ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠤᠬᠠᠭᠤᠯᠭ᠎ᠠ ᠶᠢᠨ ᠡᠷᠴᠢᠮ ᠢ ᠤᠯᠠᠮ ᠨᠢᠭᠡ | ᠠᠯᠬᠤᠮ ᠴᠢᠩᠭᠠᠷᠠᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠤᠨ ᠮᠡᠳᠡᠯᠭᠡ ᠶᠢ ᠲᠦᠭᠡᠮᠡᠯᠵᠢᠭᠦᠯᠦᠨ | ᠰᠢᠯᠢᠳᠡᠭᠵᠢᠭᠦᠯᠵᠦ᠂ ᠰᠠᠭᠤᠭᠠᠯᠢ ᠠᠷᠠᠳ ᠤᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠣᠶᠢᠯᠠᠭᠠᠬᠤ ᠨᠣᠷᠮ᠎ᠠ᠂ | ᠣᠷᠣᠯᠴᠠᠬᠤ ᠨᠣᠷᠮ᠎ᠠ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ ᠹᠠᠨ ᠷᠦᠩ ᠵᠡᠭᠡᠯᠢ | ᠭᠤᠳᠤᠮᠵᠢ ᠶᠢᠨ ᠰᠢᠨ ᠹᠧᠩ ᠨᠡᠶᠢᠭᠡᠮ ᠲᠣᠭᠤᠷᠢᠭ ᠤᠨ ᠬᠢᠨ ︽ᠬᠥᠮᠦᠨ ᠪᠦᠬᠦᠨ ᠴᠥᠮ ᠬᠤᠳᠠᠯᠳᠤᠭ᠎ᠠ ᠡᠷᠭᠢᠯᠡᠬᠦ | ᠣᠷᠴᠢᠨ ᠨᠥᠬᠦᠴᠡᠯ ᠮᠥᠨ᠂ ᠨᠢᠭᠡ ᠨᠢᠭᠡ ᠪᠠᠷ ᠢᠶᠠᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠳᠡᠮᠵᠢᠬᠦ︾ | ᠭᠤᠤᠯ ᠰᠡᠳᠦᠪ ᠤᠨ ᠲᠣᠭᠤᠷᠢᠨ ᠳᠤ ᠤᠬᠠᠭᠤᠯᠭ᠎ᠠ ᠶᠢᠨ ᠬᠦᠳᠡᠯᠭᠡᠭᠡᠨ ᠥᠷᠨᠢᠭᠦᠯᠪᠡ᠃ | | ᠬᠦᠳᠡᠯᠭᠡᠭᠡᠨ ᠤ ᠳᠤᠮᠳᠠ᠂ ᠨᠡᠶᠢᠭᠡᠮ ᠲᠣᠭᠤᠷᠢᠭ ᠤᠨ ᠠᠵᠢᠯᠲᠠᠳ ᠬᠠᠷᠢᠶ᠎ᠠ ᠣᠷᠣᠨ ᠤ ᠠᠵᠤ ᠠᠬᠤᠶᠢᠯᠠᠯ ᠤᠨ | ᠬᠤᠳᠠᠯᠳᠤᠭᠠᠨ ᠤ ᠡᠷᠦᠬᠡ᠂ ᠬᠤᠪᠢ ᠶᠢᠨ ᠡᠷᠦᠬᠡ ᠪᠠᠷ ᠬᠦᠷᠴᠦ ︽ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ | ᠰᠢᠯᠢᠳᠡᠭᠵᠢᠭᠦᠯᠬᠦ ᠢᠯᠡᠴᠢᠯᠡᠨ ᠮᠡᠳᠡᠭᠦᠯᠦᠯᠲᠡ ᠳᠤ ᠬᠢᠨᠠᠯᠲᠠ ᠲᠠᠯᠪᠢᠬᠤ ᠤᠬᠠᠭᠤᠯᠭ᠎ᠠ ᠶᠢᠨ ᠳᠡᠪᠲᠡᠷ︾ ᠢ | ᠲᠠᠷᠬᠠᠭᠠᠬᠤ ᠶᠢᠨ ᠬᠠᠮᠲᠤ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠬᠠᠮᠢᠶ᠎ᠠ ᠪᠥᠬᠦᠶ | ᠲᠦᠷᠢᠮ ᠪᠠ ᠲᠥᠷᠥ ᠶᠢᠨ ᠪᠣᠳᠣᠯᠭ᠎ᠠ ᠶᠢ ᠨᠠᠷᠢᠨ ᠲᠠᠶᠢᠯᠪᠤᠷᠢᠯᠠᠵᠤ᠂ ᠬᠤᠳᠠᠯᠳᠤᠭᠠᠨ ᠤ ᠡᠷᠦᠬᠡ ᠶᠢᠨ ᠬᠦᠰᠡᠯ | ᠱᠠᠭᠠᠷᠳᠠᠯᠭ᠎ᠠ ᠶᠢ ᠬᠢᠨᠠᠮᠠᠭᠠᠶ ᠰᠣᠨᠣᠰᠴᠤ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠬᠠᠶ | ᠣᠯᠠᠨ ᠤ ᠰᠠᠨᠠᠯ ᠪᠠ ᠰᠠᠨᠠᠭᠤᠯᠭ᠎ᠠ ᠶᠢ ᠴᠤᠭᠯᠠᠭᠤᠯᠪᠠ᠃ ᠡᠭᠦᠨ ᠤ ᠬᠠᠮᠲᠤ ᠤᠯᠤᠰ ᠤᠨ ᠮᠡᠬᠡᠯᠡᠯ ᠢ ᠡᠰᠡᠷᠭᠦᠴᠡᠬᠦ | ᠲᠥᠪ ᠤᠨ APP ᠶᠢᠨ ᠮᠡᠳᠡᠯᠭᠡ ᠶᠢ ᠤᠬᠠᠭᠤᠯᠵᠤ᠂ ᠰᠠᠭᠤᠭᠠᠯᠢ ᠠᠷᠠᠳ ᠢ ᠬᠠᠪᠰᠤᠷᠤᠨ ᠬᠠᠮᠲᠤ ᠪᠠᠷ APP | ᠪᠠᠭᠤᠯᠭᠠᠵᠤ᠂ ᠰᠠᠭᠤᠭᠠᠯᠢ ᠠᠷᠠᠳ ᠤᠨ ᠮᠡᠬᠡᠯᠡᠯ ᠢ ᠡᠰᠡᠷᠭᠦᠴᠡᠬᠦ ᠠᠭᠤᠷ ᠠᠮᠢᠰᠬᠤᠯ ᠢ ᠪᠣᠶ ᠪᠣᠯᠭᠠᠵᠤ᠂ ᠬᠤᠳᠠᠯᠳᠤᠭ᠎ᠠ | ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠤᠬᠠᠭᠤᠯᠭ᠎ᠠ ᠶᠢ ᠨᠡᠶᠢᠳᠡᠮ ᠬᠡᠷᠡᠭᠵᠢᠭᠦᠯᠬᠦ ᠶᠢ ᠴᠢᠷᠮᠠᠶᠢᠨ | ᠪᠡᠶᠡᠯᠡᠭᠦᠯᠵᠦ᠂ ᠰᠠᠭᠤᠭᠠᠯᠢ ᠠᠷᠠᠳ ᠤᠨ ᠣᠶᠢᠯᠠᠭᠠᠬᠤ ᠬᠡᠮᠵᠢᠶ᠎ᠡ᠂ ᠬᠠᠨᠤᠮᠵᠢ ᠶᠢᠨ ᠬᠡᠮᠵᠢᠶ᠎ᠡ ᠶᠢᠨ ᠬᠤᠤᠰ | ᠳᠡᠭᠡᠭᠰᠢᠯᠡᠯᠲᠡ ᠶᠢ ᠪᠡᠶᠡᠯᠡᠭᠦᠯᠦᠨ᠎ᠡ᠃ | | ᠬᠦᠳᠡᠯᠭᠡᠭᠡᠨ ᠢ ᠥᠷᠨᠢᠭᠦᠯᠬᠦ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠪᠣᠯᠤᠨ ᠬᠤᠳᠠᠯᠳᠤᠭᠠᠨ ᠤ ᠡᠷᠦᠭᠡ ᠶᠢᠨ | ᠬᠤᠭᠤᠷᠣᠨᠳᠣᠬᠢ ᠵᠠᠶ ᠶᠢ ᠣᠶᠢᠷᠠᠲᠤᠭᠤᠯᠵᠤ᠂ ᠬᠤᠳᠠᠯᠳᠤᠭᠠᠨ ᠤ ᠡᠷᠦᠭᠡ ᠶᠢᠨ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠢ ᠬᠠᠮᠠᠭᠠᠯᠠᠬᠤ ᠤᠬᠠᠮᠰᠠᠷ ᠢ ᠲᠦᠢᠯ ᠤᠨ ᠶᠡᠭᠡ ᠪᠠᠷ ᠳᠡᠭᠡᠭᠰᠢᠯᠡᠭᠦᠯᠵᠦ᠂ ᠬᠤᠶᠢᠰᠢᠳᠠ ᠶᠢᠨ ᠨᠡᠶᠢᠭᠡᠮ | ᠲᠣᠭᠤᠷᠢᠭ ᠪᠣᠯᠤᠨ ᠠᠵᠤ ᠠᠬᠤᠶᠢᠯᠠᠯ᠂ ᠬᠤᠳᠠᠯᠳᠤᠭᠠᠨ ᠤ ᠡᠷᠦᠭᠡ ᠶᠢᠨ ᠬᠤᠭᠤᠷᠣᠨᠳᠣᠬᠢ ᠬᠠᠮᠲᠤ ᠶᠢᠨ | ᠬᠥᠭᠵᠢᠯᠲᠡ ᠳᠤ ᠰᠠᠭᠤᠷᠢ ᠲᠠᠯᠪᠢᠨ ᠥᠭᠴᠦ᠂ ︽ᠬᠥᠮᠦᠨ ᠪᠦᠬᠦᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ | ᠬᠠᠯᠠᠮᠵᠢᠯᠠᠵᠤ᠂ ᠬᠥᠮᠦᠨ ᠪᠦᠬᠦᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠬᠠᠮᠠᠭᠠᠯᠠᠬᠤ︾ ᠰᠠᠶᠢᠨ ᠰᠠᠶᠢᠬᠠᠨ | ᠠᠭᠤᠷ ᠠᠮᠢᠰᠬᠤᠯ ᠢ ᠪᠤᠢ ᠪᠣᠯᠭᠠᠭᠰᠠᠨ ᠪᠠᠶᠢᠨ᠎ᠠ᠃ |