ᠭᠤᠤ ᠲᠠᠢ ᠽᠢ ᠵᠡᠭᠡᠯᠢ ᠭᠤᠳᠤᠮᠵᠢ ᠤᠰᠤᠨ ᠳᠤ ᠵᠢᠪᠬᠦ ᠠᠴᠠ ᠰᠡᠷᠭᠡᠶᠢᠯᠡᠬᠦ ᠨᠠᠰᠤᠨ ᠳᠤ ᠥᠯᠥ ᠬᠦᠷᠦᠭᠰᠡᠳ ᠤᠨ ᠠᠮᠤᠷ ᠲᠦᠪᠰᠢᠨ ᠤ ᠬᠥᠮᠦᠵᠢᠯ ᠤᠨ ᠤᠬᠠᠭᠤᠯᠭ᠎ᠠ ᠶᠢᠨ ᠬᠦᠳᠡᠯᠭᠡᠭᠡᠨ ᠥᠷᠨᠢᠭᠦᠯᠪᠡ
ᠨᠡᠶᠢᠲᠡᠯᠡᠭᠰᠡᠨ ᠴᠠᠭ᠄
2022/7/21
ᠨᠠᠰᠤᠨ ᠳᠤ ᠥᠯᠥ ᠭᠦᠷᠦᠭᠰᠡᠳ ᠤᠨ ᠤᠰᠤᠨ ᠳᠡᠭᠡᠷᠡᠬᠢ ᠠᠮᠤᠷ ᠲᠦᠪᠰᠢᠨ ᠤ ᠬᠥᠮᠦᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠤᠰᠤᠨ ᠳᠤ ᠵᠢᠪᠬᠦ ᠠᠴᠠ ᠰᠡᠷᠭᠡᠶᠢᠯᠡᠬᠦ ᠠᠮᠤᠷ ᠲᠦᠪᠰᠢᠨ ᠤ ᠤᠬᠠᠮᠰᠠᠷ ᠢ ᠪᠣᠶ ᠪᠣᠯᠭᠠᠵᠤ᠂ ᠤᠰᠤᠨ ᠳᠤ ᠵᠢᠪᠬᠦ ᠠᠳᠡᠯ ᠭᠠᠷᠬᠤ ᠶᠢ ᠬᠤᠷᠢᠭᠯᠠᠬᠤ ᠶᠢᠨ ᠲᠥᠯᠥᠭᠡ᠂ ᠣᠶᠢᠷ᠎ᠠ ᠳᠤ᠂ ᠭᠤᠤ ᠲᠠᠢ ᠽᠢ ᠵᠡᠭᠡᠯᠢ ᠭᠤᠳᠤᠮᠵᠢ ᠶᠢᠨ ᠪᠥᠲᠥᠭᠡᠨ ᠪᠠᠶᠢᠭᠤᠯᠤᠯᠲᠠ ᠶᠢᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ  ᠤᠶᠢᠯᠡᠳᠤᠯᠭᠡ ᠶᠢᠨ ᠥᠷᠲᠡᠭᠡ ᠤᠰᠤᠨ ᠳᠤ ᠵᠢᠪᠬᠦ ᠠᠴᠠ ᠰᠡᠷᠭᠡᠶᠢᠯᠡᠬᠦ ᠨᠠᠰᠤᠨ ᠳᠤ ᠥᠯᠥ ᠭᠦᠷᠦᠭᠰᠡᠳ ᠤᠨ ᠠᠮᠤᠷ ᠲᠦᠪᠰᠢᠨ ᠤ ᠬᠥᠮᠦᠵᠢᠯ ᠤᠨ ᠤᠬᠠᠭᠤᠯᠭ᠎ᠠ ᠶᠢᠨ ᠬᠦᠳᠡᠯᠭᠡᠭᠡᠨ ᠥᠷᠨᠢᠭᠦᠯᠪᠡ᠃    ᠨᠡᠶᠢᠭᠡᠮ ᠲᠣᠭᠤᠷᠢᠭ ᠤᠨ ᠠᠵᠢᠯᠲᠠᠳ ᠳᠥᠷᠪᠡᠨ ᠴᠠᠭ ᠬᠠᠭᠠᠰ ᠤᠨ ᠬᠢᠴᠢᠶᠡᠯ ᠤᠨ ᠲᠠᠩᠬᠢᠮ᠂ ᠸᠢᠴᠠᠲ ᠤᠨ ᠪᠦᠯᠦᠭ᠂ ᠨᠠᠶᠢᠵᠠ ᠨᠠᠷ ᠤᠨ ᠲᠣᠭᠤᠷᠢᠭ ᠢᠶᠠᠷ ᠳᠠᠮᠵᠢᠭᠤᠯᠤᠨ ᠨᠠᠰᠤᠨ ᠳᠤ ᠥᠯᠥ ᠭᠦᠷᠦᠭᠰᠡᠳ ᠲᠤ ᠤᠰᠤᠨ ᠳᠤ ᠵᠢᠪᠬᠦ ᠶᠢ ᠰᠡᠷᠭᠡᠶᠢᠯᠡᠬᠦ ᠤᠬᠠᠭᠤᠯᠭ᠎ᠠ ᠶᠢ ᠥᠷᠨᠢᠭᠦᠯᠵᠦ᠂ ᠪᠠᠰᠠ ᠨᠠᠰᠤᠨ ᠳᠤ ᠥᠯᠥ ᠭᠦᠷᠦᠭᠰᠡᠳ ᠲᠤ ᠦᠷᠭᠦᠯᠵᠢ ᠲᠣᠬᠢᠶᠠᠯᠳᠤᠳᠠᠭ ᠤᠰᠤᠨ ᠳᠤ ᠵᠢᠪᠴᠦ ᠥᠪᠡᠷ ᠢ ᠪᠠᠨ ᠠᠪᠤᠷᠬᠠᠤ ᠠᠷᠭ᠎ᠠ ᠶᠢ ᠨᠠᠷᠢᠨ ᠲᠠᠶᠢᠯᠪᠤᠷᠢᠯᠠᠵᠤ ᠥᠭᠪᠡ᠃ ᠡᠭᠦᠨ ᠤ ᠬᠠᠮᠲᠤ ᠨᠠᠰᠤᠨ ᠳᠤ ᠥᠯᠥ ᠭᠦᠷᠦᠭᠰᠡᠳ ᠲᠤ ᠭᠤᠤᠯ ᠤᠨ ᠬᠥᠪᠡᠭᠡᠨ ᠳᠤ ᠣᠴᠢᠵᠤ ᠨᠠᠭᠠᠳᠴᠤ ᠪᠣᠯᠬᠤ ᠥᠬᠡᠶ᠂ ᠤᠮᠪᠠᠵᠤ ᠪᠣᠯᠬᠤ ᠥᠬᠡᠶ᠂ ᠵᠠᠪᠠᠯ ᠬᠡᠷ ᠤᠨ ᠠᠬᠠᠮᠠᠳ ᠤᠨ ᠪᠠᠷ᠎ᠠ ᠪᠤᠯᠤᠯᠭ᠎ᠠ ᠲᠠᠢ ᠪᠠᠷ ᠵᠢᠩᠬᠢᠨᠢ ᠤᠮᠪᠠᠯᠲᠠ ᠶᠢᠨ ᠲᠠᠲᠠᠭᠠᠯ ᠳᠤ ᠣᠴᠢᠵᠤ ᠤᠮᠪᠠᠭ᠋ᠤ ᠬᠡᠷᠡᠭᠲᠡᠶ᠂ ᠬᠡᠤᠬᠡᠳ ᠲᠤ ᠠᠶᠤᠯᠲᠠᠶ ᠤᠰᠤᠨ ᠤ ᠴᠠᠷᠠᠭ᠎ᠠ ᠳᠤ ᠣᠶᠢᠷᠠᠳᠴᠤ ᠪᠣᠯᠬᠤ ᠥᠬᠡᠶ᠂ ᠤᠰᠤᠨ ᠳᠤ ᠵᠢᠪᠬᠦ ᠠᠳᠡᠯ ᠭᠠᠷᠬᠤ ᠥᠬᠡᠶ ᠪᠠᠶᠢᠬᠤ ᠶᠢ ᠪᠠᠲᠤᠯᠠᠬᠤ ᠬᠡᠷᠡᠭᠲᠡᠶ ᠭᠡᠵᠦ ᠰᠠᠨᠠᠭᠤᠯᠵᠤ ᠪᠠᠶᠢᠨ᠎ᠠ᠃  ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠬᠠᠷᠢᠶᠠᠲᠤ ᠣᠷᠣᠨ ᠤ ᠨᠠᠰᠤᠨ ᠳᠤ ᠥᠯᠥ ᠭᠦᠷᠦᠭᠰᠡᠳ ᠤᠨ ᠤᠰᠤᠨ ᠳᠤ ᠵᠢᠪᠬᠦ ᠶᠢ ᠰᠡᠷᠭᠡᠶᠢᠯᠡᠬᠦ ᠤᠬᠠᠮᠰᠠᠷ ᠢ ᠴᠢᠩᠭᠠᠷᠠᠭᠤᠯᠵᠤ᠂ ᠬᠡᠤᠬᠡᠳ ᠲᠤ ᠠᠮᠢ ᠨᠠᠰᠤᠨ ᠤ ᠡᠷᠬᠢᠮ ᠨᠠᠨᠳᠢᠨ ᠢ ᠲᠠᠨᠢᠭᠤᠯᠵᠤ᠂ ᠥᠷᠭᠡᠨ ᠣᠯᠠᠨ ᠨᠠᠰᠤᠨ ᠳᠤ ᠥᠯᠥ ᠭᠦᠷᠦᠭᠰᠡᠳ ᠤᠨ ᠠᠮᠤᠷ ᠲᠠᠶᠢᠪᠤᠩ ᠡᠷᠡᠭᠦᠯ ᠢᠶᠠᠷ ᠦᠰᠦᠨ ᠪᠤᠶᠢᠵᠢᠬᠤ ᠳᠤ ᠰᠠᠶᠢᠨ ᠰᠠᠶᠢᠬᠠᠨ ᠣᠷᠴᠢᠨ ᠠᠬᠤᠶ ᠶᠢ ᠪᠣᠶ ᠪᠣᠯᠭᠠᠵᠤ ᠥᠭᠭᠦᠭᠰᠡᠨ ᠪᠠᠶᠢᠨ᠎ᠠ᠃
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ