ᠦᠵᠡᠮᠵᠢ ᠶᠢᠨ ᠣᠷᠣᠨ ᠤ ᠤᠶᠢᠯᠡᠴᠢᠯᠡᠭᠡᠨ ᠤ ᠴᠢᠨᠠᠷ ᠴᠢᠨᠰᠠᠭ᠎ᠠ ᠶᠢᠨ ᠲᠠᠰᠤᠷᠠᠯᠲᠠ ᠥᠬᠡᠶ ᠳᠡᠭᠡᠭᠰᠢᠯᠡᠬᠦ ᠶᠢ | ᠳᠠᠭᠠᠯᠳᠤᠨ᠂ ᠦᠵᠡᠮᠵᠢ ᠶᠢᠨ ᠣᠷᠣᠨ ᠳᠤ ᠵᠤᠭᠠᠴᠠᠨ ᠲᠣᠭᠤᠷᠢᠬᠤ᠂ ᠰᠡᠯᠡᠭᠦᠴᠡᠨ ᠵᠤᠭᠠᠯᠠᠬᠤ ᠬᠤᠲᠠ ᠶᠢᠨ ᠠᠷᠠᠳ | ᠡᠳᠦᠷ ᠢᠷᠡᠬᠦᠶ᠎ᠡ ᠣᠯᠠᠰᠢᠷᠠᠵᠤ᠂ ᠡᠯ᠎ᠡ ᠲᠥᠷᠥᠯ ᠤᠨ ᠦᠵᠡᠮᠵᠢ ᠶᠢᠨ ᠣᠷᠣᠨ ᠤ ᠪᠣᠯᠪᠠᠰᠤᠨ ᠪᠤᠰᠤ ᠦᠵᠡᠭᠳᠡᠯ ᠴᠦ | ᠳᠠᠭᠠᠯᠳᠤᠨ ᠨᠡᠮᠡᠭᠳᠡᠵᠦ ᠪᠠᠶᠢᠨ᠎ᠠ᠃ ᠵᠣᠨ ᠤ ᠤᠯᠠᠷᠢᠯ ᠤᠨ ᠦᠵᠡᠮᠵᠢ ᠶᠢᠨ ᠣᠷᠣᠨ ᠤ ᠣᠨᠴᠠᠯᠢᠭ ᠲᠠᠢ | ᠤᠶᠠᠯᠳᠤᠭᠤᠯᠤᠨ᠂ 8 ᠰᠠᠷ᠎ᠠ ᠶᠢᠨ 15 ᠤ ᠡᠳᠦᠷ ᠠᠴᠠ 8 ᠰᠠᠷ᠎ᠠ ᠶᠢᠨ 19 ᠤ ᠡᠳᠦᠷ ᠪᠣᠯᠲᠠᠯ᠎ᠠ᠂ | ᠵᠠᠯᠠᠨ ᠠᠶᠢᠯ ᠤᠨ ᠠᠯᠳᠠᠷᠲᠤ ᠦᠵᠡᠮᠵᠢ ᠶᠢᠨ ᠣᠷᠣᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ︽ | ᠡᠷᠴᠢ ᠵᠣᠷᠢᠭ ᠢᠶᠠᠨ ᠰᠤᠯᠠᠷᠠᠭᠤᠯᠬᠤ ᠥᠬᠡᠶ᠂ ᠪᠠᠷᠢᠮᠵᠢᠶ᠎ᠠ ᠪᠠᠨ ᠪᠠᠭᠤᠷᠠᠭᠤᠯᠬᠤ ᠥᠬᠡᠶ᠂ ᠱᠠᠭᠠᠷᠳᠠᠯᠭ᠎ᠠ ᠪᠠᠨ | ᠪᠠᠭᠤᠷᠠᠭᠤᠯᠬᠤ ᠥᠬᠡᠶ︾ ᠠᠵᠢᠯ ᠤᠨ ᠪᠠᠷᠢᠮᠵᠢᠶ᠎ᠠ ᠶᠢ ᠪᠠᠷᠢᠮᠲᠠᠯᠠᠵᠤ᠂ ᠬᠠᠤᠯᠢ ᠬᠡᠷᠡᠭᠵᠢᠭᠦᠯᠬᠦ ᠳᠤᠮᠳᠠ ᠠᠩᠭᠢ ᠶᠢ | ᠵᠣᠬᠢᠶᠠᠨ ᠪᠠᠶᠢᠭᠤᠯᠤᠨ ᠡᠯ᠎ᠡ ᠦᠵᠡᠮᠵᠢ ᠶᠢᠨ ᠣᠷᠣᠨ ᠳᠤ ︽ᠡᠳᠦᠷ + ᠰᠥᠨᠢ︾ ᠣᠷᠳᠣ ᠬᠤᠭᠤᠴᠠᠭᠠᠨ ᠤ | ᠪᠦᠲᠦᠮᠵᠢᠲᠡᠶ ᠲᠣᠭᠤᠷᠢᠨ ᠪᠠᠶᠢᠴᠠᠭᠠᠬᠤ ᠠᠵᠢᠯᠯᠠᠭ᠎ᠠ ᠥᠷᠨᠢᠭᠦᠯᠵᠦ᠂ ᠦᠵᠡᠮᠵᠢ ᠶᠢᠨ ᠣᠷᠣᠨ ᠤ | ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠵᠢᠯ ᠤᠨ ᠲᠠᠰᠤᠷᠠᠯᠲᠠ ᠥᠬᠡᠶ ᠰᠢᠨ᠎ᠡ ᠳᠡᠭᠲᠡᠷ ᠲᠤ ᠭᠠᠷᠬᠤ ᠶᠢ | ᠠᠬᠢᠭᠤᠯᠪᠠ᠃ | | ᠡᠳᠦᠷ ᠲᠤ᠂ ᠡᠯ᠎ᠡ ᠦᠵᠡᠮᠵᠢ ᠶᠢᠨ ᠣᠷᠣᠨ ᠤ ᠵᠠᠳᠠᠭᠠᠶ ᠬᠡᠭᠡᠷ᠎ᠡ ᠬᠤᠭᠤᠯᠠᠯᠠᠬᠤ᠂ ᠬᠠᠤᠯᠢ ᠶᠢ ᠵᠥᠷᠢᠴᠡᠨ ᠡᠪᠡᠰᠦ | ᠬᠠᠳᠤᠵᠤ ᠮᠠᠯᠵᠢᠬᠤ ᠵᠡᠷᠭᠡ ᠦᠵᠡᠮᠵᠢ ᠶᠢᠨ ᠣᠷᠣᠨ ᠤ ᠠᠮᠢ ᠠᠬᠤᠶ ᠶᠢ ᠡᠪᠳᠡᠭᠰᠡᠨ ᠦᠶ᠋ᠯᠡ ᠠᠵᠢᠯᠯᠠᠭ᠎ᠠ ᠳᠤ | ᠭᠤᠤᠯᠳᠠᠯᠭ᠎ᠠ ᠲᠠᠢ ᠬᠢᠨᠠᠯᠲᠠ ᠬᠠᠮᠢᠶᠠᠷᠤᠯᠲᠠ ᠶᠠᠪᠤᠭᠤᠯᠵᠤ᠂ ᠦᠵᠡᠮᠵᠢ ᠶᠢᠨ ᠣᠷᠣᠨ ᠤ ᠳᠣᠲᠣᠷᠠᠬᠢ ᠬᠤᠳᠠᠯᠳᠤᠭᠠᠴᠢᠨ | ᠡᠷᠦᠬᠡ ᠲᠠᠢ ︽ᠡᠵᠡᠩᠨᠡᠯᠲᠡ ᠶᠢᠨ ᠪᠠᠲᠤᠯᠠᠭ᠎ᠠ ᠶᠢᠨ ᠪᠢᠴᠢᠭ︾ ᠲᠣᠭᠲᠠᠵᠤ᠂ ᠣᠯᠠᠨ ᠢᠶᠠᠷ ᠢᠶᠠᠨ ᠵᠢᠷᠤᠮᠵᠢᠯ ᠲᠠᠢ | ᠡᠵᠡᠩᠨᠡᠵᠦ᠂ ᠡᠵᠡᠩᠨᠡᠯᠲᠡ ᠶᠢᠨ ᠣᠷᠣᠨ ᠤ ᠡᠷᠬᠢᠨ ᠲᠣᠭᠤᠷᠢᠨ ᠤ ᠠᠷᠢᠭᠤᠨ ᠴᠡᠪᠡᠷ ᠪᠠᠶᠢᠬᠤ ᠶᠢ ᠤᠬᠠᠮᠰᠠᠷ ᠠᠴᠠ ᠪᠠᠨ | ᠬᠠᠮᠠᠭᠠᠯᠠᠬᠤ ᠶᠢ ᠤᠷᠢᠶᠠᠯᠠᠨ᠎ᠠ᠃ ᠰᠥᠨᠢ ᠳᠡᠭᠡᠨ᠂ ᠦᠵᠡᠮᠵᠢ ᠶᠢᠨ ᠬᠠᠰᠢᠯᠭ᠎ᠠ ᠶᠢᠨ ᠱᠤᠭᠤᠮ ᠳᠠᠭᠠᠤ ᠲᠣᠭᠤᠷᠢᠨ | ᠪᠠᠶᠢᠴᠠᠭᠠᠵᠤ ᠵᠢᠵᠢᠭᠦᠷᠯᠡᠨ ᠰᠠᠬᠢᠵᠤ᠂ ︽ᠨᠢᠭᠡ ᠶᠢ ᠡᠷᠬᠢᠮᠯᠡᠵᠦ ᠬᠤᠶᠠᠷ ᠢ ᠲᠣᠳᠣᠷᠬᠠᠶᠢᠯᠠᠨ ᠭᠤᠷᠪᠠ ᠶᠢ ᠬᠠᠰᠤᠬᠤ︾ | ᠠᠵᠢᠯ ᠤᠨ ᠠᠷᠭ᠎ᠠ ᠶᠢ ᠬᠡᠷᠡᠭᠯᠡᠨ᠂ ᠰᠥᠨᠢ ᠶᠢᠨ ᠦᠵᠡᠮᠵᠢ ᠶᠢ ᠠᠰᠢᠭᠯᠠᠨ ᠦᠵᠡᠮᠵᠢ ᠶᠢᠨ ᠣᠷᠣᠨ ᠤ ᠳᠣᠲᠣᠷᠠᠬᠢ | ᠮᠣᠳᠣ ᠶᠢ ᠡᠪᠳᠡᠬᠦ ᠵᠡᠷᠭᠡ ᠬᠠᠤᠯᠢ ᠠᠴᠠ ᠵᠥᠷᠢᠴᠡᠭᠰᠡᠨ ᠦᠵᠡᠭᠳᠡᠯ ᠳᠤ ᠲᠤᠰᠬᠠᠶ ᠵᠤᠶᠢᠯ ᠤᠨ ᠬᠠᠤᠯᠢ | ᠬᠡᠷᠡᠭᠵᠢᠭᠦᠯᠦᠯᠲᠡ ᠶᠢ ᠥᠷᠨᠢᠭᠦᠯᠵᠦ᠂ ᠤᠬᠠᠭᠤᠯᠤᠨ ᠬᠥᠮᠦᠵᠢᠭᠦᠯᠬᠦ᠂ ᠴᠡᠪᠡᠷᠯᠡᠨ ᠵᠢᠷᠤᠮᠵᠢᠭᠤᠯᠬᠤ᠂ ᠪᠠᠭᠠᠵᠢ | ᠬᠡᠷᠡᠭᠰᠡᠯ ᠢ ᠬᠤᠷᠢᠶᠠᠨ ᠠᠪᠬᠤ ᠶᠢ ︽ᠭᠤᠷᠪᠠ ᠶᠢ ᠤᠶᠠᠯᠳᠤᠭᠤᠯᠬᠤ︾ ᠶᠢ ᠦᠨᠡᠨᠬᠦ ᠪᠠᠲᠤᠯᠠᠬᠤ ᠬᠡᠷᠡᠭᠲᠡᠶ᠃ | | ᠲᠣᠰ ᠤᠳᠠᠭᠠᠨ ᠤ ᠠᠵᠢᠯᠯᠠᠭ᠎ᠠ ᠳᠤ ᠬᠡᠭᠡᠷ᠎ᠡ ᠭᠠᠳᠠᠨ᠎ᠠ ᠬᠤᠭᠤᠯᠠᠯᠠᠬᠤ ᠠᠵᠢᠯᠯᠠᠭ᠎ᠠ ᠶᠢ ᠨᠡᠶᠢᠲᠡ 11 ᠤᠳᠠᠭ᠎ᠠ | ᠢᠳᠬᠠᠨ ᠬᠤᠷᠢᠭᠯᠠᠵᠤ᠂ ᠬᠠᠤᠯᠢ ᠲᠣᠭᠲᠠᠭᠠᠯ ᠢ ᠵᠥᠷᠢᠴᠡᠭᠰᠡᠨ ᠰᠡᠵᠢᠭᠯᠡᠯᠲᠡᠶ 15 ᠦᠵᠡᠭᠳᠡᠯ᠂ 23 ᠬᠥᠮᠦᠨ ᠢ | ᠢᠯᠡᠷᠡᠭᠦᠯᠵᠦ᠂ ︽ᠠᠯᠳᠠᠷᠲᠤ ᠦᠵᠡᠮᠵᠢ ᠶᠢᠨ ᠣᠷᠣᠨ ᠤ ᠲᠦᠷᠢᠮ︾ ᠢ ᠦᠨᠳᠦᠰᠦᠯᠡᠨ ᠴᠥᠮ ᠬᠠᠤᠯᠢ ᠶᠣᠰᠣᠭᠠᠷ | ᠪᠠᠶᠢᠴᠠᠭᠠᠨ ᠰᠢᠢᠳᠪᠦᠷᠢᠯᠡᠪᠡ᠃ ᠳᠠᠷᠠᠭᠠᠴᠢ ᠶᠢᠨ ᠠᠯᠬᠤᠮ ᠳᠤ᠂ ᠦᠵᠡᠮᠵᠢ ᠶᠢᠨ ᠣᠷᠣᠨ ᠤ ᠶᠡᠷᠦᠩᠬᠡᠶᠢᠯᠡᠭᠰᠡᠨ | ᠬᠠᠤᠯᠢ ᠬᠡᠷᠡᠭᠵᠢᠭᠦᠯᠬᠦ ᠲᠣᠪᠴᠢᠶ᠎ᠠ ᠲᠣᠭᠤᠷᠢᠨ ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ | ᠥᠷᠨᠢᠭᠦᠯᠵᠦ᠂ ᠪᠠᠶᠢᠩᠭᠤᠵᠢᠭᠰᠠᠨ ᠬᠠᠮᠢᠶᠠᠷᠤᠯᠲᠠ ᠶᠢᠨ ᠲᠣᠭᠲᠠᠴᠠ ᠶᠢ ᠪᠦᠷᠢᠯᠳᠦᠭᠦᠯᠵᠦ᠂ ᠬᠤᠳᠠ ᠶᠢᠨ ᠠᠷᠠᠳ᠂ | ᠵᠤᠭᠠᠴᠠᠭᠰᠠᠳ ᠲᠤ ᠨᠡᠩ ᠰᠠᠶᠢᠨ ᠰᠠᠶᠢᠬᠠᠨ ᠦᠵᠡᠮᠵᠢ ᠶᠢᠨ ᠣᠷᠣᠨ ᠤ ᠣᠷᠴᠢᠨ ᠲᠣᠭᠤᠷᠢᠨ ᠢ ᠪᠤᠢ ᠪᠣᠯᠭᠠᠵᠤ | ᠥᠭᠬᠦ ᠪᠠᠷ ᠴᠢᠷᠮᠠᠶᠢᠨ᠎ᠠ᠃ |