ᠬᠠᠤᠯᠢ ᠪᠤᠰᠤ ᠪᠠᠷ ᠪᠠᠯᠠ ᠴᠤᠭᠯᠠᠭᠤᠯᠬᠤ ᠶᠢᠨ ᠬᠤᠤᠷ ᠬᠥᠨᠥᠭᠡᠯᠲᠦ ᠴᠢᠨᠠᠷ ᠤᠨ ᠲᠤᠬᠠᠶ ᠣᠯᠠᠨ ᠲᠦᠮᠡᠨ ᠤ ᠲᠠᠨᠢᠯᠲᠠ ᠶᠢ ᠳᠡᠭᠡᠭᠰᠢᠯᠡᠭᠦᠯᠵᠦ᠂ ᠥᠪᠡᠷ ᠢ ᠪᠠᠨ | ᠬᠠᠮᠠᠭᠠᠯᠠᠬᠤ ᠤᠬᠠᠮᠰᠠᠷ ᠢ ᠴᠢᠩᠭᠠᠳᠬᠠᠨ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ | ᠤᠬᠠᠮᠰᠠᠷ ᠠᠴᠠ ᠪᠠᠨ ᠬᠤᠯᠠᠳᠠᠭᠤᠯᠬᠤ ᠪᠠ ᠬᠤᠷᠢᠭᠯᠠᠬᠤ ᠶᠢᠨ ᠲᠥᠯᠥᠭᠡ᠂ 7 ᠰᠠᠷ᠎ᠠ ᠶᠢᠨ 20 ᠤ ᠡᠳᠦᠷ᠂ ᠰᠢᠶᠠᠩ ᠶᠠᠩ ᠵᠡᠭᠡᠯᠢ ᠭᠤᠳᠤᠮᠵᠢ ᠶᠢᠨ ᠰᠢᠨ᠎ᠡ | ᠴᠠᠭ ᠦᠶ᠎ᠡ ᠶᠢᠨ ᠪᠣᠯᠪᠠᠰᠤᠨ ᠤ ᠤᠶᠢᠯᠡᠳᠤᠯᠭᠡ ᠶᠢᠨ ᠥᠷᠲᠡᠭᠡ ᠬᠠᠷᠢᠶᠠᠲᠤ ᠣᠷᠣᠨ ᠳᠠᠭᠠᠨ ᠬᠠᠤᠯᠢ ᠪᠤᠰᠤ ᠪᠠᠷ ᠪᠠᠯᠠ ᠴᠤᠭᠯᠠᠭᠤᠯᠬᠤ ᠳᠤ ᠴᠣᠬᠢᠯᠲᠠ ᠥᠭᠬᠦ | ᠤᠬᠠᠭᠤᠯᠭ᠎ᠠ ᠶᠢᠨ ᠨᠡᠶᠢᠭᠡᠮ ᠲᠣᠭᠤᠷᠢᠭ ᠲᠤ ᠣᠷᠣᠬᠤ ᠬᠦᠳᠡᠯᠭᠡᠭᠡᠨ ᠥᠷᠨᠢᠭᠦᠯᠪᠡ᠃ | | ᠬᠦᠳᠡᠯᠭᠡᠭᠡᠨ ᠤ ᠳᠤᠮᠳᠠ᠂ ᠨᠡᠶᠢᠭᠡᠮ ᠲᠣᠭᠤᠷᠢᠭ ᠤᠨ ᠬᠢᠨ ︽ᠣᠯᠠᠨ ᠲᠦᠮᠡᠨ ᠲᠠᠢ ᠣᠶᠢᠷᠠᠳᠴᠤ᠂ ᠠᠮᠢᠳᠤᠷᠠᠯ ᠲᠠᠢ ᠣᠶᠢᠷᠠᠳᠬᠤ︾ ᠵᠠᠷᠴᠢᠮ ᠤᠨ | ᠲᠣᠭᠤᠷᠢᠨ ᠳᠤ᠂ ᠬᠠᠷᠢᠶᠠᠲᠤ ᠣᠷᠣᠨ ᠤ ᠰᠠᠭᠤᠭᠠᠯᠢ ᠠᠷᠠᠳ ᠢᠶᠠᠷ ᠭᠤᠤᠯᠳᠠᠯᠭ᠎ᠠ ᠪᠣᠯᠭᠠᠨ᠂ ᠰᠠᠭᠤᠭᠠᠯᠢ ᠠᠷᠠᠳ ᠢ ᠬᠠᠪᠰᠤᠷᠤᠨ ᠡᠳ᠋ ᠤᠨ ᠶᠠᠪᠤᠳᠠᠯ ᠢ ᠬᠠᠮᠢᠶᠠᠷᠬᠤ | ᠵᠥᠪ ᠦᠵᠡᠯᠲᠡ ᠶᠢ ᠪᠣᠶ ᠪᠣᠯᠭᠠᠵᠤ᠂ ᠪᠠᠯᠠ ᠣᠷᠣᠭᠤᠯᠤᠯᠲᠠ ᠶᠢᠨ ᠡᠳ᠋ ᠤᠨ ᠶᠠᠪᠤᠳᠠᠯ ᠢ ᠬᠠᠮᠢᠶᠠᠷᠬᠤ ᠳᠤ ᠡᠩ ᠤᠨ ᠣᠪᠣᠷ ᠢᠶᠠᠷ ᠬᠠᠨᠳᠤᠵᠤ᠂ ᠪᠠᠯᠠ | ᠣᠷᠣᠭᠤᠯᠤᠯᠲᠠ ᠶᠢᠨ ᠵᠤᠶᠢᠯᠡᠰ ᠲᠤ ᠲᠠᠷᠢᠬᠢ ᠲᠣᠯᠣᠭᠠᠶ ᠪᠠᠨ ᠰᠡᠷᠭᠡᠭ ᠪᠠᠶᠢᠯᠭᠠᠵᠤ᠂ ᠪᠣᠯᠭᠤᠮᠵᠢᠲᠠᠶ ᠣᠪᠣᠷ ᠢᠶᠠᠷ ᠪᠠᠯᠠ ᠣᠷᠣᠭᠤᠯᠤᠯᠲᠠ ᠶᠢᠨ ᠡᠳ᠋ ᠤᠨ ᠶᠠᠪᠤᠳᠠᠯ ᠢ | ᠬᠠᠮᠢᠶᠠᠷᠳᠠᠭ ᠪᠣᠯᠭᠠᠨ᠎ᠠ᠃ ᠨᠡᠶᠢᠭᠡᠮ ᠲᠣᠭᠤᠷᠢᠭ ᠤᠨ ᠠᠵᠢᠯᠲᠠᠳ ᠪᠠᠰᠠ ᠰᠠᠭᠤᠭᠠᠯᠢ ᠠᠷᠠᠳ ᠲᠤ ᠵᠠᠯᠠᠨ ᠠᠶᠢᠯ ᠬᠤᠲᠠ ᠶᠢᠨ ᠬᠠᠤᠯᠢ ᠪᠤᠰᠤ ᠪᠠᠷ ᠪᠡᠯᠡ | ᠴᠤᠭᠯᠠᠭᠤᠯᠬᠤ ᠶᠢ ᠰᠡᠷᠭᠡᠶᠢᠯᠡᠬᠦ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠡᠭᠦᠨ ᠤ ᠬᠠᠮᠲᠤ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠤᠭᠰᠠᠨ ᠨᠡᠶᠢᠲᠡᠯᠢᠭ | ᠬᠡᠷᠡᠭ ᠤᠨ ᠵᠢᠱᠢᠶ᠎ᠡ ᠶᠢ ᠭᠤᠣᠯᠳᠠᠯᠭ᠎ᠠ ᠲᠠᠢ ᠪᠠᠷ ᠲᠠᠶᠢᠯᠪᠤᠷᠢᠯᠠᠨ ᠵᠠᠳᠠᠯᠵᠤ᠂ ᠬᠡᠷᠡᠭ ᠤᠨ ᠵᠢᠱᠢᠶ᠎ᠡ ᠪᠠᠷ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ | ᠠᠵᠢᠯᠯᠠᠭ᠎ᠠ ᠶᠢᠨ ᠣᠨᠴᠠᠯᠢᠭ᠂ ᠲᠦᠷᠦᠯ ᠵᠦᠢᠯ ᠪᠠ ᠬᠡᠯᠪᠡᠷᠢ᠂ ᠪᠠᠶᠢᠩᠭᠤ ᠲᠣᠬᠢᠶᠠᠯᠳᠤᠬᠤ ᠠᠷᠭ᠎ᠠ ᠪᠠᠷᠢᠯ ᠢ ᠰᠠᠭᠤᠭᠠᠯᠢ ᠠᠷᠠᠳ ᠲᠤ ᠨᠠᠷᠢᠨ ᠨᠢᠭᠲᠠ ᠲᠠᠨᠢᠯᠴᠠᠭᠤᠯᠵᠤ | ᠂ ᠠᠶᠤᠯ ᠲᠦᠭᠰᠢᠭᠦᠷᠢ ᠶᠢ ᠢᠯᠭᠠᠨ ᠲᠠᠨᠢᠬᠤ ᠴᠢᠳᠠᠪᠤᠷᠢ ᠪᠠᠨ ᠴᠢᠩᠭᠠᠳᠬᠠᠵᠤ᠂ ᠥᠨᠳᠥᠷ ᠬᠠᠷᠠᠮᠵᠢ ᠶᠢᠨ ᠥᠳᠥᠭᠡᠯᠭᠡ ᠶᠢ ᠡᠷᠡᠰ ᠬᠤᠷᠢᠭᠯᠠᠵᠤ᠂ ᠬᠠᠤᠯᠢ ᠪᠤᠰᠤ ᠪᠠᠷ | ᠪᠡᠯᠡ ᠮᠥᠩᠭᠦ ᠴᠤᠭᠯᠠᠭᠤᠯᠤᠭᠰᠠᠨ ᠮᠡᠳᠡᠭᠡ ᠵᠠᠩᠭᠢ ᠶᠢ ᠲᠠᠷᠬᠠᠭᠠᠬᠤ ᠦᠭᠡᠢ᠂ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠠᠵᠢᠯᠯᠠᠭ᠎ᠠ ᠶᠢ ᠵᠣᠬᠢᠶᠠᠨ | ᠪᠠᠶᠢᠭᠤᠯᠵᠤ ᠣᠷᠣᠯᠴᠠᠬᠤ ᠦᠭᠡᠢ ᠪᠠᠶᠢᠬᠤ ᠶᠢ ᠰᠠᠭᠤᠭᠠᠯᠢ ᠠᠷᠠᠳ ᠲᠤ ᠰᠠᠨᠠᠭᠤᠯᠪᠠ᠃ ᠡᠭᠦᠨ ᠤ ᠵᠡᠷᠭᠡᠴᠡᠭᠡᠪᠡᠷ᠂ ᠬᠠᠤᠯᠢ ᠪᠤᠰᠤ ᠪᠠᠷ ᠪᠡᠯᠡ ᠮᠥᠩᠭᠦ | ᠴᠤᠭᠯᠠᠭᠤᠯᠬᠤ ᠶᠢ ᠰᠡᠷᠭᠡᠶᠢᠯᠡᠬᠦ ᠪᠠ ᠲᠡᠭᠦᠨ ᠳᠤ ᠴᠣᠬᠢᠯᠲᠠ ᠥᠭᠬᠦ ᠠᠵᠢᠯᠯᠠᠭ᠎ᠠ ᠳᠤ ᠰᠠᠭᠤᠭᠠᠯᠢ ᠠᠷᠠᠳ ᠢ ᠢᠳᠡᠪᠬᠢᠲᠡᠶ ᠪᠠᠷ ᠤᠷᠢᠶᠠᠯᠠᠵᠤ᠂ ᠬᠠᠤᠯᠢ ᠪᠤᠰᠤ ᠪᠠᠷ ᠪᠡᠯᠡ | ᠮᠥᠩᠭᠦ ᠴᠤᠭᠯᠠᠭᠤᠯᠤᠭᠰᠠᠨ ᠦᠢᠯᠡ ᠠᠵᠢᠯᠯᠠᠭ᠎ᠠ ᠶᠢ ᠣᠯᠵᠤ ᠮᠡᠳᠡᠪᠡᠯ ᠴᠠᠭ ᠲᠤᠬᠠᠶ ᠳᠤᠨᠢ ᠨᠡᠶᠢᠭᠡᠮ ᠲᠣᠭᠤᠷᠢᠭ ᠲᠤ ᠢᠯᠡᠴᠢᠯᠡᠨ ᠮᠡᠳᠡᠭᠦᠯᠬᠦ ᠬᠡᠷᠡᠭᠲᠡᠶ ᠭᠡᠵᠡᠢ᠃ | | ᠲᠣᠰ ᠤᠳᠠᠭᠠᠨ ᠤ ᠬᠦᠳᠡᠯᠭᠡᠭᠡᠨ ᠢ ᠥᠷᠨᠢᠭᠦᠯᠦᠭᠰᠡᠨ ᠨᠢ ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢᠨ ᠬᠤᠤᠷ | ᠬᠥᠨᠥᠭᠡᠯᠲᠦ ᠴᠢᠨᠠᠷ ᠢ ᠭᠦᠨᠵᠡᠭᠡᠶ ᠲᠠᠨᠢᠭᠤᠯᠵᠤ᠂ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢᠨ ᠢᠯᠭᠠᠨ ᠲᠠᠨᠢᠬᠤ ᠴᠢᠳᠠᠪᠤᠷᠢ ᠶᠢ ᠳᠡᠭᠡᠭᠰᠢᠯᠡᠭᠦᠯᠦᠨ᠂ ᠡᠶ᠎ᠡ | ᠵᠣᠬᠢᠴᠠᠯ ᠲᠠᠢ ᠪᠥᠭᠡᠳ ᠲᠣᠭᠲᠠᠭᠤᠨ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠪᠣᠶ ᠪᠣᠯᠭᠠᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ |