ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠭᠦᠨᠵᠡᠭᠡᠢ ᠠᠬᠢᠭᠤᠯᠵᠤ᠂ | ᠤᠯᠤᠰ ᠢᠶᠠᠨ ᠬᠦᠴᠦᠷᠬᠡᠭᠵᠢᠭᠦᠯᠵᠦ ᠴᠡᠷᠢᠭ ᠢᠶᠠᠨ ᠮᠠᠨᠳᠤᠭᠤᠯᠬᠤ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠬᠤ | ᠶᠢᠨ ᠲᠥᠯᠥᠭᠡ᠃ ᠣᠶᠢᠷ᠎ᠠ ᠳᠤ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠪᠥᠬᠦ ᠠᠷᠠᠳ ᠤᠨ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠲᠤᠰᠬᠠᠶ ᠰᠡᠳᠦᠪᠲᠦ ᠰᠤᠷᠤᠯᠴᠠᠯᠭ᠎ᠠ ᠶᠢᠨ ᠬᠤᠷᠠᠯ | ᠬᠤᠷᠠᠯᠳᠤᠭᠤᠯᠵᠤ᠂ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠰᠤᠷᠤᠯᠴᠠᠯᠭ᠎ᠠ ᠶᠢᠨ ᠬᠤᠷᠠᠯ ᠳᠤ ᠣᠷᠤᠯᠴᠠᠪᠠ᠃ | | | ᠬᠤᠷᠠᠯ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠬᠠᠤᠯᠢ︾ ᠪᠣᠯᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶ᠎ᠠ ᠪᠣᠯᠤᠨ ᠳᠦᠷᠦ ᠶᠢᠨ ᠶᠠᠪᠤᠳᠠᠯ ᠤᠨ ᠬᠤᠷᠢᠶ᠎ᠠ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ | ︽ᠰᠢᠨ᠎ᠡ ᠪᠠᠶᠢᠳᠠᠯ ᠤᠨ ᠳᠣᠣᠷᠠᠬᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠠᠵᠢᠯ ᠢ | ᠴᠢᠩᠬᠠᠳᠬᠠᠬᠤ ᠲᠤᠬᠠᠶ ᠰᠠᠨᠠᠯ︾ ᠤᠨ ᠲᠣᠪᠴᠢᠯᠠᠯ ᠵᠡᠷᠭᠡ ᠠᠭᠤᠯᠭ᠎ᠠ ᠶᠢ ᠰᠤᠷᠤᠯᠴᠠᠭᠰᠠᠨ ᠪᠥᠭᠡᠳ ᠬᠤᠯᠪᠣᠭᠳᠠᠯ | ᠪᠦᠭᠦᠢ ᠠᠵᠢᠯ ᠳᠤ ᠪᠠᠶᠢᠷᠢᠯᠠᠭᠤᠯᠤᠯᠲᠠ ᠬᠢᠵᠡᠶ᠃ | | ᠬᠤᠷᠠᠯ ᠠᠴᠠ᠂ ᠪᠦᠬᠦ ᠺᠠᠳ᠋ᠷ ᠠᠵᠢᠯᠳᠠᠨ ᠠᠵᠢᠯᠴᠢᠨ ᠰᠤᠷᠤᠯᠴᠠᠯᠭ᠎ᠠ ᠶᠢᠨ ᠳᠤᠮᠳᠠ ᠪᠠᠨ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠦᠵᠡᠯᠲᠡ ᠪᠠᠨ ᠴᠢᠨᠠᠭᠰᠢᠳᠠ ᠪᠦᠬᠦ ᠲᠠᠯ᠎ᠠ ᠪᠠᠷ ᠴᠢᠩᠭᠠᠳᠬᠠᠵᠤ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠡᠭᠦᠷᠭᠡ ᠪᠠᠨ ᠤᠬᠠᠮᠰᠠᠷ ᠠᠴᠠ ᠪᠠᠨ ᠭᠦᠢᠴᠡᠳᠬᠡᠬᠦ ᠬᠡᠷᠡᠭᠲᠡᠢ᠃ ᠨᠢᠭᠡ ᠳᠤ᠂ ᠤᠯᠤᠰ ᠲᠦᠷᠦ ᠶᠢᠨ | ᠵᠣᠭᠰᠣᠴᠠ ᠪᠠᠨ ᠳᠡᠭᠡᠭᠰᠢᠯᠡᠭᠦᠯᠵᠦ᠂ ᠪᠠᠶᠢᠳᠠᠯ ᠢ ᠣᠨᠣᠪᠴᠢᠲᠠᠢ ᠡᠵᠡᠮᠳᠡᠵᠦ᠂ ᠠᠵᠢᠯ ᠤᠨ ᠭᠤᠣᠯᠳᠠᠯᠭ᠎ᠠ ᠪᠠᠨ | ᠲᠣᠳᠣᠷᠬᠠᠶᠢᠯᠠᠵᠤ᠂ ᠰᠢᠨ᠎ᠡ ᠴᠠᠭ ᠦᠶ᠎ᠡ ᠶᠢᠨ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠬᠥᠮᠦᠵᠢᠯ ᠤᠨ ᠠᠵᠢᠯ ᠢ ᠰᠠᠶᠢᠲᠤᠷ ᠬᠢᠬᠦ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠣᠯᠤᠨ ᠲᠡᠦᠬᠡ ᠶᠢᠨ | ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠢ᠃ ᠬᠤᠶᠠᠷ ᠲᠤ ᠠᠵᠢᠯ ᠤᠨ | ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠰᠤᠷᠭᠠᠨ ᠬᠥᠮᠦᠵᠢᠯ ᠤᠨ ᠠᠵᠢᠯ ᠳᠤ ᠢᠳᠡᠪᠬᠢᠲᠡᠶ ᠰᠠᠨᠠᠭᠠᠴᠢᠯᠠᠭ᠎ᠠ ᠠᠴᠠ ᠪᠠᠨ ᠣᠷᠣᠯᠴᠠᠬᠤ ᠶᠢᠨ ᠬᠠᠮᠲᠤ ᠲᠡᠭᠦᠨ ᠢ | ᠰᠠᠶᠢᠲᠤᠷ ᠬᠢᠵᠦ᠂ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠡᠯ᠎ᠡ | ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠭᠤᠷᠪᠠ ᠳᠤ᠂ ᠬᠤᠶᠠᠷ ᠢ | ᠬᠦᠷᠢᠶᠡᠯᠡᠬᠦ ᠤᠬᠠᠭᠤᠯᠭ᠎ᠠ ᠶᠢ ᠴᠢᠩᠭᠠᠳᠬᠠᠵᠤ᠂ ᠦᠷᠭᠦᠯᠵᠢᠯᠡᠭᠰᠡᠨ ᠡᠯᠧᠺᠲᠷᠣᠨ ᠳᠡᠯᠭᠡᠴᠡ᠂ ᠤᠯᠠᠨ ᠨᠡᠶᠢᠲᠡ ᠶᠢᠨ | ᠳ᠋ᠤᠭᠠᠷ᠂ ᠸᠢᠴᠠᠲ ᠤᠨ ᠨᠠᠶᠢᠵᠠ ᠶᠢᠨ ᠲᠣᠭᠤᠷᠢᠭ ᠵᠡᠷᠭᠡ ᠶᠢ ᠠᠰᠢᠭᠯᠠᠨ ᠠᠷᠠᠳ ᠤᠨ ᠴᠡᠷᠢᠭ ᠠᠩᠬᠢ ᠶᠢᠨ ᠢᠷᠠᠭᠤ | ᠠᠯᠳᠠᠷᠲᠤ ᠲᠡᠦᠬᠡ ᠪᠣᠯᠤᠨ ᠴᠡᠷᠢᠭ ᠠᠷᠠᠳ ᠤᠨ ᠪᠦᠯᠬᠦᠮᠳᠡᠨ ᠲᠡᠮᠡᠴᠡᠭᠰᠡᠨ ᠭᠡᠷᠡᠯ ᠰᠠᠴᠤᠷᠠᠩᠭᠤᠢ ᠠᠮᠵᠢᠯᠲᠠ ᠶᠢ | ᠥᠷᠭᠡᠨ ᠢᠶᠠᠷ ᠤᠬᠠᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯᠲᠡ ᠪᠣᠯᠤᠨ ᠬᠤᠶᠠᠷ ᠢ ᠬᠦᠷᠢᠶᠡᠯᠡᠬᠦ | ᠤᠬᠠᠮᠰᠠᠷ ᠢ ᠳᠠᠰᠤᠷᠠᠯᠳᠠ ᠦᠬᠡᠢ ᠴᠢᠩᠭᠠᠳᠬᠠᠬᠤ ᠬᠡᠷᠡᠭᠲᠡᠢ᠃ |