ᠰᠢᠶᠠᠩ ᠶᠠᠩ ᠵᠡᠭᠡᠯᠢ ᠭᠤᠳᠤᠮᠵᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠤᠳᠤᠷᠢᠳᠬᠤ ᠺᠠᠳ᠋ᠷ ᠤᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠶᠢ ᠡᠷᠬᠢᠯᠡᠪᠡ
ᠨᠡᠶᠢᠲᠡᠯᠡᠭᠰᠡᠨ ᠴᠠᠭ᠄
2022/8/18
  ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠬᠠᠪᠰᠤᠷᠤᠨ ᠲᠡᠳᠬᠦᠬᠦ ᠬᠦᠴᠦᠨ ᠢ ᠴᠢᠨᠠᠭᠰᠢᠳᠠ ᠨᠢᠭᠲᠠᠷᠠᠭᠤᠯᠵᠤ ᠂ ᠬᠠᠪᠰᠤᠷᠤᠨ ᠲᠡᠳᠬᠦᠬᠦ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠢᠶᠠᠩ ᠶᠠᠩ ᠲᠣᠰᠬᠤᠨ ᠤ ᠨᠠᠮ ᠤᠨ  ᠬᠤᠷᠢᠶ᠎ᠠ᠂ ᠲᠣᠰᠬᠤᠨ ᠳᠤ ᠰᠠᠭᠤᠭ᠎ᠠ ᠠᠵᠢᠯᠯᠠᠬᠤ ᠠᠩᠬᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠺᠠᠳ᠋ᠷ ᠤᠨ ᠠᠵᠢᠯ ᠤᠨ ᠰᠤᠷᠲᠠᠯ ᠢ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠺᠠᠳ᠋ᠷ ᠤᠨ ᠴᠢᠳᠠᠪᠤᠷᠢ ᠪᠣᠯᠤᠨ ᠲᠦᠪᠰᠢᠨ ᠢ ᠳᠡᠭᠡᠭᠰᠢᠯᠡᠭᠦᠯᠬᠦ  ᠶᠢᠨ ᠲᠦᠯᠦᠭᠡ᠃ 8 ᠰᠠᠷ᠎ᠠ ᠶᠢᠨ 15      ᠤ ᠡᠳᠦᠷ᠂ ᠰᠢᠶᠠᠩ ᠶᠠᠩ ᠵᠡᠭᠡᠯᠢ ᠭᠤᠳᠤᠮᠵᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠤᠳᠤᠷᠢᠳᠬᠤ ᠺᠠᠳ᠋ᠷ ᠤᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠬᠢ ᠡᠷᠬᠢᠯᠡᠪᠡ᠃ ᠬᠤᠷᠠᠯ ᠢ ᠰᠢᠶᠠᠩ ᠶᠠᠩ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢ ᠰᠢᠨ ᠡᠷᠭᠢᠯᠡᠵᠦ᠂ ᠰᠢᠶᠠᠩ ᠶᠠᠩ ᠭᠠᠴᠠᠭᠠᠨ ᠤ ᠨᠠᠮ ᠤᠨ ᠬᠤᠷᠢᠶᠠᠨ ᠤ ᠱᠦᠵᠢ ᠶᠠᠩ ᠳ᠋ᠧ  ᠹᠠ᠂ ᠲᠣᠰᠬᠤᠨ ᠳᠤ ᠰᠠᠭᠤᠭ᠎ᠠ ᠱᠦᠵᠢ ᠴᠢᠦᠶ ᠵᠢᠩ ᠪᠣᠯᠤᠨ ᠰᠢᠶᠠᠩ ᠶᠠᠩ ᠭᠠᠴᠠᠭᠠᠨ ᠤ ᠪᠦᠬᠦ ᠠᠵᠢᠯᠲᠠᠳ ᠲᠤᠰ ᠤᠳᠠᠭᠠᠨ ᠤ ᠪᠣᠯᠪᠠᠰᠤᠷᠠᠭᠤᠯᠤᠯ ᠳᠤ ᠣᠷᠣᠯᠴᠠᠪᠠ᠃   ᠲᠣᠰ ᠤᠳᠠᠭᠠᠨ ᠤ ᠪᠣᠯᠪᠠᠰᠤᠷᠠᠭᠤᠯᠤᠯ ᠳᠤ ᠭᠤᠤᠯᠳᠠᠭᠤ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ  ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠠᠵᠢᠯ ᠤᠨ ᠲᠣᠭᠤᠷᠢᠨ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯᠳᠠᠯᠭ᠎ᠠ ᠲᠠᠢ ᠠᠵᠢᠯ ᠤᠨ ᠠᠭᠤᠯᠭ᠎ᠠ᠂ ᠲᠣᠰᠬᠤᠨ ᠤ ᠨᠢᠭᠡᠳᠦᠭᠡᠷ ᠱᠦᠵᠢ᠂ ᠲᠣᠰᠬᠤᠨ ᠳᠤ ᠰᠠᠭᠤᠭ᠎ᠠ ᠺᠠᠳ᠋ᠷᠴᠤᠳ ᠤᠨ ᠲᠤᠰᠢᠶᠠᠯ ᠬᠠᠷᠢᠭᠤᠴᠠᠯᠭ᠎ᠠ ᠪᠠᠨ  ᠭᠦᠢᠴᠡᠳᠭᠡᠬᠦ ᠭᠤᠤᠯᠳᠠᠯᠭ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠵᠤ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠠᠵᠢᠯ ᠤᠨ ᠬᠠᠮᠢᠶᠠᠷᠤᠯᠲᠠ ᠶᠢᠨ ᠬᠢᠨᠠᠨ ᠰᠢᠯᠭᠠᠬᠤ ᠠᠷᠭ᠎ᠠ ᠵᠡᠷᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠦᠨ ᠲᠤᠰᠬᠠᠶ ᠰᠡᠳᠦᠪᠲᠦ ᠬᠠᠪᠰᠤᠷᠤᠨ ᠵᠢᠯᠣᠭᠤᠳᠣᠯᠭ᠎ᠠ ᠪᠠ ᠨᠠᠷᠢᠨ ᠲᠠᠶᠢᠯᠤᠮᠵᠢ ᠬᠢᠪᠠ᠃   ᠲᠣᠰ ᠤᠳᠠᠭᠠᠨ ᠤ ᠪᠣᠯᠪᠠᠰᠤᠷᠠᠭᠤᠯᠤᠯ ᠤᠨ ᠠᠭᠤᠯᠭ᠎ᠠ ᠨᠢ ᠡᠯᠪᠡᠭ ᠪᠠᠶᠠᠯᠢᠭ᠂ ᠬᠠᠨᠳᠤᠯᠭᠠᠲᠤ ᠴᠢᠨᠠᠷ ᠢᠶᠠᠷ ᠴᠢᠩᠭ᠎ᠠ ᠪᠠᠶᠢᠵᠤ᠂ ᠰᠤᠷᠤᠭᠴᠢᠳ ᠤᠨ ᠬᠡᠯᠡᠬᠦ ᠪᠠᠷ᠂ ᠪᠣᠯᠪᠠᠰᠤᠷᠠᠯ ᠨᠢ ᠴᠠᠭ ᠲᠠᠭᠠᠨ ᠮᠠᠰᠢ ᠳᠣᠭᠢᠷᠠᠵᠤ᠂ ᠤᠮᠳᠠᠭᠠᠰᠬᠤ ᠶᠢ ᠮᠠᠰᠢ ᠲᠠᠶᠢᠯᠤᠨ᠂ ᠮᠠᠰᠢ ᠶᠡᠭᠡ ᠬᠡᠷᠡᠭᠴᠡᠭᠡ ᠲᠠᠢ ᠪᠠᠶᠢᠨ᠎ᠠ᠂ ᠭᠤᠶᠢᠳᠠ ᠰᠠᠶᠢᠬᠠᠨ ᠪᠣᠯᠪᠠᠰᠤᠷᠠᠭᠤᠯᠤᠯ ᠤᠨ ᠬᠢᠴᠢᠶᠡᠯ ᠢ ᠰᠣᠨᠣᠰᠬᠤ ᠪᠠᠷ ᠳᠡᠮᠵᠢᠨ᠂ ᠰᠡᠳᠬᠢᠴᠡ ᠪᠠᠨ ᠥᠷᠭᠡᠳᠬᠡᠨ᠂ ᠴᠢᠳᠠᠪᠤᠷᠢ ᠪᠠᠨ ᠳᠡᠭᠡᠭᠰᠢᠯᠡᠭᠦᠯᠵᠦ᠂ ᠬᠠᠷᠠᠯᠲᠠ ᠡᠭᠦᠷᠭᠡ ᠪᠠ ᠠᠵᠢᠯ ᠤᠨ ᠭᠤᠤᠯᠳᠠᠯᠭ᠎ᠠ ᠪᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ ᠬᠤᠶᠢᠰᠢᠳᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠴᠢᠷᠮᠠᠶᠢᠬᠤ ᠴᠢᠭᠯᠡᠯ ᠢ ᠣᠨᠣᠪᠴᠢᠲᠠᠶ ᠡᠷᠢᠵᠦ ᠣᠯᠤᠭᠰᠠᠨ ᠪᠠᠶᠢᠨ᠎ᠠ᠃ ᠪᠣᠯᠪᠠᠰᠤᠷᠠᠯ ᠲᠡᠭᠦᠰᠦᠭᠰᠡᠨ ᠤ ᠳᠠᠷᠠᠭ᠎ᠠ᠂ ᠨᠠᠷᠢᠨ ᠬᠢᠨᠠᠮᠠᠭᠠᠢ ᠰᠢᠩᠭᠡᠭᠡᠨ ᠠᠪᠴᠤ᠂ ᠳᠤᠮᠳᠠ ᠠᠴᠠ ᠨᠢ ᠰᠢᠮ᠎ᠡ ᠲᠡᠵᠢᠭᠡᠯ ᠰᠢᠩᠭᠡᠭᠡᠨ ᠠᠪᠴᠤ᠂ ᠪᠣᠯᠪᠠᠰᠤᠷᠠᠯ ᠤᠨ ᠮᠡᠳᠡᠯᠭᠡ ᠶᠢ ᠦᠳᠲᠡᠷ ᠲᠦᠷᠭᠡᠨ ᠠᠵᠢᠯ ᠤᠨ ᠦᠢᠯᠡᠳᠦᠯᠭᠡ ᠪᠣᠯᠭᠠᠨ ᠬᠤᠪᠢᠷᠠᠭᠤᠯᠵᠤ᠂ ᠠᠵᠢᠯ ᠢᠶᠠᠨ ᠰᠠᠶᠢᠲᠤᠷ ᠬᠢᠬᠦ ᠦᠵᠡᠯ ᠰᠠᠨᠠᠭᠠᠨ ᠤ ᠤᠬᠠᠮᠰᠠᠷ ᠪᠠ ᠠᠵᠢᠯᠯᠠᠭ᠎ᠠ ᠶᠢᠨ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠰᠢᠶᠠᠩ ᠶᠠᠩ ᠲᠣᠰᠬᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠬᠥᠭᠵᠢᠯᠲᠡ ᠳᠤ ᠲᠠᠬᠢᠨ ᠰᠢᠨ᠎ᠡ ᠭᠠᠪᠢᠶ᠎ᠠ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ