ᠰᠤᠷᠭᠠᠭᠤᠯᠢ ᠶᠢᠨ ᠬᠦᠷᠢᠶᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠣᠷ ᠢ ᠤᠯᠠᠮ ᠨᠢᠭᠡ ᠠᠯᠬᠤᠮ | ᠪᠠᠲᠤ ᠪᠠᠬᠢ ᠰᠦᠯᠵᠢᠵᠦ᠂ ᠪᠠᠭᠰᠢ ᠰᠤᠷᠤᠭᠴᠢᠳ ᠤᠨ ᠡᠷᠡᠭᠦᠯ ᠮᠡᠨᠳᠦ ᠶᠢᠨ ᠠᠮᠤᠷ ᠲᠦᠪᠰᠢᠨ ᠢ ᠰᠠᠬᠢᠨ ᠬᠠᠮᠠᠭᠠᠯᠠᠵᠤ | ᠂ ᠤᠢᠢᠷ᠎ᠠ ᠶᠢᠨ ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠴᠢ ᠰᠤᠷᠭᠠᠭᠤᠯᠢ ᠶᠢᠨ | ᠬᠦᠷᠢᠶᠡᠨ ᠤ ᠠᠮᠤᠷ ᠲᠦᠪᠰᠢᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ᠂ ᠬᠤᠷᠠᠯ ᠤᠨ ᠵᠣᠷᠢᠭ ᠰᠠᠨᠠᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 8 ᠰᠠᠷ᠎ᠠ ᠶᠢᠨ 15 ᠤ ᠡᠳᠦᠷ᠂ ᠵᠠᠯᠠᠨ ᠠᠶᠢᠯ | ᠬᠤᠳᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠬᠡᠰᠡᠭ ᠣᠨ ᠤ ᠰᠤᠷᠭᠠᠭᠤᠯᠢ ᠡᠬᠢᠯᠡᠭᠰᠡᠨ ᠨᠢᠭᠡᠳᠦᠭᠡᠷ | ᠳᠤᠮᠳᠠᠳᠤ ᠰᠤᠷᠭᠠᠭᠤᠯᠢ᠂ ᠬᠤᠶᠠᠳᠤᠭᠠᠷ ᠳᠤᠮᠳᠠᠳᠤ ᠰᠤᠷᠭᠠᠭᠤᠯᠢ ᠵᠢᠴᠢ ᠠᠵᠢᠯ ᠮᠡᠷᠭᠡᠵᠢᠯ ᠤᠨ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠴᠢ ᠰᠤᠷᠭᠠᠭᠤᠯᠢ ᠶᠢᠨ ᠬᠦᠷᠢᠶᠡᠨ ᠤ | ᠠᠮᠤᠷ ᠲᠦᠪᠰᠢᠨ ᠢ ᠬᠢᠨᠠᠨ ᠵᠢᠯᠣᠭᠤᠳᠴᠤ ᠪᠠᠶᠢᠴᠠᠭᠠᠬᠤ ᠠᠵᠢᠯ ᠢ ᠥᠷᠨᠢᠭᠦᠯᠵᠡᠢ᠃ | | ᠬᠢᠨᠠᠨ ᠵᠢᠯᠣᠭᠤᠳᠬᠤ ᠳᠤᠭᠤᠶᠢᠯᠠᠩ ᠤᠨ ᠬᠢᠨ ᠰᠤᠷᠭᠠᠭᠤᠯᠢ ᠶᠢᠨ ᠴᠠᠭᠳᠠᠭᠠᠨ ᠤ ᠶᠠᠪᠤᠳᠠᠯ ᠤᠨ ᠲᠠᠰᠤᠭ ᠤᠨ | ᠪᠦᠲᠦᠭᠡᠨ ᠪᠠᠶᠢᠭᠤᠯᠤᠯᠲᠠ᠂ ᠬᠤᠭᠤᠯᠠᠨ ᠭᠡᠷ ᠤᠨ ᠬᠠᠮᠢᠶᠠᠷᠤᠯᠲᠠ᠂ ᠵᠢᠭᠠᠨ ᠰᠤᠷᠭᠠᠯᠲᠠ ᠶᠢᠨ ᠠᠰᠠᠷ᠂ ᠪᠠᠶᠢᠷᠢ ᠵᠡᠷᠭᠡ | ᠭᠤᠣᠯᠳᠠᠯᠭ᠎ᠠ ᠲᠠᠢ ᠣᠷᠣᠨ ᠪᠦᠰᠡ ᠪᠠ ᠲᠠᠯᠠᠪᠤᠷ ᠭᠠᠵᠠᠷ ᠲᠤ ᠨᠠᠷᠢᠨ ᠨᠢᠮᠪᠠᠶ ᠪᠠᠶᠢᠴᠠᠭᠠᠯᠲᠠ ᠬᠢᠵᠦ᠂ | ᠰᠤᠷᠭᠠᠭᠤᠯᠢ ᠶᠢᠨ ᠥᠷᠯᠥᠭᠡ ᠪᠠ ᠦᠳᠡ ᠶᠢᠨ ᠪᠠᠶᠢᠴᠠᠭᠠᠯᠲᠠ᠂ ᠤᠰᠠᠳᠤᠭᠰᠠᠨ ᠲᠡᠮᠳᠡᠭᠯᠡᠯ᠂ ᠡᠷᠡᠭᠦᠯ ᠮᠡᠨᠳᠦ ᠶᠢᠨ | ᠲᠠᠩᠰᠠ ᠡᠪᠬᠡᠮᠡᠯ ᠵᠡᠷᠭᠡ ᠮᠠᠲ᠋ᠧᠷᠢᠶᠠᠯ ᠢ ᠪᠠᠶᠢᠴᠠᠭᠠᠨ ᠦᠵᠡᠵᠦ᠂ ᠲᠠᠷᠬᠠᠭᠠᠨ ᠶᠠᠪᠤᠭᠤᠯᠬᠤ ᠵᠠᠮ ᠰᠠᠭᠠᠳ ᠥᠬᠡᠶ | ᠪᠠᠶᠢᠬᠤ ᠡᠰᠡᠬᠦ᠂ ᠭᠠᠯ ᠤᠨᠲᠠᠷᠠᠭᠠᠬᠤ ᠲᠥᠬᠦᠭᠡᠷᠦᠮᠵᠢ ᠬᠡᠪ ᠤᠨ ᠪᠠᠶᠢᠬᠤ ᠡᠰᠡᠬᠦ᠂ ᠡᠳ᠋ ᠪᠣᠳᠠᠰ ᠤᠨ ᠨᠥᠭᠡᠴᠡ | ᠭᠦᠢᠴᠡᠳ ᠪᠠᠶᠢᠬᠤ ᠡᠰᠡᠬᠦ ᠵᠡᠷᠭᠡ ᠪᠠᠶᠢᠳᠠᠯ ᠢ ᠪᠠᠶᠢᠴᠠᠭᠠᠨ ᠦᠵᠡᠵᠦ᠂ ᠰᠤᠷᠭᠠᠭᠤᠯᠢ ᠶᠢ ᠪᠠᠶᠢᠴᠠᠭᠠᠯᠲᠠ ᠶᠢᠨ ᠳᠤᠮᠳᠠ | ᠣᠯᠵᠤ ᠮᠡᠳᠡᠭᠰᠡᠨ ᠠᠰᠠᠭᠤᠳᠠᠯ ᠢ ᠳᠠᠷᠦ᠋ᠢᠬᠠᠨ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠬᠤᠶᠢᠰᠢᠳᠠ ᠶᠢᠨ | ᠠᠵᠢᠯ ᠤᠨ ᠳᠤᠮᠳᠠ ᠪᠠᠨ ᠨᠢᠭᠡ ᠠᠴᠠ ᠵᠤᠶᠢᠴᠢᠯᠡᠵᠤ ᠨᠦᠬᠦᠭᠡ ᠶᠢ ᠮᠡᠳᠡᠵᠦ᠂ ᠥᠪᠡᠷ ᠢᠶᠠᠨ ᠪᠠᠶᠢᠴᠠᠭᠠᠵᠤ | ᠥᠪᠡᠷ ᠢᠶᠠᠨ ᠵᠠᠯᠠᠷᠠᠭᠤᠯᠵᠤ᠂ ᠳᠠᠷᠦ᠋ᠢᠬᠠᠨ ᠬᠡᠷᠡᠭᠵᠢᠭᠦᠯᠵᠦ ᠳᠠᠷᠦ᠋ᠢᠬᠠᠨ ᠥᠭᠡᠷᠡᠴᠢᠯᠡᠵᠦ᠂ ᠳᠠᠷᠦ᠋ᠢᠬᠠᠨ ᠮᠡᠳᠡᠵᠦ | ᠪᠠᠶᠢᠭᠠᠳ ᠳᠠᠷᠦ᠋ᠢᠬᠠᠨ ᠥᠭᠡᠷᠡᠴᠢᠯᠡᠬᠦ ᠬᠡᠷᠡᠭᠲᠡᠶ ᠭᠡᠵᠦ ᠱᠠᠭᠠᠷᠳᠠᠪᠠ᠃ | | ᠰᠢᠪᠠᠳᠠᠨ ᠪᠠᠶᠢᠴᠠᠭᠠᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠰᠤᠷᠭᠠᠭᠤᠯᠢ ᠨᠤᠭᠤᠳ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠵᠢᠴᠢ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ︽ᠥᠨᠴᠥᠭ ᠪᠤᠯᠤᠩ ᠢ ᠴᠤ ᠠᠯᠳᠠᠬᠤ ᠥᠬᠡᠶ᠂ ᠳᠠᠯᠳᠠ ᠬᠡᠮ ᠦᠯᠡᠳᠡᠭᠡᠬᠦ ᠥᠬᠡᠶ︾ | ᠪᠠᠶᠢᠬᠤ ᠪᠠᠷ ᠵᠠᠷᠴᠢᠮ ᠪᠣᠯᠭᠠᠵᠤ᠂ ︽ᠳᠠᠯᠳᠠ ᠬᠡᠮ ᠢ ᠡᠷᠢᠬᠦ᠂ ᠠᠯᠳᠠᠰᠢ ᠭᠠᠷᠬᠤ ᠶᠢ ᠬᠤᠷᠢᠭᠯᠠᠬᠤ︾ ᠪᠠᠷ ᠭᠤᠤᠯ | ᠠᠭᠤᠯᠭ᠎ᠠ ᠪᠣᠯᠭᠠᠵᠤ᠂ ᠡᠯ᠎ᠡ ᠵᠤᠶᠢᠯ ᠤᠨ ᠠᠵᠢᠯ ᠤᠨ ᠲᠣᠭᠲᠠᠴᠠ ᠶᠢ ᠨᠠᠷᠢᠯᠢᠬᠵᠢᠭᠤᠯᠵᠤ᠂ ᠰᠡᠷᠭᠡᠶᠢᠯᠡᠨ ᠡᠵᠡᠮᠳᠡᠬᠦ | ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠬᠤ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠵᠢᠴᠢ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ︽ᠲᠤᠩᠭᠠᠯᠠᠭ ᠡᠳᠦᠷ ᠰᠢᠬᠦᠷ ᠲᠠᠢ᠂ | ᠪᠡᠯᠡᠳᠬᠡᠯ ᠲᠠᠢ ᠪᠣᠯ ᠪᠠᠯᠠᠳᠠᠬᠤ ᠥᠬᠡᠶ︾ ᠪᠣᠯᠭᠠᠬᠤ ᠤᠬᠠᠮᠰᠠᠷ ᠲᠠᠢ ᠪᠠᠶᠢᠵᠤ᠂ ᠳᠡᠭᠡᠳᠦ ᠬᠡᠮᠵᠢᠶᠡᠨ ᠤ | ᠬᠠᠷᠢᠭᠤᠴᠠᠯᠭᠠᠲᠤ ᠰᠡᠳᠬᠢᠯᠭᠡ ᠪᠠᠷ ᠨᠢᠭᠡᠳᠦᠭᠡᠷ ᠹᠷᠣᠨᠲ ᠢ ᠪᠠᠲᠤ ᠰᠠᠬᠢᠵᠤ᠂ ᠥᠷᠭᠡᠨ ᠣᠯᠠᠨ ᠪᠠᠭᠰᠢ | ᠰᠤᠷᠤᠭᠴᠢᠳ ᠤᠨ ᠡᠷᠡᠭᠦᠯ ᠮᠡᠨᠳᠦ ᠠᠮᠤᠷ ᠲᠦᠪᠰᠢᠨ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ | ᠡᠮᠬᠢ ᠵᠢᠷᠤᠮ ᠲᠠᠢ ᠶᠠᠪᠤᠭᠳᠠᠬᠤ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃ |