ᠰᠢᠶᠠᠩ ᠶᠠᠩ ᠵᠡᠭᠡᠯᠢ ᠭᠤᠳᠤᠮᠵᠢ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠭᠡᠶᠢᠯᠡᠬᠦ ᠤᠬᠠᠭᠤᠯᠭ᠎ᠠ ᠶᠢᠨ ᠬᠦᠳᠡᠯᠭᠡᠭᠡᠨ ᠥᠷᠨᠢᠭᠦᠯᠪᠡ
ᠨᠡᠶᠢᠲᠡᠯᠡᠭᠰᠡᠨ ᠴᠠᠭ᠄
2022/7/21
ᠬᠠᠤᠯᠢ ᠪᠤᠰᠤ ᠪᠠᠷ ᠪᠠᠯᠠ ᠴᠤᠭᠯᠠᠭᠤᠯᠬᠤ ᠶᠢᠨ ᠬᠤᠤᠷ ᠬᠥᠨᠥᠭᠡᠯᠲᠦ ᠴᠢᠨᠠᠷ ᠤᠨ ᠲᠤᠬᠠᠶ ᠣᠯᠠᠨ ᠲᠦᠮᠡᠨ ᠤ ᠲᠠᠨᠢᠯᠲᠠ ᠶᠢ ᠳᠡᠭᠡᠭᠰᠢᠯᠡᠭᠦᠯᠵᠦ᠂ ᠥᠪᠡᠷ ᠢ ᠪᠠᠨ ᠬᠠᠮᠠᠭᠠᠯᠠᠬᠤ ᠤᠬᠠᠮᠰᠠᠷ ᠢ ᠴᠢᠩᠭᠠᠳᠬᠠᠨ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠤᠬᠠᠮᠰᠠᠷ ᠠᠴᠠ ᠪᠠᠨ ᠬᠤᠯᠠᠳᠠᠭᠤᠯᠬᠤ ᠪᠠ ᠬᠤᠷᠢᠭᠯᠠᠬᠤ ᠶᠢᠨ ᠲᠥᠯᠥᠭᠡ᠂ 7 ᠰᠠᠷ᠎ᠠ ᠶᠢᠨ 20      ᠤ ᠡᠳᠦᠷ᠂ ᠰᠢᠶᠠᠩ ᠶᠠᠩ ᠵᠡᠭᠡᠯᠢ ᠭᠤᠳᠤᠮᠵᠢ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠤᠶᠢᠯᠡᠳᠤᠯᠭᠡ ᠶᠢᠨ ᠥᠷᠲᠡᠭᠡ ᠬᠠᠷᠢᠶᠠᠲᠤ ᠣᠷᠣᠨ ᠳᠠᠭᠠᠨ ᠬᠠᠤᠯᠢ ᠪᠤᠰᠤ ᠪᠠᠷ ᠪᠠᠯᠠ ᠴᠤᠭᠯᠠᠭᠤᠯᠬᠤ ᠳᠤ ᠴᠣᠬᠢᠯᠲᠠ ᠥᠭᠬᠦ ᠤᠬᠠᠭᠤᠯᠭ᠎ᠠ ᠶᠢᠨ ᠨᠡᠶᠢᠭᠡᠮ ᠲᠣᠭᠤᠷᠢᠭ ᠲᠤ ᠣᠷᠣᠬᠤ ᠬᠦᠳᠡᠯᠭᠡᠭᠡᠨ ᠥᠷᠨᠢᠭᠦᠯᠪᠡ᠃  ᠬᠦᠳᠡᠯᠭᠡᠭᠡᠨ ᠤ ᠳᠤᠮᠳᠠ᠂ ᠨᠡᠶᠢᠭᠡᠮ ᠲᠣᠭᠤᠷᠢᠭ ᠤᠨ ᠬᠢᠨ ︽ᠣᠯᠠᠨ ᠲᠦᠮᠡᠨ ᠲᠠᠢ ᠣᠶᠢᠷᠠᠳᠴᠤ᠂ ᠠᠮᠢᠳᠤᠷᠠᠯ ᠲᠠᠢ ᠣᠶᠢᠷᠠᠳᠬᠤ︾ ᠵᠠᠷᠴᠢᠮ ᠤᠨ ᠲᠣᠭᠤᠷᠢᠨ ᠳᠤ᠂ ᠬᠠᠷᠢᠶᠠᠲᠤ ᠣᠷᠣᠨ ᠤ ᠰᠠᠭᠤᠭᠠᠯᠢ ᠠᠷᠠᠳ ᠢᠶᠠᠷ ᠭᠤᠤᠯᠳᠠᠯᠭ᠎ᠠ ᠪᠣᠯᠭᠠᠨ᠂ ᠰᠠᠭᠤᠭᠠᠯᠢ ᠠᠷᠠᠳ ᠢ ᠬᠠᠪᠰᠤᠷᠤᠨ ᠡᠳ᠋ ᠤᠨ ᠶᠠᠪᠤᠳᠠᠯ ᠢ ᠬᠠᠮᠢᠶᠠᠷᠬᠤ ᠵᠥᠪ ᠦᠵᠡᠯᠲᠡ ᠶᠢ ᠪᠣᠶ ᠪᠣᠯᠭᠠᠵᠤ᠂ ᠪᠠᠯᠠ ᠣᠷᠣᠭᠤᠯᠤᠯᠲᠠ ᠶᠢᠨ ᠡᠳ᠋ ᠤᠨ ᠶᠠᠪᠤᠳᠠᠯ ᠢ ᠬᠠᠮᠢᠶᠠᠷᠬᠤ ᠳᠤ ᠡᠩ ᠤᠨ ᠣᠪᠣᠷ ᠢᠶᠠᠷ ᠬᠠᠨᠳᠤᠵᠤ ᠂ ᠪᠠᠯᠠ ᠣᠷᠣᠭᠤᠯᠤᠯᠲᠠ ᠶᠢᠨ ᠵᠤᠶᠢᠯᠡᠰ ᠲᠤ ᠲᠠᠷᠢᠬᠢ ᠲᠣᠯᠣᠭᠠᠶ ᠪᠠᠨ ᠰᠡᠷᠭᠡᠭ ᠪᠠᠶᠢᠯᠭᠠᠵᠤ᠂ ᠪᠣᠯᠭᠤᠮᠵᠢᠲᠠᠶ ᠣᠪᠣᠷ ᠢᠶᠠᠷ ᠪᠠᠯᠠ ᠣᠷᠣᠭᠤᠯᠤᠯᠲᠠ ᠶᠢᠨ ᠡᠳ᠋ ᠤᠨ ᠶᠠᠪᠤᠳᠠᠯ ᠢ ᠬᠠᠮᠢᠶᠠᠷᠳᠠᠭ  ᠪᠣᠯᠭᠠᠨ᠎ᠠ᠃  ᠨᠡᠶᠢᠭᠡᠮ ᠲᠣᠭᠤᠷᠢᠭ ᠤᠨ ᠠᠵᠢᠯᠲᠠᠳ ᠪᠠᠰᠠ ᠰᠠᠭᠤᠭᠠᠯᠢ ᠠᠷᠠᠳ ᠲᠤ ᠵᠠᠯᠠᠨ ᠠᠶᠢᠯ ᠬᠤᠲᠠ ᠶᠢᠨ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠡᠭᠦᠨ ᠤ ᠬᠠᠮᠲᠤ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠤᠭᠰᠠᠨ ᠨᠡᠶᠢᠲᠡᠯᠢᠭ ᠬᠡᠷᠡᠭ ᠤᠨ ᠵᠢᠱᠢᠶ᠎ᠡ ᠶᠢ ᠭᠤᠣᠯᠳᠠᠯᠭ᠎ᠠ ᠲᠠᠢ ᠪᠠᠷ ᠲᠠᠶᠢᠯᠪᠤᠷᠢᠯᠠᠨ ᠵᠠᠳᠠᠯᠵᠤ᠂ ᠬᠡᠷᠡᠭ ᠤᠨ ᠵᠢᠱᠢᠶ᠎ᠡ ᠪᠠᠷ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠠᠵᠢᠯᠯᠠᠭ᠎ᠠ ᠶᠢᠨ ᠣᠨᠴᠠᠯᠢᠭ᠂ ᠲᠦᠷᠦᠯ ᠵᠦᠢᠯ ᠪᠠ ᠬᠡᠯᠪᠡᠷᠢ᠂ ᠪᠠᠶᠢᠩᠭᠤ ᠲᠣᠬᠢᠶᠠᠯᠳᠤᠬᠤ ᠠᠷᠭ᠎ᠠ ᠪᠠᠷᠢᠯ ᠢ ᠰᠠᠭᠤᠭᠠᠯᠢ ᠠᠷᠠᠳ ᠲᠤ ᠨᠠᠷᠢᠨ ᠨᠢᠭᠲᠠ ᠲᠠᠨᠢᠯᠴᠠᠭᠤᠯᠵᠤ᠂ ᠠᠶᠤᠯ ᠲᠦᠭᠰᠢᠭᠦᠷᠢ ᠶᠢ ᠢᠯᠭᠠᠨ ᠲᠠᠨᠢᠬᠤ ᠴᠢᠳᠠᠪᠤᠷᠢ ᠪᠠᠨ ᠴᠢᠩᠭᠠᠳᠬᠠᠵᠤ᠂ ᠥᠨᠳᠥᠷ ᠬᠠᠷᠠᠮᠵᠢ ᠶᠢᠨ ᠥᠳᠥᠭᠡᠯᠭᠡ ᠶᠢ ᠡᠷᠡᠰ ᠬᠤᠷᠢᠭᠯᠠᠵᠤ᠂ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠤᠭᠰᠠᠨ ᠮᠡᠳᠡᠭᠡ ᠵᠠᠩᠭᠢ ᠶᠢ ᠲᠠᠷᠬᠠᠭᠠᠬᠤ ᠦᠭᠡᠢ᠂ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠣᠷᠣᠯᠴᠠᠬᠤ ᠦᠭᠡᠢ ᠪᠠᠶᠢᠬᠤ ᠶᠢ ᠰᠠᠭᠤᠭᠠᠯᠢ ᠠᠷᠠᠳ ᠲᠤ ᠰᠠᠨᠠᠭᠤᠯᠪᠠ᠃ ᠡᠭᠦᠨ ᠤ ᠵᠡᠷᠭᠡᠴᠡᠭᠡᠪᠡᠷ᠂ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠶᠢ ᠰᠡᠷᠭᠡᠶᠢᠯᠡᠬᠦ ᠪᠠ ᠲᠡᠭᠦᠨ ᠳᠤ ᠴᠣᠬᠢᠯᠲᠠ ᠥᠭᠬᠦ ᠠᠵᠢᠯᠯᠠᠭ᠎ᠠ ᠳᠤ ᠰᠠᠭᠤᠭᠠᠯᠢ ᠠᠷᠠᠳ ᠢ ᠢᠳᠡᠪᠬᠢᠲᠡᠶ ᠪᠠᠷ ᠤᠷᠢᠶᠠᠯᠠᠵᠤ᠂ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠤᠭᠰᠠᠨ ᠦᠢᠯᠡ ᠠᠵᠢᠯᠯᠠᠭ᠎ᠠ ᠶᠢ ᠣᠯᠵᠤ ᠮᠡᠳᠡᠪᠡᠯ ᠴᠠᠭ ᠲᠤᠬᠠᠶ ᠳᠤᠨᠢ ᠨᠡᠶᠢᠭᠡᠮ ᠲᠣᠭᠤᠷᠢᠭ ᠲᠤ ᠢᠯᠡᠴᠢᠯᠡᠨ ᠮᠡᠳᠡᠭᠦᠯᠬᠦ ᠬᠡᠷᠡᠭᠲᠡᠶ ᠭᠡᠵᠡᠢ᠃  ᠲᠣᠰ ᠤᠳᠠᠭᠠᠨ ᠤ ᠬᠦᠳᠡᠯᠭᠡᠭᠡᠨ ᠢ ᠥᠷᠨᠢᠭᠦᠯᠦᠭᠰᠡᠨ ᠨᠢ ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢᠨ ᠬᠤᠤᠷ ᠬᠥᠨᠥᠭᠡᠯᠲᠦ ᠴᠢᠨᠠᠷ ᠢ ᠭᠦᠨᠵᠡᠭᠡᠶ ᠲᠠᠨᠢᠭᠤᠯᠵᠤ᠂ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢᠨ ᠢᠯᠭᠠᠨ ᠲᠠᠨᠢᠬᠤ ᠴᠢᠳᠠᠪᠤᠷᠢ ᠶᠢ ᠳᠡᠭᠡᠭᠰᠢᠯᠡᠭᠦᠯᠦᠨ᠂ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠪᠣᠶ ᠪᠣᠯᠭᠠᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号