| | | | | ᠬᠦᠴᠢᠷ ᠪᠡᠷᠬᠡᠰᠢᠶᠡᠯ ᠢ ᠢᠯᠠᠨ ᠳᠠᠪᠠᠵᠤ ᠠᠶᠠᠨ ᠵᠠᠮ ᠢᠶᠠᠨ ᠡᠬᠢᠯᠡᠭᠦᠯᠵᠦ᠂ ᠵᠠᠭᠤᠨ ᠵᠢᠯ ᠤᠨ ᠤᠷᠤᠭᠰᠢᠯᠠᠯᠲᠠ ᠶᠢᠨ | ᠰᠢᠨ᠎ᠡ ᠬᠠᠭᠤᠳᠠᠰᠤ ᠶᠢ ᠪᠢᠴᠢᠭᠯᠡᠨ᠎ᠡ᠃ ᠨᠠᠮ ᠪᠠᠶᠢᠭᠤᠯᠤᠭᠳᠠᠭᠰᠠᠨ 101 ᠵᠢᠯ ᠤᠨ ᠤᠢ ᠶᠢ ᠪᠠᠶᠠᠷᠯᠠᠨ ᠤᠭᠲᠤᠵᠤ | ᠪᠠᠶᠢᠭ᠎ᠠ ᠲᠠᠰᠢᠷᠠᠮ ᠢᠶᠠᠷ᠂ ᠵᠠᠯᠠᠨ ᠠᠶᠢᠯ ᠬᠤᠳᠠ ᠶᠢᠨ ᠨᠠᠮ ᠤᠨ ᠬᠤᠷᠢᠶ᠎ᠠ ᠠᠴᠠ ᠬᠤᠳᠠ ᠶᠢᠨ ᠨᠠᠮ ᠪᠠ ᠤᠯᠠᠨ | ᠲᠦᠮᠡᠨ ᠤ ᠦᠢᠯᠡᠴᠢᠯᠡᠭᠡᠨ ᠤ ᠲᠥᠪ ᠲᠤ ᠭᠠᠵᠠᠷ ᠤᠨ ᠲᠡᠰ ᠤᠨ ᠤᠳᠤᠷᠢᠳᠬᠤ ᠺᠠᠳ᠋ᠷᠴᠤᠳ ᠤᠨ ︽ᠡᠭᠦᠷᠢᠳᠡ ᠨᠠᠮ | ᠢᠶᠠᠨ ᠲᠠᠭᠠᠵᠦ ᠰᠢᠨ᠎ᠡ ᠠᠶᠠᠨ ᠳᠠᠭᠠᠨ ᠡᠷᠡᠯᠬᠡᠭᠯᠡᠨ ᠤᠷᠤᠭᠰᠢᠯᠠᠶ᠎ᠠ︾ ᠭᠡᠬᠦ ᠭᠤᠣᠯ ᠰᠡᠳᠦᠪᠲᠦ ᠨᠠᠮ ᠤᠨ ᠡᠳᠦᠷ ᠤᠨ | ᠬᠦᠳᠡᠯᠭᠡᠭᠡᠨ ᠢ ᠵᠣᠬᠢᠶᠠᠨ ᠪᠠᠶᠢᠭᠤᠯᠤᠨ ᠥᠷᠨᠢᠭᠦᠯᠵᠦ᠂ ᠨᠠᠮ ᠳᠤ ᠣᠷᠣᠬᠤ ᠲᠠᠩᠭᠠᠷᠢᠭ ᠤᠨ ᠦᠭᠡᠰ ᠢ ᠲᠠᠬᠢᠨ | ᠰᠠᠨᠠᠭᠠᠯᠵᠠᠵᠤ᠂ ᠬᠤᠪᠢᠰᠬᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠡᠷᠡᠯᠬᠡᠭᠯᠡᠨ ᠤᠷᠤᠭᠰᠢᠯᠠᠬᠤ ᠬᠦᠴᠦᠨ ᠢ | ᠰᠢᠩᠭᠡᠭᠡᠨ ᠠᠪᠤᠪᠠ᠃ ᠬᠤᠳᠠ ᠶᠢᠨ ᠤᠳᠤᠷᠢᠳᠤᠯᠭ᠎ᠠ ᠪᠠᠢ ᡁᠢ ᠵᠢᠶᠦ᠋ᠨ᠂ ᠰᠦᠨ ᠰᠢᠤ ᠹᠸᠢ᠂ ᠢᠦᠢ ᠫᠢᠩ ᠨᠡᠷ | ᠬᠦᠳᠡᠯᠭᠡᠭᠡᠨ ᠳᠤ ᠣᠷᠣᠯᠴᠠᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ | ᠴᠠᠭᠠᠵᠠ ᠶᠢᠨ ᠬᠤᠷᠢᠶᠠᠨ ᠤ ᠱᠦᠵᠢ ᠵᠠᠩ ᠯᠢ ᠵᠢᠶᠦ᠋ᠨ ᠨᠥᠬᠦᠷ ᠬᠦᠳᠡᠯᠭᠡᠭᠡᠨ ᠢ ᠡᠷᠭᠢᠯᠡᠪᠡ᠃ | | ᠬᠦᠳᠡᠯᠭᠡᠭᠡᠨ ᠤ ᠳᠤᠮᠳᠠ᠂ ᠪᠠᠢ ᡁᠢ ᠵᠢᠶᠦ᠋ᠨ ᠤ ᠳᠠᠭᠠᠭᠤᠯᠭ᠎ᠠ ᠪᠠᠷ᠂ ᠤᠯᠠᠨ ᠢᠶᠠᠷ ᠢᠶᠠᠨ ᠳᠤᠮᠳᠠᠳᠤ ᠤᠯᠤᠰ ᠤᠨ | ᠡᠪ ᠬᠠᠮᠲᠤ ᠨᠠᠮ ᠤᠨ ᠲᠤᠭ ᠤᠨ ᠡᠮᠦᠨ᠎ᠡ ᠪᠠᠷᠠᠭᠤᠨ ᠨᠢᠳᠤᠷᠭ᠎ᠠ ᠪᠠᠨ ᠡᠷᠭᠦᠵᠦ᠂ ᠴᠡᠭᠡᠵᠢ ᠲᠡᠨᠢᠢᠨ ᠲᠥᠪ | ᠴᠢᠩᠭ᠎ᠠ ᠪᠠᠷ ᠲᠠᠩᠭᠠᠷᠢᠭᠯᠠᠵᠤ᠂ ᠨᠠᠮ ᠤᠨ ᠦᠢᠯᠡᠰ ᠤᠨ ᠲᠥᠯᠥᠭᠡ ᠨᠠᠰᠤ ᠪᠠᠷ ᠢᠶᠠᠨ ᠲᠡᠮᠡᠴᠡᠬᠦ ᠵᠣᠷᠢᠭ ᠢᠶᠠᠨ | ᠢᠯᠡᠳᠬᠡᠵᠦ᠂ ᠨᠠᠮ ᠳᠠᠭᠠᠨ ᠦᠨᠡᠨᠴᠢ ᠰᠢᠳᠤᠷᠭᠤ᠂ ᠠᠷᠠᠳ ᠲᠦᠮᠡᠨ ᠳᠤ ᠦᠢᠯᠡᠴᠢᠯᠡᠬᠦ ᠡᠷᠡᠰ ᠪᠠᠲᠤ ᠠᠮᠠᠯᠠᠯᠲᠠ ᠪᠠᠨ | ᠳᠡᠪᠰᠢᠭᠦᠯᠵᠡᠢ᠃ | | ᠪᠠᠶ ᡁᠢ ᠵᠢᠶᠦ᠋ᠨ᠂ ᠪᠦᠬᠦ ᠬᠤᠲᠠ ᠶᠢᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠢᠯᠠᠩᠭᠤᠶ᠎ᠠ ᠭᠠᠵᠠᠷ ᠤᠨ | ᠳᠡᠰ ᠤᠨ ᠤᠳᠤᠷᠢᠳᠬᠤ ᠨᠥᠬᠦᠳ ᠨᠠᠮ ᠤᠨ ᠲᠤᠭ ᠢᠶᠠᠷ ᠲᠤᠭ ᠪᠣᠯᠭᠠᠵᠤ᠂ ᠨᠠᠮ ᠤᠨ ᠵᠣᠷᠢᠭ ᠰᠠᠨᠠᠭ᠎ᠠ ᠪᠠᠷ ᠵᠣᠷᠢᠭ | ᠰᠠᠨᠠᠭ᠎ᠠ ᠪᠠᠨ ᠪᠣᠯᠭᠠᠵᠤ᠂ ᠨᠠᠮ ᠳᠤ ᠣᠷᠣᠬᠤ ᠲᠠᠩᠭᠠᠷᠢᠭ ᠤᠨ ᠦᠭᠡ ᠪᠠᠨ ᠢᠮᠠᠭᠲᠠ ᠪᠠᠲᠤ ᠴᠡᠭᠡᠵᠢᠯᠡᠵᠦ᠂ ᠰᠢ ᠶᠢᠨ | ᠫᠢᠩ ᠶᠡᠷᠦᠩᠬᠡᠶ ᠱᠦᠵᠢ ᠶᠢᠨ ᠴᠢᠩ ᠰᠡᠳᠬᠢᠯ ᠤᠨ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠷᠠᠳ ᠲᠦᠮᠡᠨ ᠢᠶᠠᠷ | ᠭᠤᠣᠯ ᠪᠣᠯᠭᠠᠬᠤ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ | ᠪᠠᠨ ᠡᠷᠡᠰ ᠰᠢᠭᠤᠷᠬᠠᠶ ᠪᠠᠷ ᠤᠷᠤᠭᠰᠢᠯᠠᠨ ᠳᠠᠪᠰᠢᠬᠤ ᠴᠤᠭ ᠰᠦᠯᠳᠡ ᠪᠣᠯᠤᠨ ᠰᠢᠷᠭᠠᠭᠤ ᠬᠠᠲᠠᠭᠤᠵᠢᠯᠲᠠᠶ | ᠠᠵᠢᠯᠯᠠᠬᠤ ᠶᠢᠨ ᠤᠭ ᠬᠥᠳᠡᠯᠭᠡᠬᠦ ᠬᠦᠴᠦᠨ ᠪᠣᠯᠭᠠᠵᠤ᠂ ︽ᠠᠮᠢ ᠠᠬᠤᠶ ᠶᠢ ᠲᠡᠷᠢᠭᠦᠨ ᠳᠤ ᠲᠠᠯᠪᠢᠵᠤ ᠪᠣᠬᠢᠷᠲᠤᠯ | ᠥᠬᠡᠶ ᠬᠥᠭᠵᠢᠭᠦᠯᠬᠦ︾ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ | ᠰᠠᠶᠢᠲᠤᠷ ᠵᠠᠮᠨᠠᠵᠤ᠂ ︽ᠪᠣᠬᠢᠷᠲᠤᠯ ᠥᠬᠡᠶ ᠪᠠᠷ ᠬᠥᠭᠵᠢᠨ ᠮᠠᠨᠳᠤᠬᠤ᠂ ᠠᠷᠠᠳ ᠢ ᠪᠠᠶᠠᠵᠢᠭᠤᠯᠤᠨ ᠬᠤᠲᠠ ᠶᠢ | ᠬᠦᠴᠦᠷᠬᠡᠭᠵᠢᠭᠦᠯᠬᠦ᠂ ᠬᠥᠭᠵᠢᠯ ᠴᠡᠴᠡᠭᠯᠡᠯ ᠢ ᠬᠠᠮᠲᠤᠪᠠᠷ ᠡᠳ᠋ᠯᠡᠬᠦ︾ ᠬᠥᠭᠵᠢᠯᠲᠡ ᠶᠢᠨ ᠠᠯᠬᠤᠴᠠ ᠶᠢ ᠲᠦᠷᠭᠡᠳᠬᠡᠨ᠂ | ᠪᠥᠬᠦ ᠰᠡᠳᠬᠢᠯ ᠪᠥᠬᠦ ᠬᠦᠴᠦᠨ ᠢᠶᠠᠷ ᠢᠶᠠᠨ ᠵᠠᠯᠠᠨ ᠠᠶᠢᠯ ᠢ ᠨᠡᠷ᠎ᠡ ᠨᠢᠳᠡᠷ ᠲᠡᠭᠡᠨ ᠨᠡᠶᠢᠴᠡᠭᠰᠡᠨ ᠬᠥᠯᠥᠨ ᠪᠤᠶᠢᠷ ᠤᠨ | ᠳᠡᠳ᠋ ᠲᠥᠪ ᠬᠤᠲᠠ᠂ ᠯᠢᠩᠳᠤᠩ ᠭᠠᠵᠠᠷ ᠣᠷᠣᠨ ᠤ ᠴᠢᠨᠠᠷ ᠰᠠᠶᠢᠲᠠᠶ ᠬᠥᠭᠵᠢᠯᠲᠡ ᠶᠢᠨ ᠥᠯᠢᠭᠡᠷ ᠳᠠᠭᠤᠷᠢᠶᠠᠯ | ᠪᠣᠯᠭᠠᠨ ᠪᠥᠲᠥᠭᠡᠨ ᠪᠠᠶᠢᠭᠤᠯᠤᠨ᠎ᠠ ᠭᠡᠵᠡᠢ᠃ | | ᠬᠦᠳᠡᠯᠭᠡᠭᠡᠨ ᠤ ᠳᠤᠮᠳᠠ᠂ ᠣᠯᠠᠨ ᠢᠶᠠᠷ ᠢᠶᠠᠨ ᠪᠠᠰᠠ ᠬᠤᠲᠠ ᠶᠢᠨ ᠱᠠᠲᠤᠨ ᠤ ᠨᠠᠮ ᠪᠠ ᠣᠯᠠᠨ ᠲᠦᠮᠡᠨ ᠤ | ᠦᠢᠯᠡᠴᠢᠯᠡᠭᠡᠨ ᠤ ᠲᠥᠪ ᠤᠨ ᠡᠯ᠎ᠡ ᠨᠠᠮᠴᠢ ᠴᠢᠨᠠᠷ ᠤᠨ ᠬᠥᠮᠦᠵᠢᠯ ᠤᠨ ᠦᠵᠡᠭᠦᠯᠦᠯᠭᠡ ᠶᠢᠨ ᠲᠢᠩᠬᠢᠮ ᠪᠠ | ᠴᠢᠳᠠᠮᠵᠢᠳᠤ ᠣᠷᠣᠨ ᠢᠶᠠᠷ ᠲᠣᠭᠤᠷᠢᠨ ᠦᠵᠡᠵᠦ᠂ ᠨᠠᠮ ᠤᠨ ᠵᠠᠭᠤᠨ ᠵᠢᠯ ᠤᠨ ᠲᠡᠮᠡᠴᠡᠯ ᠤᠨ ᠥᠩᠭᠡᠷᠡᠯᠲᠡ ᠶᠢ ᠳᠠᠬᠢᠨ | ᠡᠷᠭᠢᠴᠡᠭᠦᠯᠵᠦ᠂ ᠵᠠᠯᠠᠨ ᠠᠶᠢᠯ ᠤᠨ ᠲᠡᠤᠬᠡ ᠶᠢᠨ ᠬᠤᠪᠢᠰᠤᠯᠲᠠ ᠶᠢ ᠤᠶᠢᠯᠠᠭᠠᠨ᠂ ᠨᠠᠮ ᠤᠨ ᠤᠳᠤᠷᠢᠳᠤᠯᠭ᠎ᠠ | ᠳᠣᠤᠷᠠᠬᠢ ᠵᠠᠯᠠᠨ ᠠᠶᠢᠯ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠬᠤᠪᠢᠷᠠᠯᠲᠠ ᠶᠢ ᠡᠷᠭᠢᠴᠡᠭᠦᠯᠪᠡ᠃ | ᠪᠠᠢ ᡁᠢ ᠵᠢᠶᠦ᠋ᠨ᠂ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠢ ᠰᠠᠶᠢᠲᠤᠷ ᠡᠷᠬᠢᠯᠡᠵᠤ ᠪᠣᠳᠠᠲᠠᠢ ᠬᠢᠵᠦ᠂ | ᠡᠯ᠎ᠡ ᠱᠠᠲᠤᠨ ᠤ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠢ ᠦᠨᠡᠨᠬᠦ ᠦᠨᠳᠦᠰᠦᠨ ᠱᠠᠲᠤᠨ ᠤ ᠨᠠᠮ | ᠤᠨ ᠪᠠᠶᠢᠭᠤᠯᠤᠯᠲᠠ ᠶᠢ ᠳᠡᠮᠵᠢᠬᠦ ︽ᠬᠤᠪᠢᠰᠬᠠᠯ ᠤᠨ ᠵᠢᠭᠰᠠᠭᠠᠯ ᠤᠨ ᠭᠠᠵᠠᠷ︾᠂ ᠨᠡᠶᠢᠭᠡᠮ ᠤᠨ ᠵᠠᠰᠠᠯᠲᠠ ᠶᠢ | ᠤᠳᠤᠷᠢᠳᠬᠤ ︽ᠪᠠᠲᠤ ᠪᠠᠬᠢ ᠪᠠᠬᠢᠯᠡᠯᠲᠡ︾ ᠪᠣᠯᠤᠨ ᠨᠠᠮ ᠤᠨ ᠭᠡᠰᠢᠭᠦᠨ ᠤᠯᠠᠨ ᠲᠦᠮᠡᠨ ᠳᠤ ᠦᠢᠯᠡᠴᠢᠯᠡᠬᠦ ︽ | ᠬᠠᠯᠠᠭᠤᠨ ᠳᠤᠯᠠᠭᠠᠨ ᠭᠡᠷ ᠣᠷᠣᠨ︾ ᠪᠣᠯᠭᠠᠨ ᠪᠦᠳᠦᠬᠡᠨ ᠪᠠᠶᠢᠭᠤᠯᠬᠤ ᠬᠡᠷᠡᠭᠲᠡᠢ ᠭᠡᠵᠦ ᠢᠯᠡᠳᠬᠡᠪᠡ᠃ |