ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠱᠦᠵᠢ ᠪᠠᠶ ᡁᠢ ᠵᠢᠶᠦ᠋ᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯᠭᠦᠶ ᠤᠶᠢᠯᠡᠳᠪᠦᠷᠢᠯᠡᠬᠦ᠂ ᠡᠪᠦᠯ ᠤᠨ ᠤᠯᠠᠷᠢᠯ ᠤᠨ ᠳᠤᠯᠠᠭᠠᠯᠠᠭ᠎ᠠ ᠬᠠᠩᠭᠠᠬᠤ ᠵᠡᠷᠭᠡ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2022/9/13
 9 ᠰᠠᠷ᠎ᠠ ᠶᠢᠨ 8       ᠤ ᠡᠳᠦᠷ᠂ ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠱᠦᠵᠢ ᠪᠠᠶ ᡁᠢ ᠵᠢᠶᠦ᠋ᠨ ︽ᠨᠢᠭᠡ ᠲᠠᠯᠠᠪᠤᠷ ᠬᠤᠶᠠᠷ ᠥᠷᠲᠡᠭᠡ︾᠂ ᠵᠠᠰᠠᠮᠠᠯ ᠵᠠᠮ ᠤᠨ ᠪᠣᠭᠤᠮᠲᠠ᠂ ᠳᠤᠯᠠᠭᠠᠯᠠᠭ᠎ᠠ ᠶᠢᠨ ᠠᠵᠤ ᠠᠬᠤᠶᠢᠯᠠᠯ ᠵᠡᠷᠭᠡ ᠳᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯᠭᠦᠶ ᠤᠶᠢᠯᠡᠳᠪᠦᠷᠢᠯᠡᠬᠦ ᠂ ᠡᠪᠦᠯ ᠤᠨ ᠤᠯᠠᠷᠢᠯ ᠤᠨ ᠳᠤᠯᠠᠭᠠᠯᠠᠭ᠎ᠠ ᠬᠠᠩᠭᠠᠬᠤ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠵᠦ ᠬᠢᠨᠠᠨ ᠵᠢᠯᠣᠭᠤᠳᠪᠠ᠃ ᠬᠤᠲᠠ ᠶᠢᠨ ᠤᠳᠤᠷᠢᠳᠤᠯᠭ᠎ᠠ ᠦ᠋ ᠴᠧᠨ ᠳ᠋ᠦᠩ᠂ ᠵᠢᠶᠠᠩ ᠵᠢᠶᠦ᠋ᠨ ᠶᠦᠩ᠂ ᠯᠢ ᠶᠠᠨ ᠯᠢᠩ᠂ ᠬᠠᠨ ᡁᠢ ᠯᠢ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠲᠣᠰ ᠲᠣᠰ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃  ᠭᠠᠯᠲᠤ ᠲᠡᠷᠭᠡᠨ ᠤ ᠦᠷᠳᠡᠭᠡ᠂ ᠠᠶᠠᠨᠴᠢᠳ ᠤᠨ ᠲᠡᠭᠡᠭᠡᠪᠦᠷᠢ ᠶᠢᠨ ᠦᠷᠳᠡᠭᠡ᠂ ᠨᠢᠰᠬᠡᠯ ᠤᠨ ᠪᠠᠭᠤᠳᠠᠯ᠂ ᠵᠠᠯᠠᠨ ᠠᠶᠢᠯ ᠤᠨ ᠪᠠᠷᠠᠭᠤᠨ ᠬᠡᠰᠡᠭ ᠤᠨ ᠲᠦᠷᠭᠡᠨ ᠳᠠᠪᠬᠢᠬᠤ ᠵᠠᠰᠠᠮᠠᠯ ᠵᠠᠮ ᠤᠨ  ᠪᠣᠭᠤᠮᠲᠡ ᠵᠡᠷᠭᠡ ᠭᠠᠵᠠᠷ ᠲᠤ᠂ ᠪᠠᠢ ᡁᠢ ᠵᠢᠶᠦ᠋ᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠥᠮᠦᠰ ᠤᠨ ᠲᠤᠨᠤᠭ ᠲᠥᠬᠦᠭᠡᠷᠦᠮᠵᠢ ᠶᠢᠨ ᠲᠤᠬᠢᠷᠠᠭᠤᠯᠤᠯᠳᠠ᠂ ᠭᠤᠣᠯᠳᠠᠯᠭ᠎ᠠ ᠲᠠᠢ ᠲᠠᠯᠠᠪᠤᠷ ᠭᠠᠵᠠᠷ ᠤᠨ ᠭᠤᠷᠪᠠᠨ ᠲᠣᠭᠤᠷᠢᠭ ᠬᠤᠶᠠᠷ ᠨᠡᠪᠲᠡᠷᠡᠬᠦ ᠵᠠᠮ ᠤᠨ ᠬᠤᠪᠢᠶᠠᠷᠢᠯᠠᠯ᠂ ᠴᠥᠮ᠎ᠡ ᠶᠢᠨ ᠬᠦᠴᠢᠯ ᠤᠨ ᠪᠠᠶᠢᠴᠠᠭᠠᠨ ᠬᠡᠮᠵᠢᠯᠲᠡ᠂ ᠦᠷᠳᠡᠭᠡ ᠶᠢᠨ ᠪᠠᠶᠢᠷᠢᠯᠠᠭᠤᠯᠤᠯᠲᠠ᠂ ᠮᠡᠳᠡᠭᠡ ᠵᠠᠩᠭᠢᠵᠢᠯᠲᠠ ᠶᠢᠨ ᠪᠦᠳᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠠᠰᠠᠭᠤᠨ ᠵᠢᠯᠣᠭᠤᠳᠪᠠ᠃ ᠲᠡᠷᠡ ᠬᠡᠯᠡᠬᠦ ᠳᠡᠭᠡᠨ᠂ ᠵᠠᠯᠠᠨ ᠠᠶᠢᠯ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠣᠳᠣᠬᠠᠨ ᠤ ᠣᠯᠤᠭᠰᠠᠨ ᠠᠮᠵᠢᠯᠲᠠ ᠪᠦᠲᠦᠮᠵᠢ ᠨᠢ ᠪᠥᠬᠦ ᠬᠤᠲᠠ ᠶᠢᠨ ᠠᠷᠠᠳ ᠲᠦᠮᠡᠨ ᠤ ᠬᠠᠮᠲᠤ ᠪᠠᠷ ᠭᠠᠷᠭᠠᠭᠰᠠᠨ᠂ ᠨᠢᠭᠡᠳᠦᠭᠡᠷ ᠹᠷᠣᠨᠲ ᠤᠨ ᠠᠵᠢᠯᠲᠠᠨ ᠤ ᠠᠵᠢᠯ ᠤᠨ ᠪᠠᠶᠢᠷᠢ ᠪᠠᠨ ᠪᠠᠲᠤ ᠰᠠᠬᠢᠵᠤ᠂ ᠲᠤᠰᠢᠶᠠᠯ ᠬᠠᠷᠢᠭᠤᠴᠠᠯᠭ᠎ᠠ ᠪᠠᠨ  ᠭᠦᠢᠴᠡᠳᠭᠡᠨ᠂ ᠰᠢᠷᠭᠠᠭᠤ ᠬᠠᠲᠠᠭᠤᠵᠢᠯᠲᠠᠶ ᠴᠢᠷᠮᠠᠶᠢᠭᠰᠠᠨ ᠲᠠᠢ ᠰᠠᠯᠤᠰᠢ ᠥᠬᠡᠶ ᠶᠤᠮ ᠭᠡᠵᠡᠶ ᠃ ᠲᠡᠷᠡ ᠡᠯ᠎ᠡ ᠬᠤᠯᠪᠣᠭᠳᠠᠯ ᠪᠦᠬᠦᠢ ᠡᠭᠦᠷᠭᠡ ᠴᠢᠳᠠᠪᠬᠢᠳᠦ ᠰᠠᠯᠠᠭ᠎ᠠ ᠮᠥᠴᠢᠷ ᠤᠨ ᠬᠢᠨ ᠠᠷᠤ ᠲᠠᠯ᠎ᠠ ᠶᠢᠨ ᠪᠠᠲᠤᠯᠠᠪᠤᠷᠢ ᠶᠢᠨ ᠦᠢᠯᠡᠴᠢᠯᠡᠭᠡᠨ ᠤ ᠠᠵᠢᠯ ᠢ ᠦᠨᠡᠨᠬᠦ ᠰᠠᠶᠢᠲᠤᠷ ᠬᠢᠵᠦ᠂ ᠨᠢᠭᠡᠳᠦᠭᠡᠷ ᠹᠷᠣᠨᠲ ᠤᠨ ᠠᠵᠢᠯᠲᠠᠳ ᠤᠨ ᠬᠠᠯᠠᠭᠤᠨ ᠬᠤᠭᠤᠯᠠ ᠢᠳᠡᠬᠦ᠂ ᠬᠠᠯᠠᠭᠤᠨ ᠤᠰᠤ ᠤᠤᠭᠤᠬᠤ᠂ ᠠᠵᠢᠯ ᠠᠮᠢᠳᠤᠷᠠᠯ ᠤᠨ ᠲᠠᠯ᠎ᠠ ᠪᠠᠷ ᠴᠥᠮ ᠰᠠᠨᠠᠭ᠎ᠠ ᠠᠮᠤᠷ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠲᠡᠷᠡ ᠴᠢᠬᠤᠯᠠᠴᠢᠯᠠᠭᠰᠠᠨ ᠨᠢ᠂ ᠬᠤᠶᠠᠷ ᠪᠠᠶᠠᠷ ᠤᠨ ᠡᠳᠦᠷ ᠤᠳᠠᠯ ᠥᠬᠡᠶ ᠬᠦᠷᠴᠦ ᠢᠷᠡᠬᠦ ᠭᠡᠵᠦ ᠪᠠᠶᠢᠨ᠎ᠠ᠂ ᠲᠣᠬᠤᠨᠢᠭᠤᠯᠵᠤ ᠬᠠᠯᠠᠮᠵᠢᠯᠠᠬᠤ ᠠᠵᠢᠯ ᠢ ᠬᠢᠨᠠᠮᠠᠭᠠᠶ ᠰᠠᠶᠢᠲᠤᠷ ᠥᠷᠨᠢᠭᠦᠯᠵᠦ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠯᠠᠮᠵᠢᠯᠠᠯ ᠢ ᠡᠮᠦᠨ᠎ᠡ ᠹᠷᠣᠨᠲ ᠤᠨ ᠠᠵᠢᠯᠲᠠᠳ ᠤᠨ ᠭᠠᠷ ᠲᠤ ᠬᠦᠷᠭᠡᠵᠦ᠂ ᠲᠡᠳᠡᠨ ᠤ ᠬᠤᠶᠢᠰᠢᠳᠠ ᠶᠢᠨ ᠵᠣᠪᠠᠨᠢᠯ ᠢ ᠰᠠᠶᠢᠲᠤᠷ ᠰᠢᠢᠳᠪᠦᠷᠢᠯᠡᠵᠤ ᠥᠭᠬᠦ ᠬᠡᠷᠡᠭᠲᠡᠶ ᠭᠡᠵᠡᠶ᠃   ᠪᠠᠢ ᡁᠢ ᠵᠢᠶᠦ᠋ᠨ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠨᠠᠷᠢᠨ ᠪᠤᠳᠤᠯᠢᠶᠠᠨᠲᠠᠢ ᠪᠥᠭᠡᠳ ᠬᠦᠨᠳᠦ ᠨᠣᠴᠢᠲᠠᠢ ᠪᠠᠶᠢᠨ᠎ᠠ᠂ ᠨᠢᠭᠡ ᠲᠠᠯᠠᠪᠤᠷ ᠬᠤᠶᠠᠷ ᠦᠷᠳᠡᠭᠡ᠂ ᠲᠦᠷᠭᠡᠨ ᠳᠠᠪᠬᠢᠬᠤ ᠵᠠᠰᠠᠮᠠᠯ ᠵᠠᠮ ᠤᠨ ᠪᠣᠭᠤᠮᠲᠠ ᠵᠡᠷᠭᠡ ᠣᠷᠣᠵᠤ ᠭᠠᠷᠬᠤ ᠭᠠᠵᠠᠷ ᠪᠣᠯ ᠰᠡᠷᠭᠡᠶᠢᠯᠡᠨ ᠡᠵᠡᠮᠳᠡᠬᠦ ᠵᠠᠩᠭᠢᠯᠠᠭ᠎ᠠ ᠶᠢᠨ ᠴᠡᠭ ᠪᠣᠯᠤᠨ᠎ᠠ᠂ ᠰᠡᠷᠭᠡᠶᠢᠯᠡᠬᠦ ᠪᠠᠷ ᠭᠤᠣᠯ ᠪᠣᠯᠭᠠᠬᠤ᠂ ᠤᠷᠢᠳᠴᠢᠯᠠᠨ ᠰᠡᠷᠭᠡᠶᠢᠯᠡᠬᠦ ᠶᠢ ᠲᠡᠷᠢᠭᠦᠨ ᠳᠤ ᠲᠠᠯᠪᠢᠬᠤ ᠶᠢ ᠢᠮᠠᠭᠲᠠ ᠪᠠᠷᠢᠮᠲᠠᠯᠠᠵᠤ᠂ ᠪᠠᠶᠢᠩᠭᠤᠵᠢᠭᠰᠠᠨ ᠤᠷᠳᠤ ᠬᠤᠭᠤᠴᠠᠭᠠᠨ ᠤ ᠪᠦᠲᠦᠮᠵᠢᠲᠡᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢ ᠴᠢᠨᠠᠭᠰᠢᠳᠠ ᠪᠠᠶᠢᠭᠤᠯᠤᠨ ᠪᠦᠷᠢᠨᠰᠢᠬᠦᠯᠵᠦ᠂ ᠠᠵᠢᠯᠳᠠᠨ ᠤ ᠬᠦᠴᠦᠨ ᠢ ᠵᠣᠬᠢᠰᠲᠠᠢ ᠲᠤᠬᠢᠷᠠᠭᠤᠯᠵᠤ᠂ ᠰᠡᠷᠭᠡᠶᠢᠯᠡᠨ ᠡᠵᠡᠮᠳᠡᠬᠦ ᠪᠦᠬᠦ ᠭᠤᠭᠴᠤᠭ᠎ᠠ ᠶᠢᠨ ᠡᠯ᠎ᠡ ᠶᠠᠪᠤᠴᠠ ᠶᠢ ᠨᠠᠷᠢᠨ ᠪᠣᠳᠠᠲᠠᠢ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠣᠷ ᠢ ᠨᠢᠭᠲᠠ ᠪᠥᠭᠡᠳ ᠪᠠᠲᠤ ᠰᠦᠯᠵᠢᠬᠦ ᠬᠡᠷᠡᠭᠲᠡᠢ᠃ ᠪᠤᠭᠤᠲᠤ ᠶᠢᠨ ᠬᠤᠯᠪᠣᠭ᠎ᠠ ᠶᠢᠨ ᠤᠳᠤᠷᠢᠳᠤᠯᠭ᠎ᠠ᠂ ᠵᠢᠵᠢᠭᠦᠷᠯᠡᠨ ᠰᠠᠬᠢᠭᠴᠢ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠺᠣᠳ᠋ ᠰᠢᠷᠪᠢᠵᠦ ᠳᠡᠩᠰᠡᠯᠡᠨ ᠳᠤᠯᠠᠭᠠᠨ ᠤ ᠬᠡᠮᠵᠢᠶ᠎ᠡ ᠶᠢ ᠬᠡᠮᠵᠢᠬᠦ᠂ ᠰᠠᠯᠭᠠᠨ ᠵᠠᠯᠠᠵᠤ ᠵᠢᠯᠣᠭᠤᠳᠤᠨ ᠪᠠᠶᠢᠴᠠᠭᠠᠨ ᠬᠡᠮᠵᠢᠬᠦ ᠵᠡᠷᠭᠡ ᠠᠵᠢᠯ ᠢ ᠴᠢᠩᠭ᠎ᠠ ᠰᠠᠶᠢᠲᠤᠷ ᠬᠢᠵᠦ᠂  ᠤᠶᠢᠯᠡᠴᠢᠯᠡᠭᠡᠨ ᠤ ᠴᠤᠪᠤᠷᠠᠯ ᠢ ᠲᠠᠰᠤᠷᠠᠯᠲᠠ ᠥᠬᠡᠶ ᠰᠢᠯᠢᠳᠡᠭᠵᠢᠭᠦᠯᠦᠨ ᠵᠢᠷᠤᠮᠵᠢᠭᠤᠯᠵᠤ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠬᠥᠯᠥᠨ ᠪᠤᠶᠢᠷ ᠤᠨ ᠡᠮᠦᠨ᠎ᠡ ᠶᠡᠭᠡ ᠡᠭᠦᠳᠡ ᠶᠢ ᠪᠠᠲᠤ ᠰᠠᠬᠢᠵᠤ ᠪᠠᠲᠤ ᠰᠠᠬᠢᠬᠤ ᠬᠡᠷᠡᠭᠲᠡᠶ᠃ ᠡᠭᠦᠨ ᠤ ᠵᠡᠷᠭᠡᠴᠡᠭᠡᠪᠡᠷ᠂ ︽ᠨᠢᠭᠡ ᠲᠠᠯᠠᠪᠤᠷ ᠬᠤᠶᠠᠷ ᠦᠷᠳᠡᠭᠡ︾ ᠪᠠ ᠵᠠᠮ ᠬᠠᠷᠢᠯᠴᠠᠭᠠᠨ ᠤ ᠠᠮᠤᠷ ᠲᠦᠪᠰᠢᠨ ᠤ ᠪᠠᠶᠢᠴᠠᠭᠠᠯᠲᠠ ᠶᠢ ᠬᠢᠨᠠᠮᠠᠭᠠᠶ ᠥᠷᠨᠢᠭᠦᠯᠵᠦ᠂ ᠠᠶᠤᠯᠭᠦᠶ ᠦᠢᠯᠡᠳᠪᠦᠷᠢᠯᠡᠯ ᠤᠨ ᠲᠠᠯᠳᠠ ᠬᠡᠮ ᠢ ᠡᠷᠡᠰ ᠴᠡᠭᠴᠡᠯᠡᠨ ᠵᠠᠰᠠᠵᠤ᠂ ᠠᠷᠠᠳ ᠤᠯᠠᠨ ᠤ ᠠᠮᠢ ᠨᠠᠰᠤ ᠡᠳ᠋ ᠬᠥᠷᠤᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ  ᠭᠡᠵᠡᠢ᠃   ᠰᠢᠨᠴᠡᠩ ᠲᠥᠪᠯᠡᠷᠡᠭᠦᠯᠦᠨ ᠢᠯᠴᠢ ᠬᠠᠩᠭᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ᠂ ᠪᠠᠢ ᡁᠢ ᠵᠢᠶᠦ᠋ᠨ ᠦᠢᠯᠡᠳᠪᠦᠷᠢ ᠶᠢᠨ ᠲᠠᠰᠤᠭ᠂ ᠳᠤᠬᠢᠷᠠᠭᠤᠯᠭ᠎ᠠ ᠶᠢᠨ ᠲᠥᠪ᠂ ᠨᠡᠭᠦᠷᠡᠰᠦ ᠬᠠᠳᠠᠭᠠᠯᠠᠬᠤ ᠬᠥᠮᠥᠷᠭᠡ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠡᠪᠦᠯ ᠤᠨ ᠤᠯᠠᠷᠢᠯ ᠤᠨ ᠢᠯᠴᠢ ᠬᠠᠩᠭᠠᠬᠤ ᠪᠡᠯᠡᠳᠬᠡᠯ᠂ ᠠᠮᠤᠷ ᠲᠦᠪᠰᠢᠨ ᠤ ᠪᠠᠶᠢᠴᠠᠭᠠᠨ ᠵᠠᠰᠠᠯᠲᠠ ᠵᠡᠷᠭᠡ ᠪᠠᠶᠢᠳᠠᠯ ᠢ ᠨᠠᠷᠢᠨ ᠠᠰᠠᠭᠤᠨ ᠯᠠᠪᠯᠠᠪᠠ᠃ ᠪᠠᠶ ᡁᠢ ᠵᠢᠶᠦ᠋ᠨ ᠢᠯᠡᠷᠬᠡᠶᠢᠯᠡᠬᠦ ᠳᠡᠭᠡᠨ᠂ ᠢᠯᠴᠢ ᠬᠠᠩᠭᠠᠬᠤ  ᠤᠶᠢᠯᠡᠰ ᠪᠣᠯ ᠲᠦᠭ ᠲᠦᠮᠡᠨ ᠠᠶᠢᠯ ᠡᠷᠦᠬᠡ ᠲᠠᠢ ᠬᠤᠯᠪᠣᠭᠳᠠᠵᠤ᠂ ᠠᠷᠠᠳ ᠤᠨ ᠰᠡᠳᠬᠢᠯ ᠤᠨ ᠤᠶᠢᠯᠡᠰ᠂ ᠠᠷᠠᠳ ᠤᠨ ᠠᠮᠢᠳᠤᠷᠠᠯ ᠤᠨ ᠤᠶᠢᠯᠡᠰ ᠮᠥᠨ᠃ ᠡᠯ᠎ᠡ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠪᠣᠯᠤᠨ ᠢᠯᠴᠢ ᠬᠠᠩᠭᠠᠬᠤ ᠠᠵᠤ ᠠᠬᠤᠶᠢᠯᠠᠯ ᠤᠨ ᠬᠢᠨ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠵᠢᠭᠰᠠᠭᠠᠵᠤ᠂ ᠢᠯᠴᠢ ᠬᠠᠩᠭᠠᠬᠤ ᠮᠠᠰᠢᠨ ᠴᠣᠭᠴᠠᠯᠠᠪᠤᠷᠢ᠂ ᠡᠷᠦᠬᠡ ᠳᠤ ᠣᠷᠣᠬᠤ ᠬᠤᠭᠤᠯᠠᠶ ᠶᠢᠨ ᠲᠣᠤᠷ ᠢ ᠪᠠᠶᠢᠴᠠᠭᠠᠨ ᠵᠠᠰᠠᠬᠤ᠂ ᠬᠠᠮᠠᠭᠠᠯᠠᠬᠤ ᠪᠠ ᠨᠡᠭᠦᠷᠡᠰᠦ ᠬᠠᠳᠠᠭᠠᠯᠠᠬᠤ ᠵᠡᠷᠭᠡ ᠠᠵᠢᠯ ᠢ ᠴᠠᠭ ᠲᠤᠬᠠᠶ ᠳᠤᠨᠢ ᠥᠨᠳᠥᠷ ᠪᠦᠲᠦᠮᠵᠢᠲᠡᠶ ᠪᠠᠷ ᠪᠡᠶᠡᠯᠡᠭᠦᠯᠵᠦ᠂ ᠣᠶᠤᠨᠴᠢᠯᠠᠭᠰᠠᠨ ᠬᠢᠨᠠᠨ ᠬᠡᠮᠵᠢᠬᠦ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠢᠯᠴᠢ ᠬᠠᠩᠭᠠᠬᠤ ᠠᠮᠤᠷ ᠲᠦᠪᠰᠢᠨ ᠤ ᠤᠶᠢᠯᠡᠴᠢᠯᠡᠭᠡᠨ ᠤ ᠪᠠᠲᠤᠯᠠᠭ᠎ᠠ ᠶᠢᠨ ᠤᠬᠠᠭᠤᠯᠭ᠎ᠠ ᠶᠢ ᠪᠥᠬᠦ ᠲᠠᠯ᠎ᠠ ᠪᠠᠷ ᠴᠢᠩᠭᠠᠳᠬᠠᠵᠤ᠂ ᠠᠶᠤᠯ ᠥᠬᠡᠶ ᠤᠶᠢᠯᠡᠳᠪᠦᠷᠢᠯᠡᠯ᠂ ᠨᠠᠷᠢᠯᠢᠭ ᠣᠨᠣᠴᠠᠲᠠᠶ ᠥᠨᠳᠥᠷ ᠪᠦᠲᠦᠮᠵᠢᠲᠡᠶ ᠤᠶᠢᠯᠡᠴᠢᠯᠡᠭᠡ ᠶᠢ ᠦᠨᠡᠨᠬᠦ ᠪᠠᠲᠤᠯᠠᠵᠤ᠂ ᠬᠤᠲᠠ ᠶᠢᠨ ᠠᠷᠠᠳ ᠲᠦᠮᠡᠨ ᠤ ᠢᠯᠴᠢ ᠬᠠᠩᠭᠠᠬᠤ ᠤᠯᠠᠷᠢᠯ ᠳᠤ ᠪᠡᠶ᠎ᠡ ᠰᠡᠳᠬᠢᠯ ᠢ ᠨᠠᠩ ᠳᠤᠯᠠᠭᠠᠴᠠᠭᠤᠯᠤᠨ᠎ᠠ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号