ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠱᠦᠵᠢ ᠪᠠᠶ ᡁᠢ ᠵᠢᠶᠦ᠋ᠨ ᠴᠢᠨᠠᠷ ᠰᠠᠶᠢᠲᠠᠶ ᠬᠥᠭᠵᠢᠯᠲᠡ ᠶᠢᠨ ᠭᠤᠤᠯᠳᠠᠯᠭ᠎ᠠ ᠲᠠᠢ ᠠᠵᠢᠯ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠰᠬᠠᠶ ᠰᠡᠳᠦᠪᠲᠦ ᠪᠠᠶᠢᠷᠢᠯᠠᠭᠤᠯᠤᠯᠲᠠ ᠶᠢ ᠳᠥᠯᠭᠢᠨ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/7/21
7 ᠰᠠᠷ᠎ᠠ ᠶᠢᠨ 19      ᠤ ᠡᠳᠦᠷ᠂ ᠵᠠᠯᠠᠨ ᠠᠶᠢᠯ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠠᠶ ᡁᠢ ᠵᠢᠶᠦ᠋ᠨ ᠴᠢᠨᠠᠷ ᠰᠠᠶᠢᠲᠠᠶ ᠬᠥᠭᠵᠢᠯᠲᠡ ᠶᠢᠨ ᠭᠤᠤᠯᠳᠠᠯᠭ᠎ᠠ ᠲᠠᠢ ᠠᠵᠢᠯ ᠤᠨ ᠲᠤᠰᠬᠠᠶ ᠰᠡᠳᠦᠪᠲᠦ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠳᠥᠯᠭᠢᠨ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠪᠠ ᠬᠥᠯᠥᠨ ᠪᠤᠶᠢᠷ ᠬᠤᠲᠠ ᠶᠢᠨ ᠲᠤᠰᠬᠠᠶ ᠰᠡᠳᠦᠪᠲᠦ ᠪᠠᠶᠢᠷᠢᠯᠠᠭᠤᠯᠤᠯᠲᠠ ᠶᠢ ᠳᠥᠯᠭᠢᠨ ᠠᠬᠢᠭᠤᠯᠬᠤ ᠬᠤᠷᠠᠯ ᠤᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠣᠳᠣᠬᠠᠨ ᠤ ᠭᠤᠤᠯᠳᠠᠯᠭ᠎ᠠ ᠲᠠᠢ ᠠᠵᠢᠯ ᠳᠤ ᠳᠠᠬᠢᠨ ᠲᠣᠬᠢᠷᠠᠭᠤᠯᠤᠯᠲᠠ᠂ ᠳᠠᠬᠢᠨ ᠪᠠᠶᠢᠷᠢᠯᠠᠭᠤᠯᠤᠯᠲᠠ ᠬᠢᠪᠠ᠃ ᠸᠠᠩ ᠪᠥᠸᠧ᠂ ᠰᠦᠨ ᠰᠢᠤ ᠹᠸᠢ᠂ ᠵᠠᠩ ᠯᠢ ᠵᠢᠶᠦ᠋ᠨ ᠵᠡᠷᠭᠡ ᠬᠤᠳᠠ ᠶᠢᠨ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃  ᠬᠤᠷᠠᠯ ᠠᠴᠠ᠂ ᠭᠤᠷᠪᠠᠳᠤᠭᠠᠷ ᠤᠯᠠᠷᠢᠯ ᠢ ᠰᠠᠶᠢᠲᠤᠷ ᠠᠳᠬᠤᠵᠤ᠂ ᠳᠣᠣᠷ᠎ᠠ ᠬᠠᠭᠠᠰ ᠵᠢᠯ ᠳᠤ ᠴᠢᠷᠮᠠᠶᠢᠨ ᠲᠡᠮᠡᠴᠡᠬᠦ ᠪᠣᠯ ᠣᠳᠣᠬᠠᠨ ᠤ ᠠᠵᠢᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠤᠨ᠎ᠠ᠂ ᠪᠦᠬᠦ ᠬᠤᠳᠠ ᠪᠠᠷ ᠢᠶᠠᠨ ᠠᠮᠵᠢᠯᠲᠠ ᠶᠢᠨ ᠬᠠᠭᠤᠳᠠᠰᠤ ᠶᠢᠨ ᠤᠬᠠᠮᠰᠠᠷ᠂ ᠳᠠᠩᠰᠠ ᠮᠡᠳᠡᠭᠦᠯᠬᠦ ᠤᠬᠠᠮᠰᠠᠷ ᠪᠣᠯᠤᠨ ᠰᠢᠯᠭᠠᠯᠲᠠ ᠶᠢᠨ ᠬᠠᠭᠤᠳᠠᠰᠤ ᠲᠤᠰᠢᠶᠠᠬᠤ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠪᠦᠬᠦ ᠬᠦᠴᠦᠨ ᠢᠶᠠᠷ ᠢᠶᠠᠨ ᠲᠦᠷᠦᠯ ᠵᠦᠢᠯ ᠢ ᠠᠳᠬᠤᠵᠤ᠂ ᠠᠵᠢᠯᠯᠠᠭᠠᠨ ᠢ ᠠᠳᠬᠤᠵᠤ᠂ ᠬᠡᠷᠡᠭᠯᠡᠭᠡ ᠶᠢ ᠠᠳᠬᠤᠵᠤ᠂ ᠪᠤᠯᠢᠶᠠᠯᠳᠤᠬᠤ ᠶᠢ ᠠᠳᠬᠤᠵᠤ᠂ ᠠᠷᠠᠯᠵᠢᠶᠠᠴᠢᠨ ᠤᠷᠢᠬᠤ ᠶᠢ ᠠᠳᠬᠤᠵᠤ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠯᠠᠪᠳᠠᠭᠤᠨ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠵᠥᠪᠰᠢᠶᠡᠷᠡᠭᠦᠯᠬᠦ ᠪᠠᠷ ᠪᠠᠶᠢᠭ᠎ᠠ ᠵᠦᠢᠯᠡᠰ ᠢ ᠶᠡᠭᠡ ᠪᠠᠷ ᠡᠬᠢᠯᠡᠵᠦ᠂ ᠰᠤᠯᠠ ᠪᠠᠶᠢᠬᠤ ᠭᠠᠵᠠᠷ ᠰᠢᠷᠣᠢ ᠶᠢ ᠶᠡᠭᠡ ᠪᠠᠷ ᠡᠬᠢᠯᠡᠵᠦ᠂ ᠳᠠᠷᠤᠭᠳᠠᠵᠤ ᠪᠠᠶᠢᠭ᠎ᠠ ᠪᠡᠯᠡ ᠮᠥᠩᠭᠦ ᠶᠢ ᠶᠡᠭᠡ ᠪᠠᠷ ᠡᠬᠢᠯᠡᠵᠦ᠂ ︽ᠬᠠᠭᠠᠰ ᠳᠤᠲᠠᠭᠤ︾ ᠢᠨᠵᠧᠨᠧᠷᠢᠩ ᠢ ᠶᠡᠭᠡ ᠪᠠᠷ ᠡᠬᠢᠯᠡᠵᠦ᠂ ᠨᠡᠭᠡᠭᠡᠨ ᠬᠥᠭᠵᠢᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢ ᠶᠡᠭᠡ ᠪᠠᠷ ᠡᠬᠢᠯᠡᠵᠦ᠂ ᠳᠠᠷᠠᠭᠠᠯᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠳᠤᠪᠤᠶᠢᠮ᠎ᠠ ᠠᠰᠠᠭᠤᠳᠠᠯ ᠢ ᠲᠦᠷᠭᠡᠨ ᠰᠢᠢᠳᠪᠦᠷᠢᠯᠡᠬᠦ ᠬᠡᠷᠡᠭᠲᠡᠢ᠃  ᠬᠤᠷᠠᠯ ᠠᠴᠠ᠂ ᠠᠷᠪᠢᠯᠠᠨ ᠭᠠᠮᠨᠠᠵᠤ ᠡᠷᠴᠢᠮᠵᠢᠭᠦᠯᠬᠦ ᠤᠬᠠᠮᠰᠠᠷ ᠢᠶᠠᠨ ᠴᠢᠩᠭᠠᠳᠬᠠᠵᠤ᠂ ᠪᠡᠯᠡ ᠮᠥᠩᠭᠦᠨ ᠤ ᠲᠥᠰᠦᠪ ᠤᠨ ᠬᠠᠮᠢᠶᠠᠷᠤᠯᠲᠠ ᠶᠢ ᠴᠢᠩᠭᠠᠳᠬᠠᠵᠤ᠂ ᠨᠠᠷᠢᠨ ᠨᠢᠭᠲᠠ ᠪᠤᠳᠤᠵᠤ ᠠᠷᠪᠢᠯᠠᠨ ᠭᠠᠮᠨᠠᠵᠤ᠂ ᠪᠦᠷᠢᠯᠭᠡᠨ ᠰᠦᠢᠳᠬᠡᠬᠦ ᠶᠢ ᠡᠷᠡᠰ ᠬᠤᠷᠢᠭᠯᠠᠵᠤ᠂ ᠠᠷᠪᠢᠯᠠᠨ ᠭᠠᠮᠨᠠᠵᠤ ᠡᠷᠴᠢᠮᠵᠢᠭᠦᠯᠬᠦ ᠠᠵᠢᠯ ᠢ ᠪᠦᠬᠦ ᠲᠠᠯ᠎ᠠ ᠪᠠᠷ ᠰᠠᠶᠢᠲᠤᠷ ᠠᠳᠬᠤᠬᠤ ᠬᠡᠷᠡᠭᠲᠡᠢ᠃ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠰᠠᠶᠢᠵᠢᠷᠠᠭᠤᠯᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠠᠳᠬᠤᠵᠤ᠂ ᠠᠵᠢᠯ ᠣᠯᠭᠤᠯᠲᠠ ᠦᠢᠯᠡᠰ ᠪᠤᠰᠬᠠᠬᠤ ᠶᠢ ᠶᠡᠬᠡᠪᠡᠷ ᠠᠬᠢᠭᠤᠯᠵᠤ᠂ ᠲᠡᠩᠴᠡᠭᠦᠷᠢᠲᠡᠢ ᠰᠤᠷᠭᠠᠨ ᠬᠥᠮᠦᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠨᠠᠰᠤᠵᠢᠯ ᠤᠨ ᠠᠰᠠᠷᠠᠮᠵᠢ ᠶᠢᠨ ᠠᠵᠢᠯ ᠢ ᠴᠢᠩᠭ᠎ᠠ ᠠᠳᠬᠤᠨ ᠪᠣᠳᠠᠲᠠᠢ ᠠᠳᠬᠤᠵᠤ᠂ ᠡᠪᠦᠯ ᠤᠨ ᠤᠯᠠᠷᠢᠯ ᠤᠨ ᠳᠤᠯᠠᠭᠠᠯᠭ᠎ᠠ ᠶᠢᠨ ᠪᠠᠲᠤᠯᠠᠪᠤᠷᠢ ᠶᠢᠨ ᠠᠵᠢᠯ ᠢ ᠤᠷᠢᠳᠴᠢᠯᠠᠨ ᠰᠠᠶᠢᠲᠤᠷ ᠬᠢᠬᠦ ᠬᠡᠷᠡᠭᠲᠡᠢ᠃ ᠠᠶᠤᠯ ᠲᠦᠭᠰᠢᠭᠦᠷᠢ ᠶᠢᠨ ᠭᠡᠮ ᠰᠣᠭᠤᠭ ᠢ ᠰᠡᠷᠭᠡᠶᠢᠯᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ᠂ ᠦᠶᠡᠷ ᠢ ᠰᠡᠷᠭᠡᠶᠢᠯᠡᠬᠦ᠂ ᠪᠠᠶᠢᠩᠭᠤᠵᠢᠭᠤᠯᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠢ ᠪᠣᠳᠠᠲᠠᠢ ᠨᠠᠷᠢᠯᠢᠭ ᠰᠠᠶᠢᠲᠤᠷ ᠠᠳᠬᠤᠵᠤ᠂ ᠪᠦᠬᠦ ᠬᠦᠴᠦᠨ ᠢᠶᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠳᠤ ᠠᠮᠤᠷ ᠲᠦᠪᠰᠢᠨ ᠡᠶ᠎ᠡ ᠵᠣᠬᠢᠴᠠᠩᠭᠤᠢ ᠲᠣᠭᠲᠠᠭᠤᠨ ᠣᠷᠴᠢᠨ ᠲᠣᠭᠤᠷᠢᠨ ᠢ ᠪᠤᠢ ᠪᠣᠯᠭᠠᠵᠤ ᠥᠭᠬᠦ ᠬᠡᠷᠡᠭᠲᠡᠢ᠃  ᠬᠤᠷᠠᠯ ᠠᠴᠠ᠂ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠬᠦ ᠶᠢ ᠵᠣᠷᠢᠭᠵᠢᠭᠤᠯᠵᠤ᠂ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠵᠤ ᠠᠯᠳᠠᠭ᠎ᠠ ᠪᠤᠷᠤᠭᠤ ᠶᠢ ᠵᠠᠯᠠᠷᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠺᠠᠳ᠋ᠷᠴᠤᠳ ᠢ ᠬᠠᠯᠠᠮᠵᠢᠯᠠᠨ ᠬᠠᠶᠢᠷᠠᠯᠠᠬᠤ ᠡᠷᠴᠢᠮ ᠢᠶᠠᠨ ᠴᠢᠩᠭᠠᠷᠠᠭᠤᠯᠵᠤ᠂ ᠺᠠᠳ᠋ᠷᠴᠤᠳ ᠤᠨ ᠰᠤᠷᠲᠠᠯ ᠤᠨ ᠬᠤᠪᠢᠷᠠᠭᠤᠯᠤᠯᠲᠠ ᠶᠢ ᠦᠷᠭᠦᠯᠵᠢᠯᠡᠨ ᠠᠬᠢᠭᠤᠯᠵᠤ᠂ ︽ᠠᠵᠢᠯᠯᠠᠬᠤ ᠶᠢ ᠲᠡᠷᠢᠭᠦᠨ ᠳᠤ ᠲᠠᠯᠪᠢᠬᠤ᠂ ᠪᠤᠰᠢᠭᠤ ᠱᠠᠯᠠᠮᠠᠭᠠᠢ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠦᠨᠡᠨᠬᠦ ᠠᠳᠬᠤᠵᠤ ᠪᠣᠳᠠᠲᠠᠢ ᠠᠵᠢᠯᠯᠠᠬᠤ︾ ᠠᠵᠢᠯ ᠬᠢᠵᠦ ᠦᠢᠯᠡᠰ ᠪᠤᠰᠬᠠᠬᠤ ᠠᠭᠤᠷ ᠠᠮᠢᠰᠬᠤᠯ ᠢ ᠪᠦᠬᠦ ᠬᠦᠴᠦᠨ ᠢᠶᠠᠷ ᠢᠶᠠᠨ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号