ᠮᠠᠨ ᠤ ᠬᠤᠲᠠ ᠶᠢᠨ ᠣᠶ ᠰᠢᠭᠤᠶ ᠡᠪᠡᠰᠦᠨ ᠤ ᠡᠭᠦᠯᠳᠡᠷ ᠤᠨ ᠡᠬᠢ ᠪᠠᠶᠠᠯᠢᠭ ᠤᠨ ᠨᠡᠶᠢᠳᠡᠮ ᠪᠠᠶᠢᠴᠠᠭᠠᠯᠲᠠ ᠶᠢᠨ | ᠠᠵᠢᠯ ᠢ ᠰᠠᠶᠢᠲᠤᠷ ᠬᠢᠬᠦ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ | ᠨᠤᠲᠤᠭ ᠪᠡᠯᠴᠢᠭᠡᠷ ᠤᠨ ᠲᠣᠪᠴᠢᠶ᠎ᠠ ᠶᠢᠨ ︽ᠠᠩᠬᠠᠳᠤᠭᠠᠷ ᠤᠳᠠᠭᠠᠨ ᠤ ᠪᠦᠬᠦ ᠣᠷᠣᠨ ᠤ ᠣᠶ ᠰᠢᠭᠤᠶ ᠡᠪᠡᠰᠦᠨ ᠤ | ᠦᠷ᠎ᠡ ᠡᠳ᠋ ᠤᠨ ᠡᠬᠢ ᠪᠠᠶᠠᠯᠢᠭ ᠢ ᠨᠡᠶᠢᠳᠡᠮ ᠪᠠᠶᠢᠴᠠᠭᠠᠬᠤ ᠪᠠ ᠴᠤᠭᠯᠠᠭᠤᠯᠬᠤ ᠶᠡᠷᠦᠩᠬᠡᠶ ᠲᠥᠰᠦᠯ ᠢ ᠳᠠᠷᠤᠮᠠᠯᠯᠠᠨ | ᠶᠠᠪᠤᠭᠤᠯᠬᠤ ᠲᠤᠬᠠᠶ ᠮᠡᠳᠡᠭᠳᠡᠯ︾ ᠢ ᠦᠨᠳᠦᠰᠦᠯᠡᠨ᠂ ᠬᠥᠯᠥᠨ ᠪᠤᠶᠢᠷ ᠬᠤᠲᠠ ᠶᠢᠨ ᠣᠶ ᠰᠢᠭᠤᠶ ᠡᠪᠡᠰᠦ | ᠪᠡᠯᠴᠢᠭᠡᠷ ᠤᠨ ᠲᠣᠪᠴᠢᠶ᠎ᠠ ︽ᠬᠥᠯᠥᠨ ᠪᠤᠶᠢᠷ ᠬᠤᠲᠠ ᠶᠢᠨ ᠣᠶ ᠰᠢᠭᠤᠶ ᠡᠪᠡᠰᠦ ᠪᠡᠯᠴᠢᠭᠡᠷ ᠤᠨ ᠦᠷ᠎ᠡ ᠡᠳ᠋ ᠤᠨ | ᠡᠬᠢ ᠪᠠᠶᠠᠯᠢᠭ ᠤᠨ ᠨᠡᠶᠢᠳᠡᠮ ᠪᠠᠶᠢᠴᠠᠭᠠᠯᠲᠠ ᠶᠢᠨ ᠬᠡᠷᠡᠭᠵᠢᠭᠦᠯᠬᠦ ᠲᠥᠰᠦᠯ︾ ᠢ ᠨᠠᠶᠢᠷᠠᠭᠤᠯᠤᠨ ᠵᠣᠬᠢᠶᠠᠵᠤ᠂ ᠬᠥᠯᠥᠨ | ᠪᠤᠶᠢᠷ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠠᠵᠢᠯ ᠤᠶᠢᠯᠡᠰ ᠤᠨ | ᠬᠥᠭᠵᠢᠯᠲᠡ ᠶᠢᠨ ᠲᠥᠪ ᠤᠨ ᠳᠡᠳ᠋ ᠡᠷᠬᠢᠯᠡᠭᠴᠢ ᠫᠢᠶᠣᠣ ᠵᠧ ᠬᠤᠤ ᠪᠦᠯᠬᠦᠮ ᠳᠠᠭᠠᠭᠤᠯᠤᠨ ᠵᠠᠯᠠᠨ ᠠᠶᠢᠯ ᠬᠤᠲᠠ ᠳᠤ | ᠬᠦᠷᠴᠦ ᠤᠷᠭᠤᠮᠠᠯ ᠤᠨ ᠨᠡᠶᠢᠳᠡᠮ ᠪᠠᠶᠢᠴᠠᠭᠠᠯᠲᠠ ᠶᠢᠨ ᠠᠵᠢᠯ ᠬᠢᠵᠡᠶ᠃ | | ᠣᠶ ᠰᠢᠭᠤᠶ ᠡᠪᠡᠰᠦᠨ ᠤ ᠦᠷ᠎ᠡ ᠡᠳ᠋ ᠤᠨ ᠡᠬᠢ ᠪᠠᠶᠠᠯᠢᠭ ᠢ ᠨᠡᠶᠢᠳᠡᠮ ᠪᠠᠶᠢᠴᠠᠭᠠᠬᠤ ᠪᠠ ᠬᠤᠷᠢᠶᠠᠨ | ᠴᠤᠭᠯᠠᠭᠤᠯᠬᠤ ᠠᠵᠢᠯ ᠪᠣᠯ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠨᠢᠭᠡ ᠵᠤᠶᠢᠯ ᠤᠨ ᠴᠢᠬᠤᠯᠠ | ᠠᠷᠭ᠎ᠠ ᠬᠡᠮᠵᠢᠶ᠎ᠡ ᠮᠥᠨ᠂ ᠠᠯᠢᠪᠠ ᠬᠦᠴᠢᠷᠳᠡᠯ ᠢ ᠢᠯᠠᠨ ᠳᠠᠪᠠᠵᠤ᠂ ᠰᠠᠯᠠᠭ᠎ᠠ ᠮᠥᠴᠢᠷ ᠤᠨ ᠵᠣᠬᠢᠴᠠᠭᠤᠯᠭ᠎ᠠ᠂ | ᠮᠡᠷᠭᠡᠵᠢᠯ ᠤᠨ ᠬᠠᠮᠵᠢᠯᠴᠠᠭ᠎ᠠ ᠶᠢ ᠴᠢᠩᠭᠠᠳᠬᠠᠨ᠂ ᠨᠢᠭᠡᠨᠲᠡ ᠪᠠᠶᠢᠭ᠎ᠠ ᠨᠡᠶᠢᠳᠡᠮ ᠪᠠᠶᠢᠴᠠᠭᠠᠯᠲᠠ ᠶᠢᠨ ᠦᠷ᠎ᠡ | ᠪᠦᠲᠦᠭᠡᠯ ᠢ ᠭᠦᠢᠴᠡᠳ ᠡᠮᠬᠢᠯᠡᠨ ᠨᠡᠶᠢᠯᠡᠭᠦᠯᠦᠭᠰᠡᠨ ᠰᠠᠭᠤᠷᠢᠨ ᠳᠡᠭᠡᠷ᠎ᠡ᠂ ᠬᠠᠷᠠᠬᠠᠨ ᠡᠵᠡᠮᠰᠢᠭᠡᠳᠦᠶ ᠡᠬᠢ | ᠪᠠᠶᠠᠯᠢᠭ ᠤᠨ ᠨᠡᠶᠢᠳᠡᠮ ᠪᠠᠶᠢᠴᠠᠭᠠᠯᠲᠠ ᠳᠤ ᠬᠦᠴᠦᠨ ᠢᠶᠠᠨ ᠲᠥᠪᠯᠡᠷᠡᠭᠦᠯᠦᠨ ᠣᠷᠣᠭᠤᠯᠵᠤ᠂ ᠨᠡᠶᠢᠳᠡᠮ | ᠪᠠᠶᠢᠴᠠᠭᠠᠯᠲᠠ ᠶᠢᠨ ᠠᠵᠢᠯ ᠤᠨ ᠴᠢᠨᠠᠷ ᠰᠠᠶᠢᠲᠠᠶ ᠪᠡᠶᠡᠯᠡᠭᠳᠡᠬᠦ ᠶᠢ ᠦᠨᠡᠨᠬᠦ ᠪᠠᠲᠤᠯᠠᠬᠤ ᠬᠡᠷᠡᠭᠲᠡᠶ᠃ ᠲᠣᠰ ᠭᠠᠵᠠᠷ | ᠣᠷᠣᠨ ᠤ ᠡᠬᠢ ᠪᠠᠶᠠᠯᠢᠭ ᠤᠨ ᠣᠨᠴᠠᠯᠢᠭ ᠢ ᠬᠢᠨᠠᠮᠠᠭᠠᠶ ᠵᠠᠳᠠᠯᠵᠤ᠂ ᠪᠥᠬᠦ ᠲᠠᠯ᠎ᠠ ᠪᠠᠷ ᠨᠡᠶᠢᠳᠡᠮ ᠪᠠᠶᠢᠴᠠᠭᠠᠬᠤ ᠶᠢᠨ | ᠬᠠᠮᠲᠤ᠂ ᠰᠢᠯᠢᠳᠡᠭ ᠡᠬᠢ ᠪᠠᠶᠠᠯᠢᠭ ᠪᠠ ᠣᠨᠴᠠ ᠬᠤᠪᠣᠷ ᠴᠤᠬᠠᠭ ᠡᠬᠢ ᠪᠠᠶᠠᠯᠢᠭ ᠢ ᠴᠤᠭᠯᠠᠭᠤᠯᠬᠤ᠂ | ᠬᠠᠳᠠᠭᠠᠯᠠᠬᠤ ᠶᠢ ᠭᠤᠤᠯᠳᠠᠯᠭ᠎ᠠ ᠲᠠᠢ ᠴᠢᠩᠭᠠᠳᠬᠠᠵᠤ᠂ ᠨᠡᠶᠢᠳᠡᠮ ᠪᠠᠶᠢᠴᠠᠭᠠᠯᠲᠠ ᠶᠢᠨ ᠡᠭᠦᠷᠭᠡ ᠪᠠᠨ ᠴᠢᠨᠠᠷ ᠰᠠᠶᠢᠲᠠᠶ | ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠤᠨ ᠭᠠᠷᠴᠠᠭ ᠢ | ᠤᠷᠢᠳᠴᠢᠯᠠᠨ ᠲᠥᠯᠥᠪᠵᠢᠭᠦᠯᠵᠦ᠂ ᠬᠠᠮᠤᠭ ᠡᠴᠦᠰ ᠲᠤ ᠨᠡᠶᠢᠳᠡᠮ ᠪᠠᠶᠢᠴᠠᠭᠠᠯᠲᠠ ᠶᠢᠨ ᠶᠡᠷᠦᠩᠬᠡᠶ ᠦᠷ᠎ᠡ ᠪᠦᠲᠦᠭᠡᠯ | ᠪᠣᠯᠤᠨ ᠡᠯ᠎ᠡ ᠲᠥᠷᠥᠯ ᠤᠨ ᠳᠠᠪᠠᠭᠤᠯᠢᠭ ᠡᠬᠢ ᠪᠠᠶᠠᠯᠢᠭ ᠤᠨ ᠲᠤᠰᠬᠠᠶ ᠲᠥᠷᠥᠯ ᠤᠨ ᠨᠡᠶᠢᠳᠡᠮ ᠪᠠᠶᠢᠴᠠᠭᠠᠯᠲᠠ ᠶᠢᠨ | ᠦᠷ᠎ᠡ ᠪᠦᠲᠦᠭᠡᠯ ᠢ ᠪᠦᠷᠢᠯᠳᠦᠭᠦᠯᠵᠦ᠂ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠮᠵᠢ ᠶᠢ ᠦᠨᠡᠨᠬᠦ ᠪᠠᠲᠤᠯᠠᠬᠤ | ᠬᠡᠷᠡᠭᠲᠡᠶ᠃ | | ᠲᠠᠷᠠᠭᠠᠴᠢ ᠶᠢᠨ ᠠᠯᠬᠤᠮ ᠳᠤ᠂ ᠣᠶ ᠰᠢᠭᠤᠶ ᠡᠪᠡᠰᠦᠨ ᠤ ᠦᠷ᠎ᠡ ᠡᠳ᠋ ᠤᠨ ᠡᠬᠢ ᠪᠠᠶᠠᠯᠢᠭ ᠤᠨ ᠨᠡᠶᠢᠳᠡᠮ ᠤᠨ | ᠪᠠᠶᠢᠴᠠᠭᠠᠯᠲᠠ ᠶᠢ ᠦᠷᠭᠦᠯᠵᠢᠯᠡᠨ ᠥᠷᠨᠢᠭᠦᠯᠵᠦ᠂ ᠣᠶ ᠰᠢᠭᠤᠶ ᠡᠪᠡᠰᠦᠨ ᠤ ᠦᠷ᠎ᠡ ᠡᠳ᠋ ᠤᠨ ᠡᠬᠢ ᠪᠠᠶᠠᠯᠢᠭ ᠤᠨ | ᠪᠠᠶᠢᠳᠠᠯ ᠢ ᠲᠣᠳᠣᠷᠬᠠᠶ ᠣᠶᠢᠯᠠᠭᠠᠵᠤ᠂ ᠰᠢᠨᠵᠢᠯᠡᠬᠦ ᠤᠬᠠᠭᠠᠨᠴᠢ ᠪᠠᠷ ᠬᠠᠳᠠᠭᠠᠯᠠᠬᠤ᠂ ᠵᠦᠶ ᠵᠣᠬᠢᠰᠲᠠᠶ ᠠᠰᠢᠭᠯᠠᠬᠤ ᠶᠢ | ᠴᠢᠩᠭᠠᠳᠬᠠᠬᠤ ᠪᠣᠯ ᠠᠮᠢ ᠠᠬᠤᠶ ᠶᠢᠨ ᠠᠮᠤᠷ ᠲᠦᠪᠰᠢᠨ ᠢ ᠬᠠᠮᠠᠭᠠᠯᠠᠬᠤ ᠴᠢᠬᠤᠯᠠ ᠪᠥᠬᠦᠶ ᠠᠷᠭ᠎ᠠ ᠬᠡᠮᠵᠢᠶ᠎ᠡ ᠮᠥᠨ᠃ | ᠨᠡᠶᠢᠳᠡᠮ ᠪᠠᠶᠢᠴᠠᠭᠠᠯᠲᠠ ᠪᠣᠯᠤᠨ ᠴᠤᠭᠯᠠᠭᠤᠯᠬᠤ ᠶᠢ ᠵᠡᠷᠭᠡᠪᠡᠷ ᠥᠷᠨᠢᠭᠦᠯᠬᠦ᠂ ᠨᠡᠶᠢᠳᠡᠮ ᠪᠠᠶᠢᠴᠠᠭᠠᠯᠲᠠ ᠪᠣᠯᠤᠨ | ᠣᠳᠣ ᠶᠢᠨ ᠦᠷ᠎ᠡ ᠪᠦᠲᠦᠭᠡᠯ ᠢ ᠨᠢᠭᠲᠠ ᠤᠶᠠᠯᠳᠤᠭᠤᠯᠬᠤ ᠵᠠᠷᠴᠢᠮ ᠶᠣᠰᠣᠭᠠᠷ᠂ ᠵᠠᠯᠠᠨ ᠠᠶᠢᠯ ᠬᠤᠲᠠ ᠶᠢᠨ ᠣᠶ | ᠰᠢᠭᠤᠶ ᠡᠪᠡᠰᠦᠨ ᠤ ᠦᠷ᠎ᠡ ᠡᠳ᠋ ᠤᠨ ᠡᠬᠢ ᠪᠠᠶᠠᠯᠢᠭ ᠤᠨ ᠰᠠᠭᠤᠷᠢ ᠶᠢ ᠲᠣᠳᠣᠷᠬᠠᠶ ᠣᠶᠢᠯᠠᠭᠠᠵᠤ᠂ ᠤᠷᠭᠤᠮᠠᠯ ᠤᠨ | ᠦᠷ᠎ᠡ ᠡᠳ᠋ ᠤᠨ ᠡᠬᠢ ᠪᠠᠶᠠᠯᠢᠭ ᠢ ᠠᠮᠤᠷ ᠲᠦᠪᠰᠢᠨ ᠢᠶᠠᠷ ᠬᠠᠳᠠᠭᠠᠯᠠᠬᠤ ᠳᠤ᠂ ︽ᠠᠩᠬᠠᠳᠤᠭᠠᠷ ᠤᠳᠠᠭᠠᠨ ᠤ ᠪᠥᠬᠦ | ᠣᠷᠣᠨ ᠤ ᠣᠶ ᠰᠢᠭᠤᠶ ᠡᠪᠡᠰᠦᠨ ᠤ ᠦᠷ᠎ᠡ ᠡᠳ᠋ ᠤᠨ ᠡᠬᠢ ᠪᠠᠶᠠᠯᠢᠭ ᠢ ᠨᠡᠶᠢᠳᠡᠮ ᠪᠠᠶᠢᠴᠠᠭᠠᠬᠤ ᠪᠠ ᠬᠤᠷᠢᠶᠠᠨ | ᠴᠤᠭᠯᠠᠭᠤᠯᠬᠤ ᠶᠡᠷᠦᠩᠬᠡᠶ ᠲᠥᠰᠦᠯ ᠤᠨ ᠮᠡᠳᠡᠭᠳᠡᠯ︾ ︽ᠬᠥᠯᠥᠨ ᠪᠤᠶᠢᠷ ᠬᠤᠲᠠ ᠶᠢᠨ ᠣᠶ ᠰᠢᠭᠤᠶ ᠡᠪᠡᠰᠦᠨ ᠤ | ᠦᠷ᠎ᠡ ᠡᠳ᠋ ᠤᠨ ᠡᠬᠢ ᠪᠠᠶᠠᠯᠢᠭ ᠢ ᠨᠡᠶᠢᠳᠡᠮ ᠪᠠᠶᠢᠴᠠᠭᠠᠬᠤ ᠶᠢᠨ ᠬᠡᠷᠡᠭᠵᠢᠭᠦᠯᠬᠦ ᠲᠥᠰᠦᠯ︾ ᠵᠡᠷᠭᠡ ᠬᠤᠯᠪᠣᠭᠳᠠᠯ | ᠪᠥᠬᠦᠶ ᠮᠡᠷᠭᠡᠵᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠨᠡᠶᠢᠳᠡᠮ ᠪᠠᠶᠢᠴᠠᠭᠠᠬᠤ ᠠᠵᠢᠯ ᠢ ᠥᠷᠨᠢᠭᠦᠯᠵᠦ᠂ | ᠬᠤᠲᠠ ᠶᠢᠨ ᠣᠶ ᠰᠢᠭᠤᠶ ᠡᠪᠡᠰᠦᠨ ᠤ ᠦᠷ᠎ᠡ ᠡᠳ᠋ ᠤᠨ ᠡᠬᠢ ᠪᠠᠶᠠᠯᠢᠭ ᠢ ᠨᠡᠶᠢᠳᠡᠮ ᠪᠠᠶᠢᠴᠠᠭᠠᠬᠤ ᠪᠠ ᠬᠤᠷᠢᠶᠠᠨ | ᠴᠤᠭᠯᠠᠭᠤᠯᠬᠤ ᠠᠵᠢᠯ ᠢ ᠴᠢᠨᠠᠷ ᠰᠠᠶᠢᠲᠠᠶ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ |