7 ᠰᠠᠷ᠎ᠠ ᠶᠢᠨ 28 ᠤ ᠡᠳᠦᠷ ᠤᠨ ᠦᠳᠡ ᠶᠢᠨ ᠡᠮᠦᠨ᠎ᠡ᠂ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ | ᠪᠥᠬᠦ ᠬᠤᠲᠠ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠲᠠᠨᠢᠯᠴᠠᠭᠤᠯᠬᠤ ᠬᠤᠷᠠᠯ ᠢ ᠵᠣᠬᠢᠶᠠᠨ | ᠪᠠᠶᠢᠭᠤᠯᠤᠨ ᠬᠤᠷᠠᠯᠳᠤᠭᠤᠯᠵᠤ᠂ ᠬᠥᠯᠥᠨ ᠪᠤᠶᠢᠷ ᠤᠨ ᠪᠡᠭᠡᠵᠢᠩ ᠳᠤ ᠠᠮᠵᠢᠯᠲᠠ ᠲᠠᠢ ᠬᠥᠭᠵᠢᠭᠰᠡᠨ ᠬᠥᠮᠦᠰ ᠢᠶᠠᠷ | ᠪᠦᠷᠢᠯᠳᠦᠭᠰᠡᠨ ᠦᠪᠦᠷ ᠮᠣᠩᠭᠤᠯ ᠵᠢᠭᠦᠷ ᠤᠨ ᠨᠡᠶᠢᠭᠡᠮᠯᠢᠭ ᠤᠨ ᠨᠤᠲᠤᠭ ᠲᠠᠭᠠᠨ ᠪᠤᠴᠠᠭᠰᠠᠨ ᠠᠵᠤ ᠠᠬᠤᠶᠢᠯᠠᠯᠲᠠᠨ ᠤ | ᠲᠥᠯᠥᠭᠡᠯᠡᠭᠴᠢᠳ ᠢ ᠤᠷᠢᠵᠤ ᠶᠠᠷᠢᠯᠴᠠᠨ ᠰᠣᠯᠢᠯᠴᠠᠭᠤᠯᠪᠠ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ | ᠰᠦ᠋ ᠸᠧᠨ ᠬᠤᠷᠠᠯ ᠡᠷᠭᠢᠯᠡᠵᠦ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ | ᠤᠶᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠥᠭᠵᠢᠭᠦᠯᠦᠯᠲᠡ ᠶᠢᠨ ᠰᠤᠳᠤᠯᠭᠠᠨ ᠤ ᠲᠥᠪ ᠵᠡᠷᠭᠡ | ᠰᠠᠯᠠᠭ᠎ᠠ ᠮᠥᠴᠢᠷ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃ | | ᠬᠤᠷᠠᠯ ᠳᠡᠭᠡᠷ᠎ᠡ᠂ ᠰᠦ᠋ ᠸᠧᠨ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠥᠯᠥᠭᠡᠯᠡᠨ ᠠᠵᠤ | ᠠᠬᠤᠶᠢᠯᠠᠯᠲᠠᠳ ᠤᠨ ᠣᠯᠠᠨ ᠵᠢᠯ ᠤᠨ ᠲᠤᠷᠰᠢ ᠨᠤᠲᠤᠭ ᠤᠰᠤᠨ ᠤ ᠪᠠᠨ ᠠᠵᠤ ᠠᠬᠤᠶ ᠨᠡᠶᠢᠭᠡᠮ ᠤᠨ ᠬᠥᠭᠵᠢᠯᠲᠡ ᠶᠢ | ᠬᠠᠯᠠᠮᠵᠢᠯᠠᠨ ᠳᠡᠮᠵᠢᠵᠦ᠂ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠢᠳᠡᠪᠬᠢᠲᠡᠶ ᠰᠠᠨᠠᠭᠠᠴᠢᠯᠠᠭ᠎ᠠ ᠲᠠᠢ ᠪᠠᠷ | ᠣᠷᠣᠯᠴᠠᠭᠰᠠᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠡᠭᠦᠨ ᠤ ᠬᠠᠮᠲᠤ ᠬᠤᠷᠠᠯ ᠳᠤ ᠣᠷᠣᠯᠴᠠᠭᠰᠠᠨ ᠠᠵᠤ | ᠠᠬᠤᠶᠢᠯᠠᠯᠲᠠᠨ ᠳᠤ ᠮᠠᠨ ᠤ ᠬᠤᠲᠠ ᠶᠢᠨ ᠬᠥᠭᠵᠢᠯᠲᠡ ᠶᠢᠨ ᠪᠠᠶᠢᠷᠢ ᠲᠣᠭᠲᠠᠭᠠᠯᠲᠠ᠂ ᠠᠷᠠᠯᠵᠢᠶᠠᠴᠢᠨ ᠤᠷᠢᠬᠤ | ᠲᠦᠷᠦ ᠶᠢᠨ ᠪᠤᠳᠤᠯᠭ᠎ᠠ᠂ ᠡᠬᠢ ᠪᠠᠶᠠᠯᠢᠭ ᠤᠨ ᠳᠠᠪᠠᠭᠤᠯᠢᠭ ᠢ ᠲᠠᠨᠢᠯᠴᠠᠭᠤᠯᠵᠤ᠂ ᠠᠵᠤ ᠠᠬᠤᠶᠢᠯᠠᠯᠲᠠᠨ ᠨᠠᠷ ᠡᠬᠢ | ᠪᠠᠶᠠᠯᠢᠭ᠂ ᠬᠥᠮᠦᠨ ᠤ ᠬᠦᠴᠦᠨ ᠤ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠨᠤᠲᠤᠭ ᠤᠰᠤ ᠪᠠᠨ ᠢᠳᠡᠪᠬᠢᠲᠡᠢ | ᠲᠠᠨᠢᠯᠴᠠᠭᠤᠯᠵᠤ᠂ ᠨᠡᠩ ᠤᠯᠠᠨ ᠰᠢᠯᠢᠳᠡᠭ ᠠᠵᠤ ᠠᠬᠤᠶᠢᠯᠠᠯ ᠢ ᠲᠠᠲᠠᠵᠤ ᠪᠡᠯᠡ ᠣᠷᠣᠭᠤᠯᠤᠨ ᠦᠢᠯᠡᠰ ᠪᠤᠰᠬᠠᠬᠤ ᠶᠢ | ᠬᠦᠰᠡᠵᠦ ᠪᠠᠶᠢᠨ᠎ᠠ᠃ | | ᠥᠪᠥᠷ ᠮᠣᠩᠭᠤᠯ ᠤᠨ ᠵᠢᠭᠦᠷ ᠤᠨ ᠨᠡᠶᠢᠭᠡᠮᠯᠢᠭ ᠤᠨ ᠳᠠᠷᠤᠭ᠎ᠠ ᠰᠦ᠋ ᡁᠢ ᠬᠤᠸᠠ ᠨᠡᠶᠢᠭᠡᠮᠯᠢᠭ ᠤᠨ ᠲᠡᠦᠬᠡ ᠶᠢᠨ | ᠤᠯᠠᠷᠢᠯ ᠬᠤᠪᠢᠰᠤᠯ᠂ ᠬᠥᠭᠵᠢᠯᠲᠡ ᠶᠢᠨ ᠣᠳᠣᠬᠢ ᠪᠠᠶᠢᠳᠠᠯ ᠢ ᠲᠣᠪᠴᠢ ᠲᠠᠨᠢᠯᠴᠠᠭᠤᠯᠬᠤ ᠶᠢᠨ ᠬᠠᠮᠲᠤ ᠥᠪᠥᠷ | ᠮᠣᠩᠭᠤᠯ ᠤᠨ ᠵᠢᠭᠦᠷ ᠤᠨ ᠨᠡᠶᠢᠭᠡᠮᠯᠢᠭ ᠢ ᠪᠠᠶᠢᠭᠤᠯᠤᠭᠰᠠᠨ ᠤᠭ ᠰᠠᠨᠠᠭ᠎ᠠ ᠪᠣᠯ ᠭᠠᠳᠠᠭᠠᠳᠤ ᠳᠤ ᠬᠥᠭᠵᠢᠵᠦ ᠪᠠᠶᠢᠭ᠎ᠠ | ᠬᠥᠯᠥᠨ ᠪᠤᠶᠢᠷ ᠤᠨ ᠠᠵᠤ ᠠᠬᠤᠶᠢᠯᠠᠯᠲᠠᠳ ᠲᠤ ᠨᠡᠪᠲᠡᠷᠡᠯᠴᠡᠨ ᠬᠠᠷᠢᠯᠴᠠᠬᠤ᠂ ᠬᠠᠷᠢᠯᠴᠠᠨ ᠬᠠᠪᠰᠤᠷᠤᠯᠴᠠᠵᠤ | ᠬᠠᠷᠢᠯᠴᠠᠨ ᠠᠰᠢᠭᠲᠠᠢ ᠪᠠᠶᠢᠬᠤ ᠲᠠᠪᠴᠠᠩ ᠬᠠᠩᠭᠠᠬᠤ ᠶᠢᠨ ᠬᠠᠮᠲᠤ ᠨᠤᠲᠤᠭ ᠤᠰᠤᠨ ᠤ ᠪᠠᠨ ᠠᠵᠤ ᠠᠬᠤᠢ ᠶᠢᠨ | ᠪᠦᠳᠦᠭᠡᠨ ᠪᠠᠶᠢᠭᠤᠯᠤᠯᠲᠠ ᠳᠤ ᠬᠤᠪᠢ ᠨᠡᠮᠡᠷᠢ ᠪᠠᠨ ᠦᠵᠡᠭᠦᠯᠵᠦ᠂ ᠬᠦᠴᠦᠨ ᠴᠢᠳᠠᠯ ᠢᠶᠠᠨ ᠡᠷᠭᠦᠬᠦ ᠶᠠᠪᠤᠳᠠᠯ | ᠪᠣᠯᠤᠨ᠎ᠠ ᠭᠡᠵᠦ ᠴᠢᠬᠤᠯᠠᠴᠢᠯᠠᠪᠠ᠃ | | ᠬᠤᠷᠠᠯ ᠳᠤ ᠣᠷᠣᠯᠴᠠᠭᠰᠠᠨ ᠡᠯ᠎ᠡ ᠰᠠᠯᠠᠭ᠎ᠠ ᠮᠥᠴᠢᠷ ᠤᠨ ᠬᠢᠨ ᠮᠠᠨ ᠤ ᠬᠤᠳᠠ ᠶᠢᠨ ᠳᠠᠪᠠᠭᠤᠯᠢᠭ ᠠᠵᠤ ᠦᠢᠯᠡᠰ᠂ | ᠭᠤᠣᠯᠳᠠᠯᠭ᠎ᠠ ᠲᠠᠢ ᠬᠤᠳᠠᠯᠳᠤᠭᠠᠴᠢᠨ ᠤᠷᠢᠬᠤ ᠲᠦᠷᠦᠯ ᠵᠦᠢᠯ ᠤᠨ ᠲᠤᠬᠠᠢ ᠲᠠᠨᠢᠯᠴᠠᠭᠤᠯᠭ᠎ᠠ ᠬᠢᠭᠰᠡᠨ ᠪᠥᠭᠡᠳ | ᠬᠠᠷ᠎ᠠ ᠳᠡᠯᠳᠡᠦ ᠶᠢᠨ ᠲᠠᠷᠢᠮᠠᠯ᠂ ᠡᠮ ᠡᠮᠨᠡᠯᠭᠡ ᠡᠷᠡᠭᠦᠯ ᠮᠡᠨᠳᠦ ᠶᠢᠨ ᠰᠤᠪᠢᠯᠠᠯᠲᠠ᠂ ᠠᠮᠢ ᠠᠬᠤᠢ ᠶᠢᠨ ᠵᠤᠭᠠᠴᠠᠯ᠂ | ᠰᠢᠨ᠎ᠡ ᠡᠨᠧᠷᠭᠢ ᠶᠢᠨ ᠪᠦᠳᠦᠭᠡᠨ ᠪᠠᠶᠢᠭᠤᠯᠤᠯᠲᠠ ᠵᠡᠷᠭᠡ ᠲᠦᠷᠦᠯ ᠵᠦᠢᠯ ᠤᠨ ᠲᠣᠭᠤᠷᠢᠨ ᠳᠤ ᠠᠵᠤ | ᠠᠬᠤᠶᠢᠯᠠᠯᠲᠠᠨ ᠤ ᠲᠥᠯᠥᠭᠡᠯᠡᠭᠴᠢᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠠᠢ᠃ | | ᠰᠦ᠋ ᠸᠧᠨ ᠬᠤᠷᠠᠯ ᠲᠡᠭᠦᠰᠬᠦ ᠦᠶ᠎ᠡ ᠳᠤ ᠶᠠᠷᠢᠶ᠎ᠠ ᠲᠠᠯᠪᠢᠬᠤ ᠳᠠᠭᠠᠨ᠂ ᠲᠣᠰ ᠤᠳᠠᠭᠠᠨ ᠤ ᠬᠤᠳᠠᠯᠳᠤᠭᠠᠴᠢᠨ | ᠤᠷᠢᠬᠤ ᠲᠠᠨᠢᠯᠴᠠᠭᠤᠯᠭ᠎ᠠ ᠶᠢᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠠᠵᠤ ᠠᠬᠤᠶᠢᠯᠠᠯᠲᠠᠨ ᠤ ᠨᠤᠲᠤᠭ ᠲᠠᠭᠠᠨ | ᠪᠤᠴᠠᠵᠤ ᠤᠶᠢᠯᠡᠰ ᠴᠣᠭᠴᠠᠯᠠᠬᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠠᠪᠴᠠᠩ ᠢ ᠪᠠᠶᠢᠭᠤᠯᠵᠤ᠂ | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠷᠭ᠎ᠠ ᠵᠠᠮ ᠢ ᠥᠷᠭᠡᠳᠬᠡᠨ᠂ ᠵᠠᠯᠠᠨ ᠠᠶᠢᠯ ᠬᠤᠲᠠ ᠶᠢᠨ ᠠᠵᠤ | ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠨᠠᠩ ᠶᠡᠭᠡ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ | ᠭᠡᠵᠡᠶ᠃ |