ᠬᠠᠤᠯᠢ ᠪᠤᠰᠤ ᠪᠠᠷ ᠪᠠᠯᠠ ᠴᠤᠭᠯᠠᠭᠤᠯᠬᠤ ᠶᠢᠨ ᠬᠤᠤᠷ ᠬᠥᠨᠥᠭᠡᠯᠲᠦ ᠴᠢᠨᠠᠷ ᠤᠨ ᠲᠤᠬᠠᠶ ᠣᠯᠠᠨ ᠲᠦᠮᠡᠨ ᠤ | ᠲᠠᠨᠢᠯᠲᠠ ᠶᠢ ᠳᠡᠭᠡᠭᠰᠢᠯᠡᠭᠦᠯᠵᠦ᠂ ᠥᠪᠡᠷ ᠢ ᠪᠠᠨ ᠬᠠᠮᠠᠭᠠᠯᠠᠬᠤ ᠤᠬᠠᠮᠰᠠᠷ ᠢ ᠴᠢᠩᠭᠠᠳᠬᠠᠨ᠂ ᠣᠯᠠᠨ ᠲᠦᠮᠡᠨ ᠢ | ᠬᠥᠲᠥᠯᠦᠨ ᠵᠢᠯᠣᠭᠤᠳᠴᠤ ᠪᠠᠶᠢᠭᠠᠳ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠤᠬᠠᠮᠰᠠᠷ ᠠᠴᠠ ᠪᠠᠨ | ᠬᠤᠯᠠᠳᠠᠭᠤᠯᠬᠤ ᠪᠠ ᠬᠤᠷᠢᠭᠯᠠᠬᠤ ᠶᠢᠨ ᠲᠥᠯᠥᠭᠡ᠂ 7 ᠰᠠᠷ᠎ᠠ ᠶᠢᠨ 20 ᠤ ᠡᠳᠦᠷ᠂ ᠰᠢᠶᠠᠩ ᠶᠠᠩ ᠵᠡᠭᠡᠯᠢ | ᠭᠤᠳᠤᠮᠵᠢ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠤᠶᠢᠯᠡᠳᠤᠯᠭᠡ ᠶᠢᠨ ᠥᠷᠲᠡᠭᠡ ᠬᠠᠷᠢᠶᠠᠲᠤ ᠣᠷᠣᠨ ᠳᠠᠭᠠᠨ | ᠬᠠᠤᠯᠢ ᠪᠤᠰᠤ ᠪᠠᠷ ᠪᠠᠯᠠ ᠴᠤᠭᠯᠠᠭᠤᠯᠬᠤ ᠳᠤ ᠴᠣᠬᠢᠯᠲᠠ ᠥᠭᠬᠦ ᠤᠬᠠᠭᠤᠯᠭ᠎ᠠ ᠶᠢᠨ ᠨᠡᠶᠢᠭᠡᠮ ᠲᠣᠭᠤᠷᠢᠭ ᠲᠤ | ᠣᠷᠣᠬᠤ ᠬᠦᠳᠡᠯᠭᠡᠭᠡᠨ ᠥᠷᠨᠢᠭᠦᠯᠪᠡ᠃ | | ᠬᠦᠳᠡᠯᠭᠡᠭᠡᠨ ᠤ ᠳᠤᠮᠳᠠ᠂ ᠨᠡᠶᠢᠭᠡᠮ ᠲᠣᠭᠤᠷᠢᠭ ᠤᠨ ᠬᠢᠨ ︽ᠣᠯᠠᠨ ᠲᠦᠮᠡᠨ ᠲᠠᠢ ᠣᠶᠢᠷᠠᠳᠴᠤ᠂ | ᠠᠮᠢᠳᠤᠷᠠᠯ ᠲᠠᠢ ᠣᠶᠢᠷᠠᠳᠬᠤ︾ ᠵᠠᠷᠴᠢᠮ ᠤᠨ ᠲᠣᠭᠤᠷᠢᠨ ᠳᠤ᠂ ᠬᠠᠷᠢᠶᠠᠲᠤ ᠣᠷᠣᠨ ᠤ ᠰᠠᠭᠤᠭᠠᠯᠢ ᠠᠷᠠᠳ ᠢᠶᠠᠷ | ᠭᠤᠤᠯᠳᠠᠯᠭ᠎ᠠ ᠪᠣᠯᠭᠠᠨ᠂ ᠰᠠᠭᠤᠭᠠᠯᠢ ᠠᠷᠠᠳ ᠢ ᠬᠠᠪᠰᠤᠷᠤᠨ ᠡᠳ᠋ ᠤᠨ ᠶᠠᠪᠤᠳᠠᠯ ᠢ ᠬᠠᠮᠢᠶᠠᠷᠬᠤ ᠵᠥᠪ ᠦᠵᠡᠯᠲᠡ ᠶᠢ | ᠪᠣᠶ ᠪᠣᠯᠭᠠᠵᠤ᠂ ᠪᠠᠯᠠ ᠣᠷᠣᠭᠤᠯᠤᠯᠲᠠ ᠶᠢᠨ ᠡᠳ᠋ ᠤᠨ ᠶᠠᠪᠤᠳᠠᠯ ᠢ ᠬᠠᠮᠢᠶᠠᠷᠬᠤ ᠳᠤ ᠡᠩ ᠤᠨ ᠣᠪᠣᠷ ᠢᠶᠠᠷ ᠬᠠᠨᠳᠤᠵᠤ | ᠂ ᠪᠠᠯᠠ ᠣᠷᠣᠭᠤᠯᠤᠯᠲᠠ ᠶᠢᠨ ᠵᠤᠶᠢᠯᠡᠰ ᠲᠤ ᠲᠠᠷᠢᠬᠢ ᠲᠣᠯᠣᠭᠠᠶ ᠪᠠᠨ ᠰᠡᠷᠭᠡᠭ ᠪᠠᠶᠢᠯᠭᠠᠵᠤ᠂ ᠪᠣᠯᠭᠤᠮᠵᠢᠲᠠᠶ | ᠣᠪᠣᠷ ᠢᠶᠠᠷ ᠪᠠᠯᠠ ᠣᠷᠣᠭᠤᠯᠤᠯᠲᠠ ᠶᠢᠨ ᠡᠳ᠋ ᠤᠨ ᠶᠠᠪᠤᠳᠠᠯ ᠢ ᠬᠠᠮᠢᠶᠠᠷᠳᠠᠭ ᠪᠣᠯᠭᠠᠨ᠎ᠠ᠃ ᠨᠡᠶᠢᠭᠡᠮ | ᠲᠣᠭᠤᠷᠢᠭ ᠤᠨ ᠠᠵᠢᠯᠲᠠᠳ ᠪᠠᠰᠠ ᠰᠠᠭᠤᠭᠠᠯᠢ ᠠᠷᠠᠳ ᠲᠤ ᠵᠠᠯᠠᠨ ᠠᠶᠢᠯ ᠬᠤᠲᠠ ᠶᠢᠨ ᠬᠠᠤᠯᠢ ᠪᠤᠰᠤ ᠪᠠᠷ ᠪᠡᠯᠡ | ᠴᠤᠭᠯᠠᠭᠤᠯᠬᠤ ᠶᠢ ᠰᠡᠷᠭᠡᠶᠢᠯᠡᠬᠦ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠡᠭᠦᠨ ᠤ ᠬᠠᠮᠲᠤ ᠬᠠᠤᠯᠢ ᠪᠤᠰᠤ ᠪᠠᠷ | ᠪᠡᠯᠡ ᠮᠥᠩᠭᠦ ᠴᠤᠭᠯᠠᠭᠤᠯᠤᠭᠰᠠᠨ ᠨᠡᠶᠢᠲᠡᠯᠢᠭ ᠬᠡᠷᠡᠭ ᠤᠨ ᠵᠢᠱᠢᠶ᠎ᠡ ᠶᠢ ᠭᠤᠣᠯᠳᠠᠯᠭ᠎ᠠ ᠲᠠᠢ ᠪᠠᠷ ᠲᠠᠶᠢᠯᠪᠤᠷᠢᠯᠠᠨ | ᠵᠠᠳᠠᠯᠵᠤ᠂ ᠬᠡᠷᠡᠭ ᠤᠨ ᠵᠢᠱᠢᠶ᠎ᠡ ᠪᠠᠷ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠠᠵᠢᠯᠯᠠᠭ᠎ᠠ ᠶᠢᠨ ᠣᠨᠴᠠᠯᠢᠭ᠂ | ᠲᠦᠷᠦᠯ ᠵᠦᠢᠯ ᠪᠠ ᠬᠡᠯᠪᠡᠷᠢ᠂ ᠪᠠᠶᠢᠩᠭᠤ ᠲᠣᠬᠢᠶᠠᠯᠳᠤᠬᠤ ᠠᠷᠭ᠎ᠠ ᠪᠠᠷᠢᠯ ᠢ ᠰᠠᠭᠤᠭᠠᠯᠢ ᠠᠷᠠᠳ ᠲᠤ ᠨᠠᠷᠢᠨ ᠨᠢᠭᠲᠠ | ᠲᠠᠨᠢᠯᠴᠠᠭᠤᠯᠵᠤ᠂ ᠠᠶᠤᠯ ᠲᠦᠭᠰᠢᠭᠦᠷᠢ ᠶᠢ ᠢᠯᠭᠠᠨ ᠲᠠᠨᠢᠬᠤ ᠴᠢᠳᠠᠪᠤᠷᠢ ᠪᠠᠨ ᠴᠢᠩᠭᠠᠳᠬᠠᠵᠤ᠂ ᠥᠨᠳᠥᠷ | ᠬᠠᠷᠠᠮᠵᠢ ᠶᠢᠨ ᠥᠳᠥᠭᠡᠯᠭᠡ ᠶᠢ ᠡᠷᠡᠰ ᠬᠤᠷᠢᠭᠯᠠᠵᠤ᠂ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠤᠭᠰᠠᠨ ᠮᠡᠳᠡᠭᠡ | ᠵᠠᠩᠭᠢ ᠶᠢ ᠲᠠᠷᠬᠠᠭᠠᠬᠤ ᠦᠭᠡᠢ᠂ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠠᠵᠢᠯᠯᠠᠭ᠎ᠠ ᠶᠢ ᠵᠣᠬᠢᠶᠠᠨ | ᠪᠠᠶᠢᠭᠤᠯᠵᠤ ᠣᠷᠣᠯᠴᠠᠬᠤ ᠦᠭᠡᠢ ᠪᠠᠶᠢᠬᠤ ᠶᠢ ᠰᠠᠭᠤᠭᠠᠯᠢ ᠠᠷᠠᠳ ᠲᠤ ᠰᠠᠨᠠᠭᠤᠯᠪᠠ᠃ ᠡᠭᠦᠨ ᠤ ᠵᠡᠷᠭᠡᠴᠡᠭᠡᠪᠡᠷ᠂ | ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠶᠢ ᠰᠡᠷᠭᠡᠶᠢᠯᠡᠬᠦ ᠪᠠ ᠲᠡᠭᠦᠨ ᠳᠤ ᠴᠣᠬᠢᠯᠲᠠ ᠥᠭᠬᠦ ᠠᠵᠢᠯᠯᠠᠭ᠎ᠠ ᠳᠤ | ᠰᠠᠭᠤᠭᠠᠯᠢ ᠠᠷᠠᠳ ᠢ ᠢᠳᠡᠪᠬᠢᠲᠡᠶ ᠪᠠᠷ ᠤᠷᠢᠶᠠᠯᠠᠵᠤ᠂ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠤᠭᠰᠠᠨ ᠦᠢᠯᠡ | ᠠᠵᠢᠯᠯᠠᠭ᠎ᠠ ᠶᠢ ᠣᠯᠵᠤ ᠮᠡᠳᠡᠪᠡᠯ ᠴᠠᠭ ᠲᠤᠬᠠᠶ ᠳᠤᠨᠢ ᠨᠡᠶᠢᠭᠡᠮ ᠲᠣᠭᠤᠷᠢᠭ ᠲᠤ ᠢᠯᠡᠴᠢᠯᠡᠨ ᠮᠡᠳᠡᠭᠦᠯᠬᠦ ᠬᠡᠷᠡᠭᠲᠡᠶ | ᠭᠡᠵᠡᠢ᠃ | | ᠲᠣᠰ ᠤᠳᠠᠭᠠᠨ ᠤ ᠬᠦᠳᠡᠯᠭᠡᠭᠡᠨ ᠢ ᠥᠷᠨᠢᠭᠦᠯᠦᠭᠰᠡᠨ ᠨᠢ ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠬᠠᠤᠯᠢ | ᠪᠤᠰᠤ ᠪᠠᠷ ᠪᠠᠯᠠ ᠴᠤᠭᠯᠠᠭᠤᠯᠬᠤ ᠶᠢᠨ ᠬᠤᠤᠷ ᠬᠥᠨᠥᠭᠡᠯᠲᠦ ᠴᠢᠨᠠᠷ ᠢ ᠭᠦᠨᠵᠡᠭᠡᠶ ᠲᠠᠨᠢᠭᠤᠯᠵᠤ᠂ ᠬᠠᠤᠯᠢ ᠪᠤᠰᠤ ᠪᠠᠷ | ᠪᠠᠯᠠ ᠴᠤᠭᠯᠠᠭᠤᠯᠬᠤ ᠶᠢᠨ ᠢᠯᠭᠠᠨ ᠲᠠᠨᠢᠬᠤ ᠴᠢᠳᠠᠪᠤᠷᠢ ᠶᠢ ᠳᠡᠭᠡᠭᠰᠢᠯᠡᠭᠦᠯᠦᠨ᠂ ᠡᠶ᠎ᠡ ᠵᠣᠬᠢᠴᠠᠯ ᠲᠠᠢ ᠪᠥᠭᠡᠳ | ᠲᠣᠭᠲᠠᠭᠤᠨ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠪᠣᠶ ᠪᠣᠯᠭᠠᠬᠤ ᠳᠤ ᠪᠠᠲᠤ ᠪᠠᠬᠢ ᠰᠠᠭᠤᠷᠢ ᠶᠢ | ᠲᠠᠯᠪᠢᠭᠰᠠᠨ ᠪᠠᠶᠢᠨ᠎ᠠ᠃ |