ᠲᠡᠰᠪᠦᠷᠢ ᠬᠠᠲᠠᠭᠤᠵᠢᠯᠲᠠᠶ ᠪᠠᠷ ᠲᠡᠮᠡᠴᠡᠬᠦ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠬᠤ᠂ ᠠᠵᠢᠯᠴᠢ ᠠᠷᠪᠢᠴᠢ ᠪᠠᠷ | ᠠᠷᠪᠢᠯᠠᠨ ᠭᠠᠮᠨᠠᠬᠤ ᠤᠯᠠᠮᠵᠢᠯᠠᠯᠲᠤ ᠰᠠᠶᠢᠬᠠᠨ ᠰᠤᠷᠲᠠᠯ ᠢ ᠰᠠᠨᠠᠭᠠᠴᠢᠯᠠᠵᠤ᠂ ᠥᠭᠡᠳᠡᠯᠡᠨ ᠲᠠᠪᠰᠢᠬᠤ ᠨᠡᠶᠢᠭᠡᠮ ᠤᠨ ᠬᠡᠪ | ᠰᠤᠷᠲᠠᠯ ᠢ ᠬᠥᠮᠦᠵᠢᠭᠦᠯᠵᠦ᠂ ᠪᠣᠬᠢᠷᠲᠤᠯ ᠦᠭᠡᠢ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ ᠢ ᠢᠳᠡᠪᠬᠢᠲᠡᠢ | ᠠᠬᠢᠭᠤᠯᠵᠤ᠂ ᠬᠠᠷᠢᠶ᠎ᠠ ᠣᠷᠣᠨ ᠤ ᠤᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠠᠵᠢᠯᠴᠢ ᠠᠷᠪᠢᠴᠢ ᠪᠠᠷ | ᠠᠷᠪᠢᠯᠠᠨ ᠭᠠᠮᠨᠠᠬᠤ ᠤᠬᠠᠮᠰᠠᠷ ᠲᠠᠢ ᠪᠣᠯᠭᠠᠵᠤ᠂ ᠪᠠᠶᠢᠭᠠᠯᠢ ᠶᠢᠨ ᠲᠦᠭᠦᠮ ᠪᠠᠶᠢᠳᠠᠯ ᠢ ᠡᠷᠬᠢᠮᠯᠡᠬᠦ ᠠᠮᠢᠳᠤᠷᠠᠯ ᠤᠨ | ᠠᠷᠭ᠎ᠠ ᠬᠡᠯᠪᠡᠷᠢ ᠲᠠᠢ ᠪᠣᠯᠭᠠᠬᠤ ᠶᠢᠨ ᠲᠥᠯᠥᠭᠡ᠂ ᠤᠢᠢᠷ᠎ᠠ ᠶᠢᠨ ᠡᠳᠦᠷ᠂ ᠳ᠋ᠠ ᠾᠧ ᠸᠠᠨ ᠪᠠᠯᠭᠠᠰᠤ ᠶᠢᠨ ᠶᠦᠩ | ᠹᠧᠩ ᠲᠣᠰᠬᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠳᠤ ᠲᠦᠰᠢᠭᠯᠡᠨ ︽ | ᠠᠵᠢᠯᠴᠢ ᠠᠷᠪᠢᠴᠢ ᠪᠠᠷ ᠠᠷᠪᠢᠯᠠᠨ ᠭᠠᠮᠨᠠᠵᠤ ᠪᠦᠷᠢᠯᠭᠡᠨ ᠰᠦᠢᠳᠬᠡᠬᠦ ᠶᠢ ᠡᠰᠡᠷᠭᠦᠴᠡᠬᠦ︾ ᠭᠤᠣᠯ ᠰᠡᠳᠦᠪᠲᠦ | ᠤᠬᠠᠭᠤᠯᠭ᠎ᠠ ᠶᠢᠨ ᠬᠦᠳᠡᠯᠭᠡᠭᠡᠨ ᠥᠷᠨᠢᠭᠦᠯᠵᠡᠢ᠃ | | ᠬᠦᠳᠡᠯᠭᠡᠭᠡᠨ ᠤ ᠳᠤᠮᠳᠠ᠂ ᠰᠠᠶᠢᠨ ᠳᠤᠷ᠎ᠠ ᠶᠢᠨ ᠠᠵᠢᠯᠯᠠᠭᠴᠢᠳ ᠠᠶᠢᠯ ᠡᠷᠦᠬᠡ ᠳᠤ ᠬᠦᠷᠴᠦ ᠤᠬᠠᠭᠤᠯᠭ᠎ᠠ ᠶᠢᠨ | ᠬᠠᠭᠤᠳᠠᠰᠤ ᠲᠠᠷᠬᠠᠭᠠᠬᠤ ᠬᠡᠯᠪᠡᠷᠢ ᠪᠠᠷ ᠳᠠᠮᠵᠢᠭᠤᠯᠤᠨ᠂ ︽ᠠᠵᠢᠯᠴᠢ ᠠᠷᠪᠢᠴᠢ ᠪᠠᠷ ᠠᠷᠪᠢᠯᠠᠨ ᠭᠠᠮᠨᠠᠵᠤ ᠪᠦᠷᠢᠯᠭᠡᠨ | ᠰᠦᠢᠳᠬᠡᠬᠦ ᠶᠢ ᠡᠰᠡᠷᠭᠦᠴᠡᠬᠦ︾ ᠤᠬᠠᠭᠤᠯᠭ᠎ᠠ ᠶᠢ ᠥᠷᠨᠢᠭᠦᠯᠵᠦ᠂ ᠲᠣᠰᠬᠤᠨ ᠤ ᠠᠷᠠᠳ ᠢ ᠬᠥᠲᠥᠯᠥᠨ | ᠵᠢᠯᠣᠭᠤᠳᠴᠤ ᠪᠠᠶᠢᠭᠠᠳ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠤᠬᠠᠮᠰᠠᠷ ᠢ ᠪᠣᠶ ᠪᠣᠯᠭᠠᠵᠤ᠂ ᠠᠷᠪᠢᠯᠠᠨ | ᠭᠠᠮᠨᠠᠬᠤ ᠰᠠᠶᠢᠨ ᠰᠠᠶᠢᠬᠠᠨ ᠵᠠᠩ ᠳᠠᠳᠬᠠᠯ ᠪᠠ ᠵᠠᠩ ᠴᠢᠨᠠᠷ ᠲᠠᠢ ᠪᠣᠯᠭᠠᠵᠠᠶ᠃ ᠡᠭᠦᠨ ᠤ ᠵᠡᠷᠭᠡᠪᠡᠷ᠂ ᠰᠠᠶᠢᠨ | ᠳᠤᠷ᠎ᠠ ᠶᠢᠨ ᠠᠵᠢᠯᠯᠠᠭᠴᠢᠳ ᠪᠠᠰᠠ ᠲᠣᠰᠬᠤᠨ ᠤ ᠠᠷᠠᠳ ᠲᠠᠢ ᠤᠯᠠᠨ ᠬᠡᠯᠪᠡᠷᠢ ᠶᠢᠨ ᠪᠣᠬᠢᠷᠲᠤᠯ ᠦᠭᠡᠢ | ᠠᠮᠢᠳᠤᠷᠠᠯ ᠤᠨ ᠠᠷᠭ᠎ᠠ ᠶᠢ ᠬᠠᠷᠢᠯᠴᠠᠨ ᠰᠦᠪᠡᠭᠴᠢᠯᠡᠵᠦ᠂ ᠥᠪᠡᠷ ᠤᠨ ᠪᠣᠳᠠᠲᠤ ᠠᠵᠢᠯᠯᠠᠭ᠎ᠠ ᠪᠠᠷ ᠢᠶᠠᠨ ᠪᠣᠬᠢᠷᠲᠤᠯ | ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠠᠷᠪᠢᠯᠠᠨ ᠭᠠᠮᠨᠠᠵᠤ | ᠵᠣᠯ ᠵᠢᠷᠭᠠᠯ ᠢᠶᠠᠨ ᠬᠠᠶᠢᠷᠠᠯᠠᠬᠤ ︽ᠠᠶᠠᠭ᠎ᠠ ᠬᠤᠭᠤᠰᠣᠨ ᠠᠵᠢᠯᠯᠠᠭ᠎ᠠ︾ ᠶᠢ ᠰᠠᠨᠠᠭᠠᠴᠢᠯᠠᠵᠤ᠂ ᠬᠤᠭᠤᠯᠠᠨ ᠰᠢᠷᠡᠭᠡ | ᠪᠦᠷᠢᠯᠭᠡᠬᠦ᠂ ᠬᠡᠲᠦᠷᠡᠲᠡᠯ᠎ᠡ ᠪᠣᠭᠤᠳᠠᠯᠯᠠᠬᠤ᠂ ᠠᠮᠢᠳᠤᠷᠠᠯ ᠢ ᠪᠦᠷᠢᠯᠭᠡᠬᠦ ᠵᠡᠷᠭᠡ ᠦᠵᠡᠭᠳᠡᠯ ᠢ ᠡᠰᠡᠷᠭᠦᠴᠡᠵᠦ᠂ ᠯᠠᠷᠵᠢᠶ᠎ᠠ | ᠶᠠᠩᠪᠠ ᠶᠢ ᠡᠷᠬᠢᠮᠯᠡᠬᠦ᠂ ᠯᠠᠷᠵᠢᠶ᠎ᠠ ᠶᠠᠩᠪᠠ ᠪᠠᠨ ᠠᠳᠠᠯᠢᠳᠬᠠᠬᠤ ᠵᠡᠷᠭᠡ ᠮᠠᠭᠤ ᠰᠤᠷᠲᠠᠯ ᠢ ᠡᠪᠳᠡᠪᠡ᠃ | | ᠲᠣᠰ ᠤᠳᠠᠭᠠᠨ ᠤ ᠤᠬᠠᠭᠤᠯᠭ᠎ᠠ ᠶᠢᠨ ᠬᠦᠳᠡᠯᠭᠡᠭᠡᠨ ᠪᠠᠷ ᠳᠠᠮᠵᠢᠭᠤᠯᠤᠨ ᠭᠠᠴᠠᠭᠠᠨ ᠤ ᠠᠷᠠᠳ ᠤᠨ ᠠᠷᠪᠢᠯᠠᠨ | ᠭᠠᠮᠨᠠᠬᠤ ᠤᠬᠠᠮᠰᠠᠷ ᠢ ᠦᠨᠡᠨ ᠬᠦ ᠴᠢᠩᠭᠠᠷᠠᠭᠤᠯᠵᠤ᠂ ᠲᠡᠳᠡᠨ ᠢ ᠬᠥᠲᠥᠯᠥᠨ ᠵᠢᠯᠣᠭᠤᠳᠴᠤ ᠪᠠᠶᠢᠭᠠᠳ | ᠪᠣᠯᠪᠠᠰᠤᠨ ᠲᠠᠢ ᠭᠠᠷ ᠬᠤᠯᠪᠣᠯᠴᠠᠨ᠂ ᠪᠣᠯᠬᠢ ᠳᠠᠳᠬᠠᠯ ᠠᠴᠠ ᠰᠠᠯᠵᠤ᠂ ᠪᠣᠯᠪᠠᠰᠤᠨ ᠰᠢᠨ᠎ᠡ ᠰᠤᠷᠲᠠᠯ ᠢ | ᠰᠠᠨᠠᠭᠠᠴᠢᠯᠠᠬᠤ᠂ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠦᠢᠯᠡᠳᠦᠯᠭᠡᠵᠢᠭᠦᠯᠦᠭᠴᠢ᠂ ᠤᠯᠠᠮᠵᠢᠯᠠᠨ ᠲᠠᠷᠬᠠᠭᠠᠭᠴᠢ ᠪᠠ | ᠬᠢᠨᠠᠯᠲᠠ ᠲᠠᠯᠪᠢᠭᠴᠢ ᠪᠣᠯᠬᠤ ᠪᠠᠷ ᠴᠢᠷᠮᠠᠶᠢᠵᠤ᠂ ᠪᠦᠷᠢᠯᠭᠡᠨ ᠰᠦᠢᠳᠬᠡᠬᠦ ᠨᠢ ᠢᠴᠢᠭᠦᠷᠢᠲᠡᠶ᠂ ᠠᠷᠪᠢᠯᠠᠨ ᠭᠠᠮᠨᠠᠬᠤ ᠨᠢ | ᠢᠷᠠᠭᠤ ᠠᠯᠳᠠᠷ ᠲᠠᠢ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠭᠰᠠᠨ ᠪᠠᠶᠢᠨ᠎ᠠ᠃ |