ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠰᠤᠨ ᠳᠤ ᠵᠢᠪᠬᠦ ᠶᠢ ᠰᠡᠷᠭᠡᠶᠢᠯᠡᠬᠦ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠢᠭᠤᠳ ᠨᠡᠪᠲᠡᠷᠡᠭᠦᠯᠭᠡ ᠶᠢᠨ ᠬᠢᠴᠢᠶᠡᠯ ᠤᠨ ᠲᠠᠩᠬᠢᠮ ᠢ ᠢᠳᠡᠪᠬᠢᠲᠡᠶ ᠦᠵᠡᠪᠡ
ᠨᠡᠶᠢᠲᠡᠯᠡᠭᠰᠡᠨ ᠴᠠᠭ᠄
2022/7/21
ᠵᠤᠨ ᠤ ᠠᠮᠠᠷᠠᠯᠲᠠ ᠬᠦᠷᠴᠦ ᠢᠷᠡᠬᠦ ᠲᠠᠰᠢᠷᠠᠮ ᠢᠶᠠᠷ᠂ ᠪᠦᠬᠦ ᠠᠷᠠᠳ ᠤᠨ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠵᠦ᠂ ᠤᠰᠤᠨ ᠳᠤ ᠴᠠᠴᠠᠬᠤ ᠠᠳᠡᠯ ᠭᠠᠷᠬᠤ ᠶᠢ ᠪᠠᠭᠠᠰᠬᠠᠬᠤ ᠶᠢᠨ ᠲᠥᠯᠥᠭᠡ᠂ ᠥᠷᠭᠡᠨ ᠤᠯᠠᠨ ᠰᠤᠷᠤᠭᠴᠢᠳ ᠤᠨ ᠠᠮᠤᠷ ᠲᠦᠪᠰᠢᠨ ᠡᠷᠡᠭᠦᠯ ᠢᠶᠠᠷ ᠦᠰᠦᠨ ᠪᠤᠶᠢᠵᠢᠬᠤ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ 7 ᠰᠠᠷ᠎ᠠ ᠶᠢᠨ 19      ᠤ ᠡᠳᠦᠷ᠂ ᠵᠠᠯᠠᠨ ᠠᠶᠢᠯ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠠᠮᠲᠤᠷᠠᠭᠰᠠᠨ ᠰᠤᠷᠭᠠᠨ ᠬᠥᠮᠦᠵᠢᠯ ᠤᠨ ᠰᠢᠰᠲ᠋ᠧᠮ᠂ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠭᠡᠰᠢᠭᠦᠨ ᠨᠢᠭᠡᠴᠡ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠰᠠᠶᠢᠨ ᠳᠤᠷ᠎ᠠ ᠶᠢᠨ ᠠᠵᠢᠯᠯᠠᠭᠴᠢ 3 ᠲᠦᠮᠡ ᠰᠢᠬᠠᠮ ᠪᠠᠭᠰᠢ ᠰᠤᠷᠤᠭᠴᠢ ᠶᠢᠨ ᠭᠡᠷ ᠤᠨ ᠠᠬᠠᠮᠠᠳ᠂ ᠺᠠᠳ᠋ᠷ ᠤᠯᠠᠨ ᠲᠦᠮᠡᠨ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠲᠠᠯ᠎ᠠ ᠨᠤᠲᠤᠭ ᠤᠨ ᠬᠠᠮ ᠵᠠᠭᠤᠴᠢᠯᠠᠭᠤᠷ᠂ ᠥᠪᠥᠷ ᠮᠣᠩᠭᠤᠯ ᠤᠨ ᠡᠳᠦᠷ ᠤᠨ ᠰᠣᠨᠢᠨ ᠤ ᠸᠢᠳᠢᠣ᠋ ᠨᠣᠮᠧᠷ ᠤᠨ ᠰᠢᠭᠤᠳ ᠨᠡᠪᠲᠡᠷᠡᠭᠦᠯᠭᠡ ᠪᠠᠷ ᠳᠠᠮᠵᠢᠨ ᠥᠷᠨᠢᠭᠦᠯᠦᠭᠰᠡᠨ ︽ᠤᠯᠠᠭᠠᠨ ᠵᠠᠭᠠᠯᠮᠠᠶᠢᠳᠠᠨ ᠤ ᠠᠮᠢ ᠨᠠᠰᠤᠨ ᠤ ᠬᠥᠮᠦᠵᠢᠯ ᠢ ᠪᠠᠶᠠᠷ ᠬᠦᠷ ᠲᠠᠢ ᠥᠩᠭᠡᠷᠡᠭᠦᠯᠵᠦ ᠵᠤᠨ ᠤ ᠠᠮᠠᠷᠠᠯᠲᠠ ᠪᠠᠨ ᠠᠮᠤᠷ ᠲᠦᠪᠰᠢᠨ ᠢᠶᠠᠷ ᠠᠮᠠᠷᠠᠯᠲᠠ ᠪᠠᠨ ᠦᠯᠦ ᠲᠠᠯᠪᠢᠬᠤ︾ ᠭᠡᠬᠦ ᠭᠤᠣᠯ ᠰᠡᠳᠦᠪᠲᠦ ᠤᠰᠤᠨ ᠳᠤ ᠵᠢᠪᠬᠦ ᠶᠢ ᠰᠡᠷᠭᠡᠶᠢᠯᠡᠬᠦ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠰᠢᠭᠤᠳ ᠨᠡᠪᠲᠡᠷᠡᠭᠦᠯᠭᠡ ᠶᠢᠨ ᠬᠢᠴᠢᠶᠡᠯ ᠢ ᠦᠵᠡᠵᠦ᠂ ᠲᠤᠬᠠᠶ ᠶᠢᠨ ᠲᠠᠯᠠᠪᠠᠶ ᠳᠤ ︽ᠤᠰᠤᠨ ᠳᠤ ᠵᠢᠪᠬᠦ ᠠᠴᠠ ᠰᠡᠷᠭᠡᠶᠢᠯᠡᠬᠦ︾ ᠠᠮᠤᠷ ᠲᠦᠪᠰᠢᠨ ᠤ ᠮᠡᠳᠡᠯᠭᠡ ᠪᠠ ᠤᠷ᠎ᠠ ᠴᠢᠳᠠᠪᠤᠷᠢ ᠶᠢ ᠵᠢᠭᠠᠵᠤ  ᠦᠭᠭᠦᠪᠡ᠃  ᠰᠢᠭᠤᠳ ᠨᠡᠪᠲᠡᠷᠡᠭᠦᠯᠭᠡ ᠳᠤ᠂ ᠤᠰᠤᠨ ᠳᠤ ᠵᠢᠪᠬᠦ ᠶᠢ ᠰᠡᠷᠭᠡᠶᠢᠯᠡᠬᠦ ᠪᠠᠭ᠎ᠠ ᠮᠡᠳᠡᠯᠭᠡ᠂ ᠤᠰᠤᠨ ᠳᠤ ᠵᠢᠪᠬᠦ ᠶᠢ ᠬᠡᠷᠬᠢᠨ ᠰᠡᠷᠭᠡᠶᠢᠯᠡᠬᠦ᠂ ᠤᠰᠤᠨ ᠳᠤ ᠥᠪᠡᠷ ᠢ ᠪᠠᠨ ᠠᠪᠤᠷᠠᠬᠤ ᠪᠠ ᠠᠮᠢ ᠵᠢᠭᠤᠬᠤ᠂ ᠤᠰᠤᠨ ᠳᠤ ᠤᠨᠠᠭᠰᠠᠨ ᠤ ᠳᠠᠷᠠᠭᠠᠬᠢ ᠠᠪᠤᠷᠠᠨ ᠲᠤᠰᠠᠯᠠᠬᠤ ᠪᠠ ᠥᠪᠡᠷ ᠢ ᠪᠠᠨ ᠠᠪᠤᠷᠠᠬᠤ᠂ ᠤᠰᠤᠨ ᠳᠤ ᠵᠢᠪᠦᠭᠰᠡᠨ ᠤ ᠳᠠᠷᠠᠭᠠᠬᠢ ᠵᠢᠷᠦᠬᠡ ᠠᠭᠤᠰᠬᠢ ᠶᠢ ᠰᠡᠷᠭᠦᠭᠡᠬᠦ ᠠᠵᠢᠯᠯᠠᠭ᠎ᠠ᠂ ᠴᠡᠴᠡᠷᠡᠬᠦ ᠶᠢ ᠠᠷᠢᠯᠭᠠᠬᠤ ᠪᠠᠭᠠᠵᠢ ᠶᠢ ᠬᠡᠷᠡᠭᠯᠡᠬᠦ᠂ ᠠᠪᠤᠷᠠᠯᠳᠠ ᠶᠢᠨ ᠬᠤᠪᠴᠠᠰᠤ ᠶᠢ ᠡᠮᠦᠰᠴᠦ ᠵᠡᠭᠦᠬᠦ ᠵᠡᠷᠭᠡ ᠶᠢ ᠨᠠᠷᠢᠨ ᠨᠢᠭᠲᠠ ᠲᠠᠶᠢᠯᠪᠤᠷᠢᠯᠠᠪᠠ᠃ ᠡᠭᠦᠨ ᠤ ᠬᠠᠮᠲᠤ ᠲᠤᠬᠠᠶ ᠶᠢᠨ ᠲᠠᠯᠠᠪᠤᠷ ᠲᠤ ᠤᠰᠤᠨ ᠳᠤ ᠤᠨᠠᠵᠤ ᠠᠪᠤᠷᠠᠨ ᠲᠤᠰᠠᠯᠠᠬᠤ ᠳᠠᠭᠤᠷᠢᠶᠠᠮᠠᠯ᠂ ᠠᠰᠠᠭᠤᠯᠲᠠ ᠬᠠᠷᠢᠭᠤᠯᠲᠠ ᠶᠢᠨ ᠬᠠᠷᠢᠯᠴᠠᠨ ᠤᠶᠢᠯᠡᠳᠤᠯᠴᠡᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠣᠯᠠᠨ ᠤ ︽ᠤᠰᠤᠨ ᠳᠤ ᠵᠢᠪᠬᠦ ᠠᠴᠠ ᠰᠡᠷᠭᠡᠶᠢᠯᠡᠬᠦ ︾ ᠲᠤᠬᠠᠶ ᠲᠠᠨᠢᠯᠲᠠ ᠶᠢ ᠳᠡᠭᠡᠭᠰᠢᠯᠡᠭᠦᠯᠦᠭᠰᠡᠨ ᠪᠥᠭᠡᠳ ᠥᠪᠡᠷ ᠢ ᠪᠠᠨ ᠠᠪᠤᠷᠬᠠᠤ ᠪᠠ ᠪᠤᠰᠤᠳ ᠢ ᠠᠪᠤᠷᠬᠠᠤ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠶᠢ ᠰᠣᠷᠣᠭᠰᠠᠨ ᠪᠠᠶᠢᠨ᠎ᠠ᠃  ᠲᠣᠰ ᠤᠳᠠᠭᠠᠨ ᠤ ᠰᠢᠭᠤᠳ ᠨᠡᠪᠲᠡᠷᠡᠭᠦᠯᠭᠡ ᠶᠢᠨ  ᠬᠦᠳᠡᠯᠭᠡᠭᠡᠨ ᠨᠢ ᠣᠯᠠᠨ ᠳᠤ ᠤᠰᠤᠨ ᠳᠤ ᠵᠢᠪᠬᠦ ᠶᠢ ᠰᠡᠷᠭᠡᠶᠢᠯᠡᠬᠦ ᠠᠮᠢᠳᠤᠯᠢᠭ ᠰᠤᠷᠭᠠᠨ ᠬᠥᠮᠦᠵᠢᠯ ᠤᠨ ᠬᠢᠴᠢᠶᠡᠯ ᠣᠷᠣᠵᠤ᠂ ᠤᠰᠤᠨ ᠳᠤ ᠵᠢᠪᠬᠦ ᠶᠢ ᠰᠡᠷᠭᠡᠶᠢᠯᠡᠬᠦ ᠶᠢᠨ ᠴᠢᠬᠤᠯᠠ ᠴᠢᠨᠠᠷ ᠢ ᠣᠯᠠᠨ ᠳᠤ ᠤᠯᠠᠮ ᠨᠢᠭᠡ ᠠᠯᠬᠤᠮ ᠲᠠᠨᠢᠭᠤᠯᠵᠤ᠂ ᠤᠰᠤᠨ ᠳᠤ ᠵᠢᠪᠬᠦ ᠶᠢ ᠰᠡᠷᠭᠡᠶᠢᠯᠡᠬᠦ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠦᠭᠰᠡᠨ ᠪᠥᠭᠡᠳ ᠨᠠᠰᠤᠨ ᠳᠤ ᠥᠯᠥ ᠭᠦᠷᠦᠭᠰᠡᠳ᠂ ᠨᠠᠰᠤᠨ ᠳᠤ ᠭᠦᠷᠦᠭᠰᠡᠳ ᠤᠨ ᠤᠰᠤᠨ ᠳᠤ ᠵᠢᠪᠬᠦ ᠶᠢ ᠰᠡᠷᠭᠡᠶᠢᠯᠡᠬᠦ ᠪᠠ ᠠᠪᠤᠷᠠᠨ ᠲᠤᠰᠠᠯᠠᠬᠤ ᠠᠷᠭ᠎ᠠ ᠶᠢ ᠡᠵᠡᠮᠰᠢᠭᠰᠡᠨ ᠪᠠᠶᠢᠨ᠎ᠠ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号