ᠹᠠᠨ ᠷᠦᠩ ᠵᠡᠭᠡᠯᠢ ᠭᠤᠳᠤᠮᠵᠢ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠤᠬᠠᠭᠤᠯᠭ᠎ᠠ ᠶᠢᠨ  ᠬᠦᠳᠡᠯᠭᠡᠭᠡᠨ ᠥᠷᠨᠢᠭᠦᠯᠪᠡ
ᠨᠡᠶᠢᠲᠡᠯᠡᠭᠰᠡᠨ ᠴᠠᠭ᠄
2022/8/29
 ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠤᠬᠠᠭᠤᠯᠭ᠎ᠠ ᠶᠢᠨ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠤᠨ ᠮᠡᠳᠡᠯᠭᠡ ᠶᠢ ᠲᠦᠭᠡᠮᠡᠯᠵᠢᠭᠦᠯᠦᠨ ᠰᠢᠯᠢᠳᠡᠭᠵᠢᠭᠦᠯᠵᠦ᠂ ᠰᠠᠭᠤᠭᠠᠯᠢ ᠠᠷᠠᠳ ᠤᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠣᠶᠢᠯᠠᠭᠠᠬᠤ ᠨᠣᠷᠮ᠎ᠠ᠂ ᠣᠷᠣᠯᠴᠠᠬᠤ ᠨᠣᠷᠮ᠎ᠠ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ ᠹᠠᠨ ᠷᠦᠩ ᠵᠡᠭᠡᠯᠢ ᠭᠤᠳᠤᠮᠵᠢ ᠶᠢᠨ ᠰᠢᠨ ᠹᠧᠩ ᠨᠡᠶᠢᠭᠡᠮ ᠲᠣᠭᠤᠷᠢᠭ ᠤᠨ ᠬᠢᠨ ︽ᠬᠥᠮᠦᠨ ᠪᠦᠬᠦᠨ ᠴᠥᠮ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠮᠥᠨ᠂ ᠨᠢᠭᠡ ᠨᠢᠭᠡ ᠪᠠᠷ ᠢᠶᠠᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠳᠡᠮᠵᠢᠬᠦ︾ ᠭᠤᠤᠯ ᠰᠡᠳᠦᠪ ᠤᠨ ᠲᠣᠭᠤᠷᠢᠨ ᠳᠤ ᠤᠬᠠᠭᠤᠯᠭ᠎ᠠ ᠶᠢᠨ ᠬᠦᠳᠡᠯᠭᠡᠭᠡᠨ ᠥᠷᠨᠢᠭᠦᠯᠪᠡ᠃  ᠬᠦᠳᠡᠯᠭᠡᠭᠡᠨ ᠤ ᠳᠤᠮᠳᠠ᠂ ᠨᠡᠶᠢᠭᠡᠮ ᠲᠣᠭᠤᠷᠢᠭ ᠤᠨ ᠠᠵᠢᠯᠲᠠᠳ ᠬᠠᠷᠢᠶ᠎ᠠ ᠣᠷᠣᠨ ᠤ ᠠᠵᠤ ᠠᠬᠤᠶᠢᠯᠠᠯ ᠤᠨ ᠬᠤᠳᠠᠯᠳᠤᠭᠠᠨ ᠤ ᠡᠷᠦᠬᠡ᠂ ᠬᠤᠪᠢ ᠶᠢᠨ ᠡᠷᠦᠬᠡ ᠪᠠᠷ ᠬᠦᠷᠴᠦ ︽ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠢᠯᠡᠴᠢᠯᠡᠨ ᠮᠡᠳᠡᠭᠦᠯᠦᠯᠲᠡ ᠳᠤ ᠬᠢᠨᠠᠯᠲᠠ ᠲᠠᠯᠪᠢᠬᠤ ᠤᠬᠠᠭᠤᠯᠭ᠎ᠠ ᠶᠢᠨ ᠳᠡᠪᠲᠡᠷ︾ ᠢ ᠲᠠᠷᠬᠠᠭᠠᠬᠤ ᠶᠢᠨ ᠬᠠᠮᠲᠤ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠬᠠᠮᠢᠶ᠎ᠠ ᠪᠥᠬᠦᠶ ᠲᠦᠷᠢᠮ ᠪᠠ ᠲᠥᠷᠥ ᠶᠢᠨ ᠪᠣᠳᠣᠯᠭ᠎ᠠ ᠶᠢ ᠨᠠᠷᠢᠨ ᠲᠠᠶᠢᠯᠪᠤᠷᠢᠯᠠᠵᠤ᠂ ᠬᠤᠳᠠᠯᠳᠤᠭᠠᠨ ᠤ ᠡᠷᠦᠬᠡ ᠶᠢᠨ ᠬᠦᠰᠡᠯ ᠱᠠᠭᠠᠷᠳᠠᠯᠭ᠎ᠠ ᠶᠢ ᠬᠢᠨᠠᠮᠠᠭᠠᠶ ᠰᠣᠨᠣᠰᠴᠤ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠬᠠᠶ ᠣᠯᠠᠨ ᠤ ᠰᠠᠨᠠᠯ ᠪᠠ ᠰᠠᠨᠠᠭᠤᠯᠭ᠎ᠠ ᠶᠢ ᠴᠤᠭᠯᠠᠭᠤᠯᠪᠠ᠃ ᠡᠭᠦᠨ ᠤ ᠬᠠᠮᠲᠤ ᠤᠯᠤᠰ ᠤᠨ ᠮᠡᠬᠡᠯᠡᠯ ᠢ ᠡᠰᠡᠷᠭᠦᠴᠡᠬᠦ ᠲᠥᠪ ᠤᠨ APP ᠶᠢᠨ ᠮᠡᠳᠡᠯᠭᠡ ᠶᠢ ᠤᠬᠠᠭᠤᠯᠵᠤ᠂ ᠰᠠᠭᠤᠭᠠᠯᠢ ᠠᠷᠠᠳ ᠢ ᠬᠠᠪᠰᠤᠷᠤᠨ ᠬᠠᠮᠲᠤ ᠪᠠᠷ APP ᠪᠠᠭᠤᠯᠭᠠᠵᠤ᠂ ᠰᠠᠭᠤᠭᠠᠯᠢ ᠠᠷᠠᠳ ᠤᠨ ᠮᠡᠬᠡᠯᠡᠯ ᠢ ᠡᠰᠡᠷᠭᠦᠴᠡᠬᠦ ᠠᠭᠤᠷ ᠠᠮᠢᠰᠬᠤᠯ ᠢ ᠪᠣᠶ ᠪᠣᠯᠭᠠᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠤᠬᠠᠭᠤᠯᠭ᠎ᠠ ᠶᠢ ᠨᠡᠶᠢᠳᠡᠮ ᠬᠡᠷᠡᠭᠵᠢᠭᠦᠯᠬᠦ ᠶᠢ ᠴᠢᠷᠮᠠᠶᠢᠨ ᠪᠡᠶᠡᠯᠡᠭᠦᠯᠵᠦ᠂ ᠰᠠᠭᠤᠭᠠᠯᠢ ᠠᠷᠠᠳ ᠤᠨ ᠣᠶᠢᠯᠠᠭᠠᠬᠤ ᠬᠡᠮᠵᠢᠶ᠎ᠡ᠂ ᠬᠠᠨᠤᠮᠵᠢ ᠶᠢᠨ ᠬᠡᠮᠵᠢᠶ᠎ᠡ ᠶᠢᠨ ᠬᠤᠤᠰ ᠳᠡᠭᠡᠭᠰᠢᠯᠡᠯᠲᠡ ᠶᠢ ᠪᠡᠶᠡᠯᠡᠭᠦᠯᠦᠨ᠎ᠡ᠃  ᠬᠦᠳᠡᠯᠭᠡᠭᠡᠨ ᠢ ᠥᠷᠨᠢᠭᠦᠯᠬᠦ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠪᠣᠯᠤᠨ ᠬᠤᠳᠠᠯᠳᠤᠭᠠᠨ ᠤ ᠡᠷᠦᠭᠡ ᠶᠢᠨ ᠬᠤᠭᠤᠷᠣᠨᠳᠣᠬᠢ ᠵᠠᠶ ᠶᠢ ᠣᠶᠢᠷᠠᠲᠤᠭᠤᠯᠵᠤ᠂ ᠬᠤᠳᠠᠯᠳᠤᠭᠠᠨ ᠤ ᠡᠷᠦᠭᠡ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠬᠠᠮᠠᠭᠠᠯᠠᠬᠤ ᠤᠬᠠᠮᠰᠠᠷ ᠢ ᠲᠦᠢᠯ ᠤᠨ ᠶᠡᠭᠡ ᠪᠠᠷ ᠳᠡᠭᠡᠭᠰᠢᠯᠡᠭᠦᠯᠵᠦ᠂ ᠬᠤᠶᠢᠰᠢᠳᠠ ᠶᠢᠨ ᠨᠡᠶᠢᠭᠡᠮ ᠲᠣᠭᠤᠷᠢᠭ ᠪᠣᠯᠤᠨ ᠠᠵᠤ ᠠᠬᠤᠶᠢᠯᠠᠯ᠂ ᠬᠤᠳᠠᠯᠳᠤᠭᠠᠨ ᠤ ᠡᠷᠦᠭᠡ ᠶᠢᠨ ᠬᠤᠭᠤᠷᠣᠨᠳᠣᠬᠢ ᠬᠠᠮᠲᠤ ᠶᠢᠨ ᠬᠥᠭᠵᠢᠯᠲᠡ ᠳᠤ ᠰᠠᠭᠤᠷᠢ ᠲᠠᠯᠪᠢᠨ ᠥᠭᠴᠦ᠂ ︽ᠬᠥᠮᠦᠨ ᠪᠦᠬᠦᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠬᠠᠯᠠᠮᠵᠢᠯᠠᠵᠤ᠂ ᠬᠥᠮᠦᠨ ᠪᠦᠬᠦᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠬᠠᠮᠠᠭᠠᠯᠠᠬᠤ︾ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠭᠰᠠᠨ ᠪᠠᠶᠢᠨ᠎ᠠ᠃  
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ