ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠠᠵᠢᠯ ᠢ ᠯᠠᠪᠳᠠᠭᠤᠨ | ᠪᠠᠲᠤᠲᠠᠢ ᠠᠬᠢᠭᠤᠯᠵᠤ᠂ ᠬᠠᠪᠰᠤᠷᠤᠨ ᠲᠡᠳᠬᠦᠬᠦ ᠬᠦᠴᠦᠨ ᠢ ᠴᠢᠨᠠᠭᠰᠢᠳᠠ ᠨᠢᠭᠲᠠᠷᠠᠭᠤᠯᠵᠤ᠂ ᠬᠠᠪᠰᠤᠷᠤᠨ ᠲᠡᠳᠬᠦᠬᠦ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠢᠶᠠᠩ ᠶᠠᠩ ᠲᠣᠰᠬᠤᠨ ᠤ ᠨᠠᠮ ᠤᠨ ᠬᠤᠷᠢᠶ᠎ᠠ᠂ ᠲᠣᠰᠬᠤᠨ ᠳᠤ | ᠰᠠᠭᠤᠭ᠎ᠠ ᠠᠵᠢᠯᠯᠠᠬᠤ ᠠᠩᠬᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠺᠠᠳ᠋ᠷ ᠤᠨ ᠠᠵᠢᠯ ᠤᠨ ᠰᠤᠷᠲᠠᠯ ᠢ | ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠺᠠᠳ᠋ᠷ ᠤᠨ ᠴᠢᠳᠠᠪᠤᠷᠢ ᠪᠣᠯᠤᠨ ᠲᠦᠪᠰᠢᠨ ᠢ | ᠳᠡᠭᠡᠭᠰᠢᠯᠡᠭᠦᠯᠬᠦ ᠶᠢᠨ ᠲᠦᠯᠦᠭᠡ᠃ 8 ᠰᠠᠷ᠎ᠠ ᠶᠢᠨ 15 ᠤ ᠡᠳᠦᠷ᠂ ᠰᠢᠶᠠᠩ ᠶᠠᠩ ᠵᠡᠭᠡᠯᠢ ᠭᠤᠳᠤᠮᠵᠢ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠤᠳᠤᠷᠢᠳᠬᠤ ᠺᠠᠳ᠋ᠷ ᠤᠨ ᠴᠢᠳᠠᠪᠤᠷᠢ ᠶᠢ ᠳᠡᠭᠡᠭᠰᠢᠯᠡᠭᠦᠯᠬᠦ | ᠪᠣᠯᠪᠠᠰᠤᠷᠠᠯ ᠤᠨ ᠠᠩᠬᠢ ᠡᠷᠬᠢᠯᠡᠪᠡ᠃ ᠬᠤᠷᠠᠯ ᠢ ᠰᠢᠶᠠᠩ ᠶᠠᠩ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ | ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢ ᠰᠢᠨ ᠡᠷᠭᠢᠯᠡᠵᠦ᠂ | ᠰᠢᠶᠠᠩ ᠶᠠᠩ ᠭᠠᠴᠠᠭᠠᠨ ᠤ ᠨᠠᠮ ᠤᠨ ᠬᠤᠷᠢᠶᠠᠨ ᠤ ᠱᠦᠵᠢ ᠶᠠᠩ ᠳ᠋ᠧ ᠹᠠ᠂ ᠲᠣᠰᠬᠤᠨ ᠳᠤ ᠰᠠᠭᠤᠭ᠎ᠠ ᠱᠦᠵᠢ | ᠴᠢᠦᠶ ᠵᠢᠩ ᠪᠣᠯᠤᠨ ᠰᠢᠶᠠᠩ ᠶᠠᠩ ᠭᠠᠴᠠᠭᠠᠨ ᠤ ᠪᠦᠬᠦ ᠠᠵᠢᠯᠲᠠᠳ ᠲᠤᠰ ᠤᠳᠠᠭᠠᠨ ᠤ ᠪᠣᠯᠪᠠᠰᠤᠷᠠᠭᠤᠯᠤᠯ ᠳᠤ | ᠣᠷᠣᠯᠴᠠᠪᠠ᠃ | | ᠲᠣᠰ ᠤᠳᠠᠭᠠᠨ ᠤ ᠪᠣᠯᠪᠠᠰᠤᠷᠠᠭᠤᠯᠤᠯ ᠳᠤ ᠭᠤᠤᠯᠳᠠᠭᠤ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ | ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠠᠵᠢᠯ ᠤᠨ ᠲᠣᠭᠤᠷᠢᠨ ᠳᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠭᠤᠤᠯᠳᠠᠯᠭ᠎ᠠ ᠲᠠᠢ ᠠᠵᠢᠯ ᠤᠨ ᠠᠭᠤᠯᠭ᠎ᠠ᠂ ᠲᠣᠰᠬᠤᠨ ᠤ ᠨᠢᠭᠡᠳᠦᠭᠡᠷ ᠱᠦᠵᠢ᠂ ᠲᠣᠰᠬᠤᠨ ᠳᠤ | ᠰᠠᠭᠤᠭ᠎ᠠ ᠺᠠᠳ᠋ᠷᠴᠤᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠭᠤᠤᠯᠳᠠᠯᠭ᠎ᠠ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠵᠤ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠠᠵᠢᠯ ᠤᠨ ᠬᠠᠮᠢᠶᠠᠷᠤᠯᠲᠠ ᠶᠢᠨ | ᠬᠢᠨᠠᠨ ᠰᠢᠯᠭᠠᠬᠤ ᠠᠷᠭ᠎ᠠ ᠵᠡᠷᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠦᠨ ᠲᠤᠰᠬᠠᠶ ᠰᠡᠳᠦᠪᠲᠦ ᠬᠠᠪᠰᠤᠷᠤᠨ | ᠵᠢᠯᠣᠭᠤᠳᠣᠯᠭ᠎ᠠ ᠪᠠ ᠨᠠᠷᠢᠨ ᠲᠠᠶᠢᠯᠤᠮᠵᠢ ᠬᠢᠪᠠ᠃ | | ᠲᠣᠰ ᠤᠳᠠᠭᠠᠨ ᠤ ᠪᠣᠯᠪᠠᠰᠤᠷᠠᠭᠤᠯᠤᠯ ᠤᠨ ᠠᠭᠤᠯᠭ᠎ᠠ ᠨᠢ ᠡᠯᠪᠡᠭ ᠪᠠᠶᠠᠯᠢᠭ᠂ ᠬᠠᠨᠳᠤᠯᠭᠠᠲᠤ ᠴᠢᠨᠠᠷ ᠢᠶᠠᠷ ᠴᠢᠩᠭ᠎ᠠ | ᠪᠠᠶᠢᠵᠤ᠂ ᠰᠤᠷᠤᠭᠴᠢᠳ ᠤᠨ ᠬᠡᠯᠡᠬᠦ ᠪᠠᠷ᠂ ᠪᠣᠯᠪᠠᠰᠤᠷᠠᠯ ᠨᠢ ᠴᠠᠭ ᠲᠠᠭᠠᠨ ᠮᠠᠰᠢ ᠳᠣᠭᠢᠷᠠᠵᠤ᠂ ᠤᠮᠳᠠᠭᠠᠰᠬᠤ ᠶᠢ | ᠮᠠᠰᠢ ᠲᠠᠶᠢᠯᠤᠨ᠂ ᠮᠠᠰᠢ ᠶᠡᠭᠡ ᠬᠡᠷᠡᠭᠴᠡᠭᠡ ᠲᠠᠢ ᠪᠠᠶᠢᠨ᠎ᠠ᠂ ᠭᠤᠶᠢᠳᠠ ᠰᠠᠶᠢᠬᠠᠨ ᠪᠣᠯᠪᠠᠰᠤᠷᠠᠭᠤᠯᠤᠯ ᠤᠨ ᠬᠢᠴᠢᠶᠡᠯ ᠢ | ᠰᠣᠨᠣᠰᠬᠤ ᠪᠠᠷ ᠳᠡᠮᠵᠢᠨ᠂ ᠰᠡᠳᠬᠢᠴᠡ ᠪᠠᠨ ᠥᠷᠭᠡᠳᠬᠡᠨ᠂ ᠴᠢᠳᠠᠪᠤᠷᠢ ᠪᠠᠨ ᠳᠡᠭᠡᠭᠰᠢᠯᠡᠭᠦᠯᠵᠦ᠂ ᠬᠠᠷᠠᠯᠲᠠ ᠡᠭᠦᠷᠭᠡ | ᠪᠠ ᠠᠵᠢᠯ ᠤᠨ ᠭᠤᠤᠯᠳᠠᠯᠭ᠎ᠠ ᠪᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ ᠬᠤᠶᠢᠰᠢᠳᠠ ᠶᠢᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠴᠢᠷᠮᠠᠶᠢᠬᠤ ᠴᠢᠭᠯᠡᠯ ᠢ ᠣᠨᠣᠪᠴᠢᠲᠠᠶ ᠡᠷᠢᠵᠦ ᠣᠯᠤᠭᠰᠠᠨ | ᠪᠠᠶᠢᠨ᠎ᠠ᠃ ᠪᠣᠯᠪᠠᠰᠤᠷᠠᠯ ᠲᠡᠭᠦᠰᠦᠭᠰᠡᠨ ᠤ ᠳᠠᠷᠠᠭ᠎ᠠ᠂ ᠨᠠᠷᠢᠨ ᠬᠢᠨᠠᠮᠠᠭᠠᠢ ᠰᠢᠩᠭᠡᠭᠡᠨ ᠠᠪᠴᠤ᠂ ᠳᠤᠮᠳᠠ ᠠᠴᠠ ᠨᠢ | ᠰᠢᠮ᠎ᠡ ᠲᠡᠵᠢᠭᠡᠯ ᠰᠢᠩᠭᠡᠭᠡᠨ ᠠᠪᠴᠤ᠂ ᠪᠣᠯᠪᠠᠰᠤᠷᠠᠯ ᠤᠨ ᠮᠡᠳᠡᠯᠭᠡ ᠶᠢ ᠦᠳᠲᠡᠷ ᠲᠦᠷᠭᠡᠨ ᠠᠵᠢᠯ ᠤᠨ ᠦᠢᠯᠡᠳᠦᠯᠭᠡ | ᠪᠣᠯᠭᠠᠨ ᠬᠤᠪᠢᠷᠠᠭᠤᠯᠵᠤ᠂ ᠠᠵᠢᠯ ᠢᠶᠠᠨ ᠰᠠᠶᠢᠲᠤᠷ ᠬᠢᠬᠦ ᠦᠵᠡᠯ ᠰᠠᠨᠠᠭᠠᠨ ᠤ ᠤᠬᠠᠮᠰᠠᠷ ᠪᠠ ᠠᠵᠢᠯᠯᠠᠭ᠎ᠠ ᠶᠢᠨ | ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠰᠢᠶᠠᠩ ᠶᠠᠩ ᠲᠣᠰᠬᠤᠨ ᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠠᠵᠢᠯ ᠤᠨ ᠬᠥᠭᠵᠢᠯᠲᠡ ᠳᠤ ᠲᠠᠬᠢᠨ ᠰᠢᠨ᠎ᠡ ᠭᠠᠪᠢᠶ᠎ᠠ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ | ᠃ |