ᠳᠡᠭᠡᠳᠦ ᠱᠠᠲᠤᠨ ᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠨᠠᠷᠢᠨ ᠬᠢᠨᠠᠮᠠᠭᠠᠶ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠪᠠᠯᠭᠠᠰᠤᠨ ᠤ ᠬᠤᠳᠠᠯᠳᠤᠭᠠᠨ ᠤ ᠡᠷᠦᠬᠡ ᠶᠢᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠬᠠᠮᠢᠶᠠᠷᠤᠯᠲᠠ ᠶᠢ ᠴᠢᠩᠭᠠᠳᠬᠠᠨ᠂ ᠠᠶᠤᠯᠭᠦᠶ | ᠤᠶᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠬᠤ ᠶᠢᠨ ᠲᠥᠯᠥᠭᠡ᠂ 8 ᠰᠠᠷ᠎ᠠ ᠶᠢᠨ 15 ᠤ ᠡᠳᠦᠷ᠂ | ᠪᠠᠯᠭᠠᠰᠤᠨ ᠤ ᠳᠡᠳ᠋ ᠳᠠᠷᠤᠭ᠎ᠠ ᠯᠢᠦ ᠴᠠᠩ ᠠᠮᠤᠷ ᠲᠦᠪᠰᠢᠨ ᠤ ᠪᠠᠶᠢᠭᠤᠯᠤᠯᠲᠠ ᠶᠢᠨ ᠠᠯᠪᠠᠨ ᠬᠡᠷ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠢ ᠳᠠᠭᠠᠭᠤᠯᠤᠨ ᠬᠠᠷᠢᠶ᠎ᠠ ᠣᠷᠣᠨ ᠤ ᠪᠠᠨ ᠬᠤᠳᠠᠯᠳᠤᠭᠠᠨ ᠤ | ᠡᠷᠦᠬᠡ ᠳᠤ ᠠᠶᠤᠯᠭᠦᠶ ᠤᠶᠢᠯᠡᠳᠪᠦᠷᠢᠯᠡᠯ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠢᠨᠠᠯᠲᠠ ᠪᠠᠶᠢᠴᠠᠭᠠᠯᠲᠠ | ᠬᠢᠪᠠ᠃ | | ᠪᠠᠶᠢᠴᠠᠭᠠᠬᠤ ᠶᠠᠪᠤᠴᠠ ᠳᠤ᠂ ᠵᠠᠷᠯᠢᠭᠳᠠᠵᠤ ᠪᠠᠶᠢᠭᠠᠳ ᠴᠡᠭᠴᠡᠯᠡᠨ ᠰᠠᠶᠢᠵᠢᠷᠠᠭᠤᠯᠬᠤ ᠪᠠᠷ ᠪᠠᠭᠤᠯᠭᠠᠭᠰᠠᠨ | ᠬᠤᠳᠠᠯᠳᠤᠭᠠᠨ ᠤ ᠡᠷᠦᠬᠡ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠭᠤᠤᠯᠳᠠᠯᠭ᠎ᠠ ᠲᠠᠢ | ᠳᠠᠬᠢᠨ ᠪᠠᠶᠢᠴᠠᠭᠠᠵᠤ᠂ ᠪᠠᠶᠢᠴᠠᠭᠠᠬᠤ ᠪᠠᠷ ᠳᠡᠮᠵᠢᠨ᠂ ᠬᠤᠳᠠᠯᠳᠤᠭᠠᠨ ᠤ ᠡᠷᠦᠬᠡ ᠪᠣᠶ ᠪᠥᠬᠦᠶ ᠣᠷᠣᠰᠢᠵᠤ ᠪᠠᠶᠢᠭ᠎ᠠ | ᠠᠰᠠᠭᠤᠳᠠᠯ ᠢ ᠨᠢᠭᠡᠨᠲᠡ ᠪᠦᠬᠦᠨ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠨ᠎ᠠ᠃ ᠬᠠᠷᠢᠶᠠᠲᠤ ᠣᠷᠣᠨ ᠤ | ᠬᠤᠳᠠᠯᠳᠤᠭᠠᠨ ᠤ ᠡᠷᠦᠬᠡ ᠶᠢᠨ ᠠᠶᠤᠯᠭᠦᠶ ᠦᠢᠯᠡᠳᠪᠦᠷᠢᠯᠡᠯ᠂ ︽ᠲᠠᠯᠠᠪᠤᠷ ᠭᠠᠵᠠᠷ ᠤᠨ ᠨᠣᠮᠧᠷ︾᠂ ᠳᠡᠯᠭᠡᠭᠦᠷ ᠲᠤ | ᠣᠷᠣᠵᠤ ᠠᠮᠠᠪᠴᠢ ᠵᠡᠭᠦᠬᠦ᠂ ᠪᠡᠶ᠎ᠡ ᠶᠢᠨ ᠳᠤᠯᠠᠭᠠᠨ ᠢ ᠬᠡᠮᠵᠢᠬᠦ᠂ ᠣᠷᠴᠢᠨ ᠲᠣᠭᠤᠷᠢᠨ ᠢ ᠠᠷᠢᠭᠤᠳᠬᠠᠬᠤ ᠵᠡᠷᠭᠡ | ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ | ᠪᠠᠶᠢᠴᠠᠭᠠᠵᠤ᠂ ᠡᠭᠦᠨ ᠤ ᠬᠠᠮᠲᠤ ᠬᠤᠳᠠᠯᠳᠤᠭᠠᠨ ᠤ ᠡᠷᠦᠬᠡ ᠶᠢ ᠰᠢᠪᠠᠳᠠᠵᠤ ᠪᠠᠶᠢᠭᠠᠳ ᠣᠳᠣᠬᠠᠨ ᠤ ᠠᠶᠤᠯᠭᠦᠶ | ᠦᠢᠯᠡᠳᠪᠦᠷᠢᠯᠡᠯ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠬᠦᠨᠳᠦ ᠬᠡᠴᠡᠭᠦᠦ ᠪᠠᠶᠢᠳᠠᠯ ᠢ | ᠣᠨᠣᠪᠴᠢᠲᠠᠶ ᠡᠵᠡᠮᠰᠢᠭᠦᠯᠵᠦ᠂ ᠲᠦᠭᠰᠢᠭᠦᠷᠢ ᠶᠢᠨ ᠤᠬᠠᠮᠰᠠᠷ ᠢᠶᠠᠨ ᠨᠡᠮᠡᠭᠳᠡᠭᠦᠯᠦᠨ᠂ ᠦᠷᠭᠦᠯᠵᠢᠯᠡᠨ ᠪᠠᠶᠢᠯᠳᠤᠬᠤ | ᠵᠣᠷᠢᠭ ᠰᠠᠨᠠᠭ᠎ᠠ ᠶᠢ ᠪᠠᠳᠠᠷᠠᠭᠤᠯᠵᠤ᠂ ᠮᠢᠨᠴᠦᠭᠦᠷᠡᠬᠦ ᠦᠵᠡᠯ ᠰᠠᠨᠠᠭ᠎ᠠ᠂ ᠠᠵᠠ ᠵᠠᠪᠰᠢᠶᠠᠨ ᠢ ᠡᠷᠢᠬᠦ ᠰᠡᠳᠬᠢᠴᠡ᠂ | ᠰᠤᠯᠠᠷᠠᠬᠤ ᠰᠡᠳᠬᠢᠯᠭᠡ ᠶᠢ ᠡᠷᠡᠰ ᠲᠡᠪᠴᠢᠵᠦ᠂ ᠠᠶᠤᠯᠭᠦᠶ ᠦᠢᠯᠡᠳᠪᠦᠷᠢᠯᠡᠯ ᠤᠨ ᠠᠵᠢᠯ ᠪᠠ ᠬᠢᠵᠢᠭ ᠤᠨ ᠪᠠᠶᠢᠳᠠᠯ ᠢ | ᠰᠡᠷᠭᠡᠶᠢᠯᠡᠨ ᠬᠢᠵᠠᠭᠠᠷᠯᠠᠬᠤ ᠠᠵᠢᠯ ᠢ ᠰᠤᠯᠠᠷᠠᠭᠤᠯᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ | | ᠳᠠᠷᠠᠭᠠᠴᠢ ᠶᠢᠨ ᠠᠯᠬᠤᠮ ᠳᠤ᠂ ᠳ᠋ᠠ ᠾᠧ ᠸᠠᠨ ᠪᠠᠯᠭᠠᠰᠤ ᠶᠢᠨ ᠬᠢᠨ ᠬᠠᠷᠢᠶ᠎ᠠ ᠣᠷᠣᠨ ᠤ ᠠᠵᠤ ᠠᠬᠤᠶᠢᠯᠠᠯ᠂ | ᠬᠤᠳᠠᠯᠳᠤᠭᠠᠨ ᠤ ᠫᠦᠰᠡ ᠶᠢᠨ ᠠᠶᠤᠯᠭᠦᠢ ᠦᠢᠯᠡᠳᠪᠦᠷᠢᠯᠡᠯ ᠪᠣᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠢᠨᠠᠯᠲᠠ ᠪᠠᠶᠢᠴᠠᠭᠠᠯᠲᠠ ᠶᠢ ᠦᠷᠭᠦᠯᠵᠢᠯᠡᠨ | ᠥᠷᠨᠢᠭᠦᠯᠵᠦ᠂ ᠬᠠᠷᠢᠶ᠎ᠠ ᠣᠷᠣᠨ ᠤ ᠬᠤᠳᠠᠯᠳᠤᠭᠠᠨ ᠤ ᠡᠷᠦᠬᠡ ᠶᠢᠨ ᠠᠮᠤᠷ ᠲᠦᠪᠰᠢᠨ ᠤ ᠮᠡᠳᠡᠯᠭᠡ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠤᠬᠠᠭᠤᠯᠭ᠎ᠠ ᠶᠢ ᠴᠢᠩᠭᠠᠳᠬᠠᠵᠤ᠂ ᠠᠮᠤᠷ ᠲᠦᠪᠰᠢᠨ ᠤ ᠭᠡᠮ | ᠰᠣᠭᠤᠭ ᠢ ᠪᠠᠶᠢᠴᠠᠭᠠᠬᠤ ᠠᠵᠢᠯ ᠪᠣᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠢᠳᠡᠪᠬᠢᠲᠡᠢ | ᠰᠠᠶᠢᠲᠤᠷ ᠬᠢᠵᠦ᠂ ᠪᠦᠬᠦ ᠪᠠᠯᠭᠠᠰᠤᠨ ᠤ ᠰᠠᠭᠤᠭᠠᠯᠢ ᠠᠷᠠᠳ ᠲᠤ ᠠᠮᠤᠷ ᠲᠦᠪᠰᠢᠨ ᠣᠷᠣᠨ ᠰᠠᠭᠤᠴᠠ ᠶᠢᠨ ᠣᠷᠴᠢᠨ | ᠲᠣᠭᠤᠷᠢᠨ ᠢ ᠪᠤᠢ ᠪᠣᠯᠭᠠᠵᠤ ᠥᠭᠭᠦᠨ᠎ᠡ᠃ |