ ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠡᠷᠡᠭ ᠲᠤ ᠣᠷᠣᠭᠤᠯᠬᠤ ᠡᠮᠦᠨᠡᠬᠢ | ᠬᠤᠭᠤᠴᠠᠭᠠᠨ ᠤ ᠪᠡᠯᠡᠳᠬᠡᠯ ᠢ ᠰᠠᠶᠢᠲᠤᠷ ᠬᠢᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ | ᠨᠢᠭᠡ ᠴᠤᠭᠴᠠᠵᠢᠭᠰᠠᠨ ᠲᠠᠪᠴᠠᠩ ᠳᠤ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ | ᠪᠢᠴᠢᠵᠦ ᠣᠷᠣᠭᠤᠯᠤᠨ᠂ ᠵᠤᠶᠢᠯ ᠵᠤᠷᠪᠤᠰ ᠥᠰᠥᠭ ᠳᠠᠷᠠᠭᠠᠯᠠᠨ ᠬᠠᠷᠭᠤᠭᠤᠯᠵᠤ᠂ ᠮᠡᠳᠡᠭᠡ ᠵᠠᠩᠭᠢ ᠶᠢᠨ | ᠣᠷᠣᠭᠤᠯᠤᠯᠲᠠ ᠶᠢᠨ ᠵᠥᠪ ᠣᠨᠣᠪᠴᠢᠲᠠᠶ ᠪᠠᠶᠢᠬᠤ ᠶᠢ ᠪᠠᠲᠤᠯᠠᠬᠤ ᠬᠡᠷᠡᠭᠲᠡᠶ᠃ | | ᠲᠠᠷᠠᠭᠠᠴᠢ ᠶᠢᠨ ᠠᠯᠬᠤᠮ ᠳᠤ᠂ ᠳ᠋ᠠ ᠾᠧ ᠸᠠᠨ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠲᠣᠪᠴᠢᠶ᠎ᠠ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠶᠢᠨ ᠪᠠᠭᠤᠯᠭᠠᠭᠰᠠᠨ ᠡᠯ᠎ᠡ ᠲᠥᠷᠥᠯ ᠤᠨ | ᠪᠢᠴᠢᠭ ᠮᠠᠲ᠋ᠧᠷᠢᠶᠠᠯ ᠢ ᠦᠷᠭᠦᠯᠵᠢᠯᠡᠨ ᠠᠩᠬᠠᠷᠴᠤ᠂ ᠬᠠᠤᠯᠢ ᠬᠡᠷᠡᠭᠵᠢᠭᠦᠯᠬᠦ ᠬᠡᠷᠡᠭ ᠢ ᠴᠠᠭ ᠲᠤᠬᠠᠶ ᠳᠤᠨᠢ | ᠣᠷᠣᠭᠤᠯᠬᠤ᠂ ᠬᠠᠤᠯᠢ ᠬᠡᠷᠡᠭᠵᠢᠭᠦᠯᠬᠦ ᠮᠡᠳᠡᠭᠡ ᠵᠠᠩᠭᠢ ᠶᠢ ᠢᠯᠡ ᠲᠣᠳᠣ ᠪᠠᠶᠢᠯᠭᠠᠬᠤ᠂ ᠬᠠᠤᠯᠢ ᠬᠡᠷᠡᠭᠵᠢᠭᠦᠯᠬᠦ | ᠠᠵᠢᠯᠯᠠᠭ᠎ᠠ ᠳᠤ ᠰᠦᠯᠵᠢᠶᠡᠨ ᠳᠡᠭᠡᠷ᠎ᠡ ᠬᠢᠨᠠᠯᠲᠠ ᠲᠠᠯᠪᠢᠬᠤ ᠶᠢ ᠪᠠᠲᠤᠯᠠᠵᠤ᠂ ᠦᠨᠳᠦᠰᠦᠨ ᠱᠠᠲᠤᠨ ᠤ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠬᠠᠤᠯᠢᠵᠢᠭᠤᠯᠤᠯᠲᠠ᠂ ᠵᠢᠷᠤᠮᠵᠢᠭᠤᠯᠤᠯᠲᠠ᠂ ᠮᠡᠳᠡᠭᠡ | ᠵᠠᠩᠭᠢᠵᠢᠯᠲᠠ ᠶᠢ ᠲᠠᠰᠤᠷᠠᠯᠲᠠ ᠥᠬᠡᠶ ᠳᠥᠯᠭᠢᠨ ᠠᠬᠢᠭᠤᠯᠵᠤ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠡᠩᠨᠡᠭᠡ ᠶᠢᠨ ᠴᠢᠳᠠᠪᠤᠷᠢ ᠪᠠ ᠬᠡᠪ ᠪᠣᠯᠪᠠᠰᠤᠷᠠᠯ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ |