ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠱᠦᠵᠢ ᠪᠠᠶ ᡁᠢ ᠵᠢᠶᠦ᠋ᠨ ᠲᠤᠬᠠᠶ ᠶᠢᠨ ᠲᠠᠯᠠᠪᠠᠶ ᠳᠤ ᠭᠦᠨᠵᠡᠭᠡᠶᠢᠷᠡᠨ ᠠᠵᠢᠯᠯᠠᠵᠤ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠸᠠᠺᠼᠢᠨ ᠤ ᠲᠠᠷᠢᠯᠭ᠎ᠠ  ᠶᠢᠨ ᠠᠵᠢᠯ ᠢ ᠰᠢᠪᠠᠳᠠᠨ ᠵᠢᠯᠣᠭᠤᠳᠪᠠ
ᠨᠡᠶᠢᠲᠡᠯᠡᠭᠰᠡᠨ ᠴᠠᠭ᠄
2022/8/3
ᠪᠠᠢ ᡁᠢ ᠵᠢᠶᠦ᠋ᠨ ᠳᠠᠭᠤᠷ ᠦᠨᠳᠦᠰᠦᠲᠡᠨ ᠤ ᠰᠢᠶᠠᠩ ᠤᠨ ᠵᠢᠦ ᠼᠦᠨ ᠲᠣᠰᠬᠤᠨ ᠳᠤ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠸᠠᠺᠼᠢᠨ ᠤ ᠲᠠᠷᠢᠯᠭ᠎ᠠ ᠶᠢᠨ ᠠᠵᠢᠯ ᠢ ᠱᠠᠯᠠᠪᠳᠠᠭᠤᠯᠤᠨ ᠵᠢᠯᠣᠭᠤᠳᠪᠠ᠃
ᠪᠠᠢ ᡁᠢ ᠵᠢᠶᠦ᠋ᠨ ᠳᠠᠭᠤᠷ ᠦᠨᠳᠦᠰᠦᠲᠡᠨ ᠤ ᠰᠢᠶᠠᠩ ᠤᠨ ᠮᠠᠨᠳᠤ ᠲᠣᠰᠬᠤᠨ ᠳᠤ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠸᠠᠺᠼᠢᠨ ᠤ ᠲᠠᠷᠢᠯᠭ᠎ᠠ ᠶᠢᠨ ᠠᠵᠢᠯ ᠢ ᠱᠠᠯᠠᠪᠳᠠᠭᠤᠯᠤᠨ ᠵᠢᠯᠣᠭᠤᠳᠪᠠ᠃
ᠪᠠᠢ ᡁᠢ ᠵᠢᠶᠦ᠋ᠨ ᠳ᠋ᠡ ᠾᠧ ᠸᠠᠨ ᠪᠠᠯᠭᠠᠰᠤᠨ ᠤ ᠨᠤᠸᠠᠨ ᠴᠢᠤᠸᠠᠨ ᠲᠣᠰᠬᠤᠨ ᠳᠤ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠸᠠᠺᠼᠢᠨ ᠤ ᠲᠠᠷᠢᠯᠭ᠎ᠠ ᠶᠢᠨ ᠠᠵᠢᠯ ᠢ ᠱᠠᠯᠠᠪᠳᠠᠭᠤᠯᠤᠨ ᠵᠢᠯᠣᠭᠤᠳᠪᠠ᠃    7 ᠰᠠᠷ᠎ᠠ ᠶᠢᠨ 31        ᠤ ᠡᠳᠦᠷ᠂ ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠱᠦᠵᠢ ᠪᠠᠶ ᡁᠢ ᠵᠢᠶᠦ᠋ᠨ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠸᠠᠺᠼᠢᠨ ᠤ ᠲᠠᠷᠢᠯᠭ᠎ᠠ ᠶᠢᠨ ᠠᠵᠢᠯ ᠳᠤ ᠵᠣᠷᠢᠭᠤᠯᠤᠨ ᠪᠤᠭᠤᠲᠤ ᠶᠢᠨ ᠬᠡᠰᠡᠭ ᠰᠢᠶᠠᠩ ᠪᠠᠯᠭᠠᠰᠤᠨ ᠳᠤ ᠬᠦᠷᠴᠦ ᠲᠤᠬᠠᠶ ᠶᠢᠨ ᠲᠠᠯᠠᠪᠠᠶ ᠳᠤ ᠠᠵᠢᠯᠯᠠᠪᠠ᠃ ᠪᠠᠶ ᡁᠢ ᠵᠢᠶᠦ᠋ᠨ ᠴᠢᠬᠤᠯᠠᠴᠢᠯᠠᠬᠤ ᠳᠠᠭᠠᠨ᠂ ᠡᠯ᠎ᠡ ᠱᠠᠲᠤ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠᠨ ᠨᠢᠭᠡᠳᠬᠡᠨ᠂ ᠵᠣᠭᠰᠣᠴᠠ ᠪᠠᠨ ᠳᠡᠭᠡᠭᠰᠢᠯᠡᠭᠦᠯᠵᠦ᠂ ᠦᠷᠭᠦᠯᠵᠢᠯᠡᠨ ᠬᠦᠴᠦᠯᠡᠵᠦ᠂ ᠬᠦᠴᠦ ᠪᠠᠨ ᠬᠠᠮᠲᠤᠳᠬᠠᠨ ᠪᠡᠷᠬᠡ ᠰᠡᠳᠦᠪ ᠢ  ᠰᠢᠢᠳᠪᠦᠷᠢᠯᠡᠵᠦ᠂ ᠲᠠᠷᠢᠯᠭ᠎ᠠ ᠶᠢᠨ ᠠᠵᠢᠯ ᠢ ᠲᠦᠷᠭᠡᠨ ᠠᠬᠢᠭᠤᠯᠵᠤ᠂ ᠪᠥᠬᠦ ᠬᠤᠲᠠ ᠶᠢᠨ ᠠᠷᠠᠳ ᠣᠯᠠᠨ ᠤ ᠡᠭᠡᠯᠢᠯᠡᠭᠡ ᠶᠢᠨ ᠬᠠᠯᠬᠠᠪᠴᠢ ᠶᠢ ᠦᠨᠡᠨ ᠬᠦ ᠪᠠᠬᠢᠵᠢᠭᠦᠯᠬᠦ ᠬᠡᠷᠡᠭᠲᠡᠶ ᠭᠡᠵᠡᠶ᠃  ᠪᠠᠶ ᡁᠢ ᠵᠢᠶᠦ᠋ᠨ ᠤᠷᠢᠳ ᠬᠤᠵᠢᠳ ᠳᠠᠭᠤᠷ ᠮᠠᠨᠳᠤ ᠲᠣᠰᠬᠤᠨ᠂ ᠵᠢᠦ ᠼᠦᠨ ᠲᠣᠰᠬᠤᠨ᠂ ᠳ᠋ᠠ ᠾᠧ ᠸᠠᠨ ᠪᠠᠯᠭᠠᠰᠤᠨ ᠤ ᠨᠤᠸᠠᠨ ᠴᠢᠤᠸᠠᠨ ᠲᠣᠰᠬᠤᠨ ᠵᠡᠷᠭᠡ ᠭᠠᠵᠠᠷ ᠲᠤ ᠬᠦᠷᠴᠦ᠂ ᠡᠯ᠎ᠡ ᠭᠠᠵᠠᠷ ᠤᠨ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠸᠠᠺᠼᠢᠨ ᠤ ᠲᠠᠷᠢᠯᠭ᠎ᠠ ᠬᠢᠭᠰᠡᠨ ᠦᠭᠡᠶ ᠰᠢᠯᠲᠠᠭᠠᠨ ᠢ ᠨᠠᠷᠢᠨ ᠣᠶᠢᠯᠠᠭᠠᠵᠤ᠂ ᠡᠭᠦᠨ ᠤ ᠬᠠᠮᠲᠤ ᠬᠠᠷᠢᠶ᠎ᠠ ᠭᠠᠵᠠᠷ᠂ ᠲᠠᠷᠢᠯᠭ᠎ᠠ ᠶᠢᠨ ᠨᠢᠭᠡᠴᠡ᠂ ᠳᠠᠭᠠᠭᠠᠴᠢᠯᠠᠨ ᠬᠤᠯᠪᠣᠭᠠᠯᠠᠭᠰᠠᠨ ᠨᠢᠭᠡᠴᠡ᠂ ᠡᠮᠴᠢᠯᠡᠭᠡᠨ ᠤ ᠪᠠᠲᠤᠯᠠᠭ᠎ᠠ ᠶᠢᠨ ᠨᠢᠭᠡᠴᠡ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠲᠠᠢ ᠶᠠᠷᠢᠯᠴᠠᠨ ᠰᠣᠯᠢᠯᠴᠠᠵᠤ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠬᠢᠨ ︽ᠴᠡᠭᠡᠷᠯᠡᠬᠦ ᠡᠪᠡᠳᠴᠢᠨ︾ ᠤ ᠪᠠᠷᠢᠮᠵᠢᠶ᠎ᠠ ᠶᠢ ᠣᠨᠣᠪᠴᠢᠲᠠᠶ ᠡᠵᠡᠮᠰᠢᠵᠦ᠂ ᠤᠯᠤᠰ ᠤᠨ ᠶᠡᠭᠡ ᠲᠠᠯ᠎ᠠ᠂ ᠠᠨᠠᠭᠠᠬᠤ ᠤᠬᠠᠭᠠᠨ ᠤ ᠲᠠᠯ᠎ᠠ ᠠᠴᠠ ᠣᠨᠣᠪᠴᠢᠲᠠᠶ ᠰᠤᠳᠤᠯᠤᠨ ᠮᠠᠭᠠᠳᠯᠠᠵᠤ᠂ ᠡᠷᠦᠬᠡ ᠳᠤ ᠬᠦᠷᠴᠦ ᠰᠤᠷᠪᠤᠯᠵᠢᠯᠠᠬᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠡᠮᠴᠢᠯᠡᠭᠡᠨ ᠤ ᠪᠠᠲᠤᠯᠠᠭ᠎ᠠ ᠵᠡᠷᠭᠡ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠸᠠᠺᠼᠢᠨ ᠤ ︽ᠭᠥᠯᠢᠶᠡᠨ ᠠᠪᠬᠤ ᠶᠣᠰᠣᠲᠠᠶ ᠶᠢ ᠨᠢ ᠴᠥᠮ ᠭᠥᠯᠢᠶᠡᠨ ᠠᠪᠬᠤ︾ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃  ᠪᠠᠢ ᡁᠢ ᠵᠢᠶᠦ᠋ᠨ ᠴᠢᠬᠤᠯᠠᠴᠢᠯᠠᠭᠰᠠᠨ ᠨᠢ᠂ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠸᠠᠺᠼᠢᠨ ᠤ ᠲᠠᠷᠢᠯᠭ᠎ᠠ ᠶᠢᠨ ᠠᠵᠢᠯ ᠤᠨ ᠴᠠᠭ ᠪᠠᠴᠢᠮ᠂ ᠡᠭᠦᠷᠭᠡ ᠬᠦᠨᠳᠦ᠂ ᠡᠯ᠎ᠡ ᠱᠠᠳᠤ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠶᠡᠭᠡ ᠲᠠᠯ᠎ᠠ ᠶᠢᠨ ᠤᠬᠠᠮᠰᠠᠷ ᠢ ᠪᠠᠲᠤ ᠪᠤᠢ ᠪᠣᠯᠭᠠᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠤᠯᠤᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠡᠮᠨᠡᠯᠭᠡ ᠶᠢᠨ ᠠᠵᠢᠯᠳᠠᠨ ᠤ ᠪᠣᠯᠪᠠᠰᠤᠷᠠᠯ ᠢ ᠴᠢᠩᠭᠠᠳᠬᠠᠵᠤ᠂ ᠬᠦᠴᠦᠨ ᠢᠶᠠᠨ ᠴᠠᠭ ᠲᠤᠬᠠᠢ ᠳᠤᠨᠢ ᠲᠤᠬᠢᠷᠠᠭᠤᠯᠤᠨ ᠲᠡᠭᠦᠯᠳᠡᠷᠵᠢᠭᠦᠯᠵᠦ᠂ ᠦᠨᠡᠯᠡᠯᠲᠡ ᠶᠢ ᠨᠠᠷᠢᠨ ᠬᠢᠨᠠᠮᠠᠭᠠᠢ ᠰᠢᠨᠵᠢᠯᠡᠬᠦ ᠤᠬᠠᠭᠠᠨᠴᠢ ᠪᠠᠷ ᠥᠷᠨᠢᠭᠦᠯᠵᠦ᠂ ︽ᠬᠦᠯᠢᠶᠡᠨ ᠠᠪᠬᠤ ᠶᠣᠰᠣᠲᠠᠢ ᠠᠴᠠ ᠪᠢᠰᠢ ᠬᠦᠯᠢᠶᠡᠨ ᠠᠪᠬᠤ ᠦᠭᠡᠢ︾ ᠤᠯᠠᠨ ᠲᠦᠮᠡᠨ ᠤ ᠡᠷᠡᠭᠡᠯᠵᠡᠭᠡ ᠶᠢ ᠲᠠᠶᠠᠭᠳᠠᠭᠤᠯᠵᠤ᠂ ᠰᠠᠨᠠᠭ᠎ᠠ ᠠᠮᠤᠷ ᠲᠠᠷᠢᠯᠭ᠎ᠠ ᠬᠢᠬᠦ ᠬᠡᠷᠡᠭᠲᠡᠢ᠃ ᠡᠮᠴᠢ ᠰᠤᠪᠢᠯᠠᠭᠴᠢ ᠶᠢᠨ ᠪᠠᠲᠤᠯᠠᠪᠤᠷᠢ ᠶᠢᠨ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ︽ᠳᠠᠬᠢᠨ ᠳᠠᠶᠢᠴᠢᠯᠠᠬᠤ᠂ ᠳᠠᠬᠢᠨ ᠡᠷᠦᠬᠡ ᠳᠤ ᠣᠷᠣᠬᠤ︾ ᠪᠠᠷ ᠳᠠᠮᠵᠢᠨ ᠦᠷᠭᠦᠯᠵᠢᠯᠡᠨ ᠬᠦᠴᠦᠯᠡᠵᠦ᠂ ᠸᠠᠺᠼᠢᠨ ᠤ ᠲᠠᠷᠢᠯᠭ᠎ᠠ ᠶᠢᠨ ᠪᠦᠷᠬᠦᠴᠡ ᠶᠢᠨ ᠨᠤᠷᠮ᠎ᠠ ᠶᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠬᠠᠮᠠᠭᠠᠯᠠᠯᠲᠠ ᠶᠢᠨ ᠲᠣᠣᠷ ᠢ ᠨᠢᠭᠲᠠ ᠪᠥᠭᠡᠳ ᠪᠠᠲᠤ ᠰᠦᠯᠵᠢᠬᠦ ᠬᠡᠷᠡᠭᠲᠡᠢ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号