ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠠᠵᠤ ᠠᠬᠤᠢ ᠶᠢᠨ ᠶᠡᠭᠡ ᠲᠠᠯ᠎ᠠ ᠶᠢ ᠲᠣᠭᠲᠠᠪᠤᠷᠢᠵᠢᠭᠤᠯᠬᠤ ᠬᠢᠨᠠᠨ ᠵᠢᠯᠣᠭᠤᠳᠤᠯᠭ᠎ᠠ ᠪᠣᠯᠣᠨ ᠦᠢᠯᠡᠴᠢᠯᠡᠭᠡᠨ ᠤ ᠠᠵᠢᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ ᠲᠥᠷᠥ ᠶᠢᠨ ᠪᠣᠳᠣᠯᠭ᠎ᠠ ᠶᠢᠨ ᠨᠥᠯᠥᠭᠡ ᠦᠢᠯᠡᠳᠦᠯ ᠢ ᠭᠦᠢᠴᠡᠳ ᠪᠠᠳᠠᠷᠠᠭᠤᠯᠵᠤ ᠪᠦᠲᠦᠮᠵᠢᠲᠡᠢ ᠬᠡᠷᠡᠭᠴᠡᠭᠡ ᠶᠢ ᠲᠦᠷᠭᠡᠪᠴᠢᠯᠡᠨ ᠥᠷᠭᠡᠳᠬᠡᠬᠦ ᠲᠤᠬᠠᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2022/9/2
ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃      ᠠᠵᠤ ᠠᠬᠤᠢ ᠶᠢᠨ ᠶᠡᠭᠡ ᠲᠠᠯ᠎ᠠ ᠶᠢ ᠲᠣᠭᠲᠠᠪᠤᠷᠢᠵᠢᠭᠤᠯᠬᠤ ᠬᠢᠨᠠᠨ ᠵᠢᠯᠣᠭᠤᠳᠤᠯᠭ᠎ᠠ ᠪᠠ ᠦᠢᠯᠡᠴᠢᠯᠡᠭᠡᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠥᠷᠥ ᠶᠢᠨ ᠪᠣᠳᠣᠯᠭ᠎ᠠ ᠶᠢᠨ ᠨᠥᠯᠥᠭᠡ ᠦᠢᠯᠡᠳᠦᠯ ᠢ ᠭᠦᠢᠴᠡᠳ ᠪᠠᠳᠠᠷᠠᠭᠤᠯᠵᠤ ᠪᠦᠲᠦᠮᠵᠢᠲᠡᠶ ᠬᠡᠷᠡᠭᠴᠡᠭᠡ ᠶᠢ ᠲᠦᠷᠭᠡᠪᠴᠢᠯᠡᠨ ᠥᠷᠭᠡᠳᠬᠡᠬᠦ ᠲᠤᠬᠠᠢ ᠪᠠᠶᠢᠷᠢᠯᠠᠭᠤᠯᠪᠠ᠃      ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠳᠦᠷᠢᠮ ᠤᠨ ᠴᠢᠨᠠᠷᠲᠠᠢ ᠠᠷᠠᠯᠵᠢᠶᠠᠨ ᠤ ᠥᠪᠡᠷ ᠤᠨ ᠥᠷᠲᠡᠭ ᠢ ᠪᠠᠭᠤᠷᠠᠭᠤᠯᠬᠤ ᠠᠷᠭ᠎ᠠ ᠬᠡᠮᠵᠢᠶ᠎ᠡ ᠶᠢ ᠲᠣᠭᠲᠠᠭᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠳᠠᠷᠤᠭᠠᠰᠤ ᠶᠢ ᠬᠥᠩᠭᠡᠯᠡᠵᠦ ᠠᠮᠢᠵᠢᠷᠠᠯ ᠤᠨ ᠬᠦᠴᠦᠨ ᠢ ᠦᠷᠭᠦᠯᠵᠢᠯᠡᠨ ᠬᠥᠭᠵᠢᠭᠡᠨ᠎ᠡ ᠭᠡᠵᠡᠢ᠃      ᠰᠢᠨᠬᠤᠸᠠ ᠬᠤᠷᠢᠶᠠᠨ ᠤ ᠪᠡᠭᠡᠵᠢᠩ ᠤᠨ 8 ᠳ᠋ᠤᠭᠠᠷ ᠰᠠᠷ᠎ᠠ ᠶᠢᠨ 31      ᠤ ᠡᠳᠦᠷ ᠤᠨ ᠮᠡᠳᠡᠭᠡ  ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 8 ᠳ᠋ᠤᠭᠠᠷ ᠰᠠᠷ᠎ᠠ ᠶᠢᠨ 31      ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠠᠵᠤ ᠠᠬᠤᠢ ᠶᠢᠨ ᠶᠡᠭᠡ ᠲᠠᠯ᠎ᠠ ᠶᠢ ᠲᠣᠭᠲᠠᠪᠤᠷᠢᠵᠢᠭᠤᠯᠬᠤ ᠬᠢᠨᠠᠨ ᠵᠢᠯᠣᠭᠤᠳᠤᠯᠭ᠎ᠠ ᠪᠠ ᠦᠢᠯᠡᠴᠢᠯᠡᠭᠡᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠥᠷᠥ ᠶᠢᠨ ᠪᠣᠳᠣᠯᠭ᠎ᠠ ᠶᠢᠨ ᠨᠥᠯᠥᠭᠡ ᠦᠢᠯᠡᠳᠦᠯ ᠢ ᠭᠦᠢᠴᠡᠳ ᠪᠠᠳᠠᠷᠠᠭᠤᠯᠵᠤ᠂ ᠪᠦᠲᠦᠮᠵᠢᠲᠡᠢ ᠬᠡᠷᠡᠭᠴᠡᠭᠡ ᠶᠢ ᠲᠦᠷᠭᠡᠪᠴᠢᠯᠡᠨ ᠥᠷᠭᠡᠳᠬᠡᠬᠦ ᠲᠤᠬᠠᠢ ᠪᠠᠶᠢᠷᠢᠯᠠᠭᠤᠯᠪᠠ︔ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠳᠦᠷᠢᠮ ᠤᠨ ᠴᠢᠨᠠᠷᠲᠠᠢ ᠠᠷᠠᠯᠵᠢᠶᠠᠨ ᠤ ᠥᠪᠡᠷ ᠤᠨ ᠥᠷᠲᠡᠭ ᠢ ᠪᠠᠭᠤᠷᠠᠭᠤᠯᠬᠤ ᠠᠷᠭ᠎ᠠ ᠬᠡᠮᠵᠢᠶ᠎ᠡ ᠶᠢ ᠲᠣᠭᠲᠠᠭᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠳᠠᠷᠤᠭᠠᠰᠤ ᠶᠢ ᠬᠥᠩᠭᠡᠯᠡᠵᠦ ᠠᠮᠢᠵᠢᠷᠠᠯ ᠤᠨ ᠬᠦᠴᠦᠨ ᠢ ᠦᠷᠭᠦᠯᠵᠢᠯᠡᠨ ᠬᠥᠭᠵᠢᠭᠡᠨ᠎ᠡ ᠭᠡᠵᠡᠢ᠃      ᠬᠤᠷᠠᠯ ᠠᠴᠠ ᠵᠢᠭᠠᠬᠤ ᠳᠤ ᠪᠠᠨ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ᠠᠵᠤ ᠠᠬᠤᠢ ᠶᠢᠨ ᠠᠵᠢᠯᠯᠠᠭᠠᠨ ᠢ ᠵᠣᠬᠢᠰᠲᠠᠢ ᠣᠷᠣᠨ ᠵᠠᠢ ᠳᠤ ᠪᠠᠶᠢᠯᠭᠠᠬᠤ ᠶᠢ ᠪᠠᠲᠤᠯᠠᠵᠤ᠂ ᠬᠠᠮᠤᠭ ᠤᠨ ᠰᠠᠶᠢᠨ ᠦᠷ᠎ᠡ ᠳ᠋ᠦᠩ ᠣᠯᠬᠤ ᠪᠠᠷ ᠴᠢᠷᠮᠠᠶᠢᠬᠤ ᠬᠡᠷᠡᠭᠲᠡᠢ᠃ ᠠᠵᠤ ᠠᠬᠤᠢ ᠶᠢᠨ ᠠᠵᠢᠯᠯᠠᠭᠠᠨ ᠤ ᠵᠢᠱᠢᠯᠲᠡ ᠠᠴᠠ ᠳᠠᠪᠠᠭᠰᠠᠨ ᠬᠦᠴᠦᠨ ᠵᠦᠢᠯ ᠤᠨ ᠳᠠᠭᠠᠷᠢᠯᠲᠠ ᠳᠤ ᠴᠢᠭᠯᠡᠭᠦᠯᠦᠨ᠂ ᠲᠦᠷᠦᠭᠦᠴᠢ ᠶᠢᠨ ᠬᠤᠭᠤᠴᠠᠭᠠᠨ ᠳᠤ ᠬᠤᠶᠠᠷ ᠵᠢᠯ ᠰᠢᠬᠠᠮ ᠨᠥᠭᠡᠴᠡᠯᠡᠭᠰᠡᠨ ᠲᠦᠷᠦ ᠶᠢᠨ ᠪᠣᠳᠣᠯᠭ᠎ᠠ ᠶᠢᠨ ᠪᠠᠭᠠᠵᠢ ᠶᠢ ᠬᠡᠷᠡᠭᠯᠡᠵᠦ ᠪᠠᠶᠢᠭᠠᠳ ᠠᠵᠤ ᠠᠬᠤᠢ ᠶᠢ ᠲᠣᠭᠲᠠᠪᠤᠷᠢᠵᠢᠭᠤᠯᠬᠤ ᠬᠠᠮ ᠲᠦᠷᠦ ᠶᠢᠨ ᠪᠣᠳᠣᠯᠭ᠎ᠠ ᠪᠠ ᠦᠷᠭᠦᠯᠵᠢᠯᠡᠬᠦᠶᠢᠴᠡ ᠲᠦᠷᠦ ᠶᠢᠨ ᠪᠣᠳᠣᠯᠭ᠎ᠠ ᠶᠢ ᠴᠠᠭ ᠲᠤᠬᠠᠢ ᠳᠤ ᠨᠢ ᠡᠷᠡᠰ ᠰᠢᠭᠤᠷᠬᠠᠢ ᠪᠠᠷ ᠬᠡᠷᠡᠭᠵᠢᠭᠦᠯᠬᠦ ᠬᠡᠷᠡᠭᠲᠡᠢ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠵᠠᠷᠢᠮ ᠲᠠᠯ᠎ᠠ ᠶᠢᠨ ᠬᠦᠴᠢᠷᠳᠡᠯ ᠨᠢ 2020 ᠣᠨ ᠤ  ᠬᠢ ᠠᠴᠠ ᠢᠯᠡᠭᠦᠦ ᠪᠠᠶᠢᠵᠤ᠂ ᠡᠨᠡ ᠵᠢᠯ ᠤᠨ ᠭᠠᠶᠢᠯᠢ ᠶᠢ ᠪᠤᠴᠠᠭᠠᠬᠤ ᠭᠠᠶᠢᠯᠢ ᠶᠢ ᠬᠥᠩᠭᠡᠯᠡᠬᠦ ᠰᠦᠢᠳᠬᠡᠯ ᠢ ᠪᠠᠭᠤᠷᠠᠭᠤᠯᠬᠤ ᠵᠡᠷᠭᠡ ᠲᠠᠯ᠎ᠠ ᠪᠠᠷ 2020 ᠣᠨ ᠢ ᠳᠠᠪᠠᠭᠰᠠᠨ ᠪᠥᠭᠡᠳ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠵᠤ ᠬᠡᠷᠡᠭᠯᠡᠭᠡ ᠶᠢ ᠠᠬᠢᠭᠤᠯᠬᠤ ᠡᠷᠴᠢᠮ ᠲᠠᠢ ᠲᠦᠷᠦ ᠶᠢᠨ ᠪᠣᠳᠣᠯᠭ᠎ᠠ ᠶᠢ ᠨᠡᠶᠢᠲᠡᠯᠡᠵᠦ᠂ ᠶᠡᠷᠦᠩᠬᠡᠢ ᠲᠦᠷᠦ ᠶᠢᠨ ᠪᠣᠳᠣᠯᠭ᠎ᠠ ᠶᠢᠨ ᠬᠡᠪᠴᠢᠶ᠎ᠡ ᠨᠢ ᠵᠦᠢ ᠵᠣᠬᠢᠰᠲᠠᠢ ᠪᠥᠭᠡᠳ ᠲᠣᠬᠢᠷᠠᠮᠵᠢᠲᠠᠢ ᠪᠣᠯᠵᠠᠢ᠃ ᠣᠳᠣᠬᠠᠨ ᠳᠤ ᠠᠵᠤ ᠠᠬᠤᠢ ᠶᠢᠨ ᠰᠡᠷᠭᠦᠯᠲᠡ ᠶᠢᠨ ᠴᠢᠬᠤᠯᠠ ᠵᠠᠩᠭᠢᠯᠠᠭ᠎ᠠ ᠶᠢᠨ ᠦᠶ᠎ᠡ ᠳᠤ ᠣᠷᠣᠰᠢᠵᠤ ᠪᠠᠶᠢᠭ᠎ᠠ ᠪᠣᠯᠬᠤᠷ ᠲᠥᠷᠥ ᠶᠢᠨ ᠪᠣᠳᠣᠯᠭ᠎ᠠ ᠶᠢᠨ ᠨᠥᠯᠥᠭᠡ ᠦᠢᠯᠡᠳᠦᠯ ᠢ ᠲᠦᠷᠭᠡᠪᠴᠢᠯᠡᠨ ᠪᠠᠳᠠᠷᠠᠭᠤᠯᠬᠤ ᠨᠢ ᠶᠠᠭᠤᠨ ᠠᠴᠠ ᠴᠦ ᠴᠢᠬᠤᠯᠠ ᠶᠤᠮ᠃ ᠣᠶᠢᠷ᠎ᠠ ᠳᠤ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠭᠤᠣᠯ ᠪᠣᠯᠬᠤ ᠠᠵᠤ ᠠᠬᠤᠢ ᠶᠢᠨ ᠮᠤᠵᠢ ᠳᠤ ᠠᠵᠢᠯᠯᠠᠬᠤ ᠳᠤᠭᠤᠶᠢᠯᠠᠩ ᠲᠣᠮᠢᠯᠠᠵᠤ᠂ ᠠᠵᠤ ᠠᠬᠤᠢ ᠶᠢᠨ ᠶᠡᠭᠡ ᠲᠠᠯ᠎ᠠ ᠶᠢ ᠲᠣᠭᠲᠠᠪᠤᠷᠢᠵᠢᠭᠤᠯᠬᠤ ᠬᠢᠨᠠᠨ ᠵᠢᠯᠣᠭᠤᠳᠤᠯᠭ᠎ᠠ ᠪᠠ ᠦᠢᠯᠡᠴᠢᠯᠡᠭᠡ ᠶᠢᠨ ᠲᠣᠭᠤᠷᠢᠨ ᠳᠤ᠂ ᠨᠢᠭᠡ ᠪᠦᠯᠦᠭ ᠬᠦᠴᠢᠷᠲᠡᠢ ᠲᠦᠪᠡᠭᠲᠡᠢ ᠠᠰᠠᠭᠤᠳᠠᠯ ᠢ ᠲᠤᠬᠠᠢ ᠶᠢᠨ ᠲᠠᠯᠠᠪᠤᠷ ᠲᠤ ᠨᠢ ᠰᠢᠢᠳᠪᠦᠷᠢᠯᠡᠭᠰᠡᠨ ᠪᠠᠶᠢᠨ᠎ᠠ᠃ ᠦᠷᠭᠦᠯᠵᠢᠯᠡᠨ ᠴᠠᠭ ᠮᠥᠴᠡ ᠶᠢ ᠠᠮᠵᠢᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠠᠷᠭ᠎ᠠ ᠪᠠᠷ ᠠᠵᠤ ᠠᠬᠤᠢ ᠶᠢ ᠲᠣᠭᠲᠠᠪᠤᠷᠢᠵᠢᠭᠤᠯᠬᠤ ᠬᠠᠮ ᠲᠦᠷᠤ ᠶᠢᠨ ᠪᠣᠳᠣᠯᠭ᠎ᠠ ᠶᠢᠨ ᠨᠥᠯᠥᠭᠡ ᠦᠢᠯᠡᠳᠦᠯ ᠢ ᠪᠠᠳᠠᠷᠠᠭᠤᠯᠬᠤ ᠶᠢ ᠲᠠᠬᠢᠨ ᠠᠬᠢᠭᠤᠯᠵᠤ᠂ ᠦᠷᠭᠦᠯᠵᠢᠯᠡᠬᠦᠶᠢᠴᠡ ᠲᠦᠷᠤ ᠶᠢᠨ ᠪᠣᠳᠣᠯᠭ᠎ᠠ ᠶᠢ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ 9 ᠳ᠋ᠦ᠋ᠭᠡᠷ ᠰᠠᠷ᠎ᠠ ᠶᠢᠨ ᠳᠡᠭᠡᠷ᠎ᠡ ᠬᠠᠭᠠᠰ ᠰᠠᠷ᠎ᠠ ᠳᠤ ᠬᠡᠷᠡᠭᠵᠢᠭᠦᠯᠬᠦ ᠨᠠᠷᠢᠨ ᠳᠦᠷᠢᠮ ᠢ ᠪᠦᠬᠦᠨ ᠢ ᠬᠡᠷᠡᠭᠵᠢᠭᠦᠯᠵᠦ᠂ ᠪᠦᠲᠦᠮᠵᠢᠲᠡᠢ ᠬᠡᠷᠡᠭᠯᠡᠭᠡ ᠶᠢ ᠬᠦᠴᠦᠯᠡᠨ ᠥᠷᠭᠡᠳᠬᠡᠵᠦ᠂ ᠪᠡᠯᠡ ᠣᠷᠣᠭᠤᠯᠤᠯᠲᠠ ᠪᠠᠷ ᠬᠡᠷᠡᠭᠯᠡᠭᠡ ᠶᠢ ᠳᠠᠶᠢᠴᠢᠯᠠᠵᠤ᠂ ᠠᠵᠢᠯ ᠣᠯᠭᠤᠯᠲᠠ ᠶᠢ ᠨᠡᠮᠡᠭᠳᠡᠭᠦᠯᠬᠦ ᠶᠢ ᠠᠬᠢᠭᠤᠯᠵᠤ᠂ ᠠᠵᠤ ᠠᠬᠤᠢ ᠶᠢᠨ ᠰᠡᠷᠭᠦᠯᠲᠡ ᠶᠢᠨ ᠰᠠᠭᠤᠷᠢ ᠶᠢ ᠪᠠᠬᠢᠵᠢᠭᠦᠯᠵᠦ᠂ ᠬᠥᠭᠵᠢᠯᠲᠡ ᠶᠢᠨ ᠨᠥᠭᠡᠴᠡ ᠬᠦᠴᠦᠨ ᠢ ᠴᠢᠩᠭᠠᠳᠬᠠᠬᠤ ᠬᠡᠷᠡᠭᠲᠡᠢ᠃ ᠨᠢᠭᠡ ᠳᠤ᠂ ᠰᠢᠨ᠎ᠡ ᠪᠠᠷ ᠨᠡᠮᠡᠭᠳᠡᠭᠰᠡᠨ 3000 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠦᠷᠦ ᠶᠢᠨ ᠪᠣᠳᠣᠯᠭ᠎ᠠ ᠶᠢᠨ ᠴᠢᠨᠠᠷᠲᠠᠢ ᠨᠡᠭᠡᠭᠡᠨ ᠬᠥᠭᠵᠢᠭᠦᠯᠬᠦ ᠴᠢᠨᠠᠷᠲᠠᠢ ᠮᠥᠩᠭᠦᠨ ᠭᠦᠢᠯᠭᠡᠭᠡᠨ ᠤ ᠪᠠᠭᠠᠵᠢ ᠶᠢ ᠰᠠᠶᠢᠲᠤᠷ ᠬᠡᠷᠡᠭᠯᠡᠭᠰᠡᠨ ᠰᠠᠭᠤᠷᠢᠨ ᠳᠡᠭᠡᠷ᠎ᠡ᠂ ᠪᠣᠳᠠᠲᠠᠢ ᠬᠡᠷᠡᠭᠴᠡᠭᠡ ᠪᠠᠨ ᠦᠨᠳᠦᠰᠦᠯᠡᠨ ᠬᠡᠪᠴᠢᠶ᠎ᠡ ᠪᠠᠨ ᠥᠷᠭᠡᠳᠬᠡᠵᠦ᠂ ᠨᠥᠬᠦᠴᠡᠯ ᠳᠤ ᠨᠡᠶᠢᠴᠡᠭᠰᠡᠨ ᠪᠣᠯᠪᠠᠰᠤᠷᠠᠩᠭᠤᠢ ᠲᠥᠷᠥᠯ ᠵᠦᠢᠯ ᠤᠨ ᠪᠡᠯᠡ ᠮᠥᠩᠭᠦᠨ ᠤ ᠬᠡᠷᠡᠭᠴᠡᠭᠡ ᠶᠢ ᠬᠠᠩᠭᠠᠵᠤ᠂ ᠲᠥᠷᠥᠯ ᠵᠦᠢᠯ ᠨᠢ ᠪᠡᠯᠡ ᠮᠥᠩᠭᠦ ᠪᠠᠨ ᠬᠦᠯᠢᠶᠡᠬᠦ ᠪᠠᠶᠢᠳᠠᠯ ᠭᠠᠷᠬᠤ ᠠᠴᠠ ᠵᠠᠶᠢᠯᠠᠰᠬᠢᠨ᠎ᠡ︔ ᠳᠡᠭᠡᠷ᠎ᠡ ᠬᠠᠭᠠᠰ ᠵᠢᠯ ᠳᠤ ᠠᠵᠢᠯ ᠢᠶᠠᠨ ᠡᠬᠢᠯᠡᠭᠦᠯᠦᠭᠰᠡᠨ ᠲᠥᠷᠥᠯ ᠵᠦᠢᠯ ᠢ ᠰᠢᠨ᠎ᠡ ᠪᠠᠷ ᠨᠡᠮᠡᠭᠳᠡᠬᠦ ᠶᠢ ᠳᠡᠮᠵᠢᠯᠭᠡ ᠶᠢᠨ ᠬᠡᠪᠴᠢᠶᠡᠨ ᠳᠤ ᠰᠢᠨ᠎ᠡ ᠪᠠᠷ ᠨᠡᠮᠡᠭᠳᠡᠭᠦᠯᠦᠨ ᠣᠷᠣᠭᠤᠯᠵᠤ᠂ ᠡᠭᠦᠨ ᠠᠴᠠ ᠡᠮᠦᠨ᠎ᠡ ᠨᠥᠬᠦᠴᠡᠯ ᠳᠤ ᠨᠡᠶᠢᠴᠡᠬᠦ ᠪᠣᠯᠪᠠᠴᠤ ᠲᠤᠭ᠎ᠠ ᠬᠡᠮᠵᠢᠶ᠎ᠡ ᠶᠢᠨ ᠬᠢᠵᠠᠭᠠᠷᠯᠠᠯ ᠠᠴᠠ ᠪᠣᠯᠵᠤ ᠣᠷᠣᠭᠤᠯᠤᠭᠰᠠᠨ ᠦᠭᠡᠢ ᠲᠥᠷᠥᠯ ᠵᠦᠢᠯ ᠢ ᠳᠡᠮᠵᠢᠯᠭᠡ ᠶᠢᠨ ᠬᠡᠪᠴᠢᠶᠡᠨ ᠳᠤ ᠠᠶᠠᠨᠳᠠᠭᠠᠨ ᠣᠷᠣᠭᠤᠯᠵᠤ᠂ ᠭᠤᠷᠪᠠᠳᠤᠭᠠᠷ ᠤᠯᠠᠷᠢᠯ ᠳᠤ ᠨᠠᠩ ᠣᠯᠠᠨ ᠪᠣᠳᠠᠲᠠᠢ ᠠᠵᠢᠯ ᠤᠨ ᠬᠡᠮᠵᠢᠶ᠎ᠡ ᠶᠢ ᠪᠣᠶ ᠪᠣᠯᠭᠠᠬᠤ ᠶᠢᠨ ᠬᠠᠮᠲᠤ ᠦᠢᠯᠡᠳᠬᠡᠯ ᠤᠨ ᠦᠢᠯᠡᠰ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ ᠴᠠᠭ ᠲᠤᠬᠠᠢ ᠳᠤ ᠨᠢ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠬᠤᠶᠠᠷ ᠲᠤ᠂ ᠲᠦᠷᠦ ᠶᠢᠨ ᠪᠣᠳᠣᠯᠭ᠎ᠠ ᠶᠢᠨ ᠴᠢᠨᠠᠷᠲᠠᠢ ᠨᠡᠭᠡᠭᠡᠨ ᠬᠥᠭᠵᠢᠭᠦᠯᠬᠦ ᠴᠢᠨᠠᠷᠲᠠᠢ ᠮᠥᠩᠭᠦᠨ ᠭᠦᠢᠯᠭᠡᠭᠡᠨ ᠤ ᠪᠠᠭᠠᠵᠢ ᠪᠠᠷ ᠳᠡᠮᠵᠢᠬᠦ ᠬᠦᠷᠢᠶ᠎ᠡ ᠬᠡᠪᠴᠢᠶ᠎ᠡ ᠶᠢ ᠥᠷᠭᠡᠳᠬᠡᠵᠦ᠂ ᠬᠠᠭᠤᠴᠢᠨ ᠪᠠ ᠬᠠᠭᠤᠴᠢᠷᠠᠭᠰᠠᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ᠂ ᠮᠤᠵᠢ ᠶᠢᠨ ᠱᠠᠲᠤᠨ ᠤ ᠥᠨᠳᠥᠷ ᠬᠤᠷᠳᠤᠴᠠᠲᠤ ᠵᠠᠰᠠᠮᠠᠯ ᠵᠠᠮ ᠵᠡᠷᠭᠡ ᠶᠢ ᠳᠡᠮᠵᠢᠯᠭᠡ ᠶᠢᠨ ᠬᠡᠪᠴᠢᠶᠡᠨ ᠳᠤ ᠣᠷᠣᠭᠤᠯᠬᠤ ᠶᠢᠨ ᠬᠠᠮᠲᠤ ᠠᠷᠠᠳ ᠤᠨ ᠪᠡᠯᠡ ᠣᠷᠣᠭᠤᠯᠤᠯᠲᠠ ᠶᠢ ᠠᠯᠢ ᠴᠢᠳᠠᠬᠤ ᠪᠠᠷ ᠲᠠᠲᠠᠨ᠎ᠠ᠃ ᠭᠤᠷᠪᠠ ᠳᠤ᠂ ᠦᠢᠯᠡᠳᠬᠡᠯ ᠤᠨ ᠦᠢᠯᠡᠰ ᠤᠨ ᠠᠵᠤ ᠠᠬᠤᠶᠢᠯᠠᠯ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠵᠡᠷᠭᠡ ᠶᠢᠨ ᠲᠥᠬᠦᠭᠡᠷᠦᠮᠵᠢ ᠪᠠᠨ ᠰᠢᠨᠡᠳᠬᠡᠨ ᠥᠭᠡᠷᠡᠴᠢᠯᠡᠬᠦ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠲᠦᠷᠭᠡᠬᠡᠨ ᠨᠡᠶᠢᠲᠡᠯᠡᠨ᠎ᠡ᠃ ᠳᠥᠷᠪᠡ ᠳᠤ᠂ ᠬᠤᠳᠠᠯᠳᠤᠭᠠᠨ ᠤ ᠪᠠᠩᠬᠢ ᠶᠢ ᠬᠥᠲᠥᠯᠥᠨ ᠵᠢᠯᠤᠭᠤᠳᠴᠤ ᠪᠠᠶᠢᠭᠠᠳ ᠳᠤᠮᠳᠠ ᠪᠠ ᠤᠷᠳᠤ ᠬᠤᠭᠤᠴᠠᠭᠠᠨ ᠤ ᠵᠢᠭᠡᠯᠡᠯᠭᠡ ᠲᠠᠯᠪᠢᠬᠤ ᠶᠢ ᠥᠷᠭᠡᠳᠬᠡᠵᠦ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠲᠤᠨᠤᠭ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ ᠳᠤ ᠪᠡᠯᠡ ᠲᠣᠬᠢᠷᠠᠭᠤᠯᠭ᠎ᠠ ᠶᠢ ᠭᠦᠢᠴᠡᠳ ᠬᠠᠩᠭᠠᠨ᠎ᠠ᠃ ᠡᠨᠡ ᠨᠢ ᠪᠠᠰᠠ ᠢᠲᠡᠭᠡᠮᠵᠢᠲᠦ ᠵᠢᠭᠡᠯᠡᠯᠭᠡ ᠶᠢᠨ ᠪᠦᠲᠦᠮᠵᠢᠲᠡᠶ ᠬᠡᠷᠡᠭᠴᠡᠭᠡ ᠶᠢ ᠥᠷᠭᠡᠳᠬᠡᠬᠦ ᠳᠤ ᠠᠰᠢᠭᠲᠠᠢ ᠶᠤᠮ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠪᠠᠩᠬᠢ ᠳᠤ ᠲᠠᠯᠪᠢᠬᠤ ᠬᠢᠨᠠᠨ ᠰᠢᠯᠭᠠᠯᠲᠠ ᠶᠢ ᠲᠡᠭᠦᠯᠳᠡᠷᠵᠢᠭᠦᠯᠵᠦ᠂ ᠪᠠᠩᠬᠢ ᠨᠤᠭᠤᠳ ᠳᠣᠲᠣᠭᠠᠳᠤ ᠶᠢᠨ ᠬᠢᠨᠠᠨ ᠰᠢᠯᠭᠠᠯᠲᠠ ᠪᠠ ᠲᠤᠰᠢᠶᠠᠯ ᠢᠶᠠᠨ ᠭᠦᠢᠴᠡᠳᠬᠡᠵᠦ ᠬᠠᠷᠢᠭᠤᠴᠠᠯᠭ᠎ᠠ ᠠᠴᠠ ᠬᠡᠯᠲᠦᠷᠢᠭᠦᠯᠬᠦ ᠲᠣᠭᠲᠠᠭᠠᠯ ᠢᠶᠠᠨ ᠲᠡᠭᠦᠯᠳᠡᠷᠵᠢᠭᠦᠯᠵᠦ᠂ ᠤᠷᠮᠠᠰᠢᠭᠤᠯᠬᠤ ᠲᠣᠭᠲᠠᠴᠠ ᠶᠢ ᠪᠤᠢ ᠪᠣᠯᠭᠠᠬᠤ ᠬᠡᠷᠡᠭᠲᠡᠢ᠃ ᠲᠠᠪᠤ ᠳᠤ᠂ ᠭᠤᠣᠯᠳᠠᠯᠭ᠎ᠠ ᠲᠠᠢ ᠲᠥᠷᠥᠯ ᠵᠦᠢᠯ ᠳᠤ ᠦᠷᠭᠦᠯᠵᠢᠯᠡᠨ ᠲᠥᠪᠯᠡᠷᠡᠭᠦᠯᠦᠨ ᠠᠵᠢᠯᠯᠠᠬᠤ᠂ ᠨᠡᠶᠢᠯᠡᠭᠦᠯᠦᠨ ᠰᠢᠢᠳᠪᠦᠷᠢᠯᠡᠬᠦ ᠵᠡᠷᠭᠡ ᠠᠷᠭ᠎ᠠ ᠮᠠᠶ᠋ᠢᠭ ᠢ ᠠᠪᠴᠤ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠲᠤᠰᠢᠶᠠᠯ ᠬᠠᠷᠢᠭᠤᠴᠠᠯᠭ᠎ᠠ ᠪᠠ ᠡᠷᠬᠡ ᠶᠢᠨ ᠬᠢᠵᠠᠭᠠᠷ ᠢᠶᠠᠨ ᠦᠨᠳᠦᠰᠦᠯᠡᠨ ᠭᠠᠵᠠᠷ ᠰᠢᠷᠣᠢ ᠬᠡᠷᠡᠭᠯᠡᠬᠦ᠂ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠵᠡᠷᠭᠡ ᠳᠤ ᠠᠮᠠᠯᠠᠯᠲᠠ ᠬᠢᠵᠦ᠂ ᠲᠥᠷᠥᠯ ᠵᠦᠢᠯ ᠢ ᠨᠠᠶᠢᠳᠠᠪᠤᠷᠢᠵᠢᠭᠤᠯᠤᠭᠰᠠᠨ ᠤ ᠳᠠᠷᠠᠭ᠎ᠠ ᠲᠣᠭᠲᠠᠭᠠᠯ ᠶᠣᠰᠣᠭᠠᠷ ᠭᠠᠷ ᠭᠦᠢᠴᠡᠳᠬᠡᠯ ᠢ ᠨᠥᠬᠦᠵᠦ ᠭᠦᠢᠴᠡᠳᠬᠡᠨ᠎ᠡ᠃ ᠵᠢᠷᠭᠤᠭ᠎ᠠ ᠳᠤ᠂ ᠪᠠᠲᠤᠯᠠᠭ᠎ᠠ ᠶᠢᠨ ᠴᠢᠨᠠᠷᠲᠠᠢ ᠪᠠ ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠶᠢ ᠳᠡᠮᠵᠢᠵᠦ᠂ ᠣᠷᠣᠨ ᠨᠤᠲᠤᠭ ᠤᠨ ᠬᠢᠨ ︽ᠨᠢᠭᠡ ᠬᠤᠲᠠ ᠳᠤ ᠨᠢᠭᠡ ᠠᠷᠭ᠎ᠠ ᠪᠣᠳᠣᠯᠭ᠎ᠠ ᠶᠢ ᠬᠡᠷᠡᠭᠵᠢᠭᠦᠯᠬᠦ︾ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ᠂ ᠱᠠᠲᠤᠴᠢ ᠴᠢᠨᠠᠷᠲᠠᠢ ᠢᠲᠡᠭᠡᠮᠵᠢᠲᠦ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠪᠠ ᠲᠤᠰᠢᠶᠠᠬᠤ ᠶᠢ ᠪᠠᠲᠤᠯᠠᠬᠤ ᠠᠰᠠᠷ ᠤᠨ ᠲᠤᠰᠬᠠᠢ ᠵᠦᠢᠯ ᠤᠨ ᠵᠢᠭᠡᠯᠡᠯᠭᠡ ᠶᠢ ᠠᠮᠢᠳᠤᠯᠢᠭ ᠢᠶᠠᠷ ᠬᠡᠷᠡᠭᠯᠡᠬᠦ ᠬᠡᠷᠡᠭᠲᠡᠢ᠃ ᠮᠠᠰᠢᠨ ᠲᠡᠷᠭᠡ ᠵᠡᠷᠭᠡ ᠥᠷᠭᠡᠨ ᠬᠡᠷᠡᠭᠴᠡᠭᠡᠨ ᠤ ᠵᠦᠢᠯᠡᠰ ᠤᠨ ᠬᠡᠷᠡᠭᠯᠡᠭᠡ ᠶᠢ ᠠᠬᠢᠭᠤᠯᠤᠨ᠎ᠠ᠃ ᠲᠤᠯᠤᠭ᠎ᠠ ᠳᠤ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠪᠠᠰᠠ ᠨᠢᠭᠡ ᠪᠦᠯᠦᠭ ᠬᠢᠨᠠᠨ ᠵᠢᠯᠤᠭᠤᠳᠬᠤ ᠪᠠ ᠦᠢᠯᠡᠴᠢᠯᠡᠬᠦ ᠠᠵᠢᠯ ᠤᠨ ᠳᠤᠭᠤᠶᠢᠯᠠᠩ ᠢ ᠲᠣᠮᠢᠯᠠᠵᠤ ᠂ ᠨᠡᠯᠢᠶᠡᠳ ᠣᠯᠠᠨ ᠮᠤᠵᠢ ᠳᠤ ᠬᠦᠷᠴᠦ ᠲᠦᠷᠦ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ᠃ ᠴᠠᠭ ᠲᠤᠬᠠᠢ ᠳᠤ ᠨᠢ ᠬᠠᠷᠭᠤᠭᠤᠯᠤᠨ ᠪᠠᠶᠢᠴᠠᠭᠠᠵᠤ ᠬᠠᠷᠢᠭᠤ ᠰᠤᠷᠪᠤᠯᠵᠢᠯᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠭᠤᠷᠪᠠᠳᠤᠭᠠᠷ ᠤᠯᠠᠷᠢᠯ ᠤᠨ ᠪᠣᠳᠠᠲᠠᠢ ᠠᠵᠢᠯ ᠤᠨ ᠬᠡᠮᠵᠢᠶ᠎ᠡ ᠶᠢ ᠪᠡᠶᠡᠯᠡᠭᠦᠯᠦᠭᠰᠡᠨ᠂ ᠭᠠᠷ ᠭᠦᠢᠴᠡᠳᠬᠡᠯ ᠢ ᠲᠡᠭᠦᠯᠳᠡᠷᠵᠢᠭᠦᠯᠦᠭᠰᠡᠨ ᠵᠡᠷᠭᠡ ᠪᠠᠶᠢᠳᠠᠯ ᠢ ᠭᠤᠣᠯᠳᠠᠯᠭ᠎ᠠ ᠲᠠᠢ ᠬᠢᠨᠠᠨ ᠪᠠᠶᠢᠴᠠᠭᠠᠨ᠎ᠠ᠃ ᠨᠠᠢᠮᠠ ᠳᠤ᠂ ᠡᠯ᠎ᠡ ᠭᠠᠵᠠᠷ ᠤᠨ ᠬᠢᠨ ᠪᠠᠰᠠ ᠬᠢᠨᠠᠨ ᠵᠢᠯᠤᠭᠤᠳᠬᠤ ᠪᠠ ᠦᠢᠯᠡᠴᠢᠯᠡᠭᠡᠨ ᠤ ᠠᠵᠢᠯ ᠤᠨ ᠲᠣᠭᠲᠠᠴᠠ ᠶᠢ ᠪᠠᠶᠢᠭᠤᠯᠬᠤ ᠬᠡᠷᠡᠭᠲᠡᠢ᠃ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠠᠷᠢᠭᠤ ᠮᠡᠳᠡᠭᠦᠯᠦᠯᠲᠡ ᠲᠠᠢ ᠪᠠᠶᠢᠯᠭᠠᠬᠤ᠂ ᠪᠡᠯᠡ ᠮᠥᠩᠭᠦ ᠶᠢ ᠨᠡᠭᠦᠯᠭᠡᠨ ᠬᠡᠷᠡᠭᠯᠡᠬᠦ ᠦᠭᠡᠢ ᠪᠠᠶᠢᠬᠤ ᠶᠢ ᠪᠠᠲᠤᠯᠠᠬᠤ ᠪᠠ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠬᠤ ᠵᠠᠷᠴᠢᠮ ᠶᠣᠰᠣᠭᠠᠷ ᠴᠠᠭ ᠲᠣᠬᠢᠶᠠᠯ ᠢ ᠠᠯᠳᠠᠯ ᠦᠭᠡᠢ ᠪᠠᠷ ᠠᠬᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠵᠢᠭᠠᠬᠤ ᠳᠤ ᠪᠠᠨ᠂ ᠥᠭᠡᠷᠡᠴᠢᠯᠡᠯᠲᠡ ᠪᠣᠯ ᠲᠥᠷᠥ ᠶᠢᠨ ᠪᠣᠳᠣᠯᠭ᠎ᠠ ᠶᠢᠨ ᠪᠠᠭᠠᠵᠢ ᠶᠢᠨ ᠬᠠᠶᠢᠷᠴᠠᠭ ᠳᠣᠲᠣᠷᠠᠬᠢ ᠲᠤᠶᠢᠯ ᠤᠨ ᠴᠢᠬᠤᠯᠠ ᠪᠠᠭᠠᠵᠢ ᠮᠥᠨ᠂ ᠥᠭᠡᠷᠡᠴᠢᠯᠡᠯᠲᠡ ᠪᠠᠷ ᠠᠮᠢᠵᠢᠷᠠᠯ ᠤᠨ ᠬᠦᠴᠦᠨ ᠢ ᠬᠥᠭᠵᠢᠭᠡᠬᠦ ᠶᠢ ᠪᠠᠷᠢᠮᠲᠠᠯᠠᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠳᠦᠷᠢᠮ ᠤᠨ ᠴᠢᠨᠠᠷᠲᠠᠢ ᠠᠷᠠᠯᠵᠢᠶᠠᠨ ᠤ ᠥᠪᠡᠷ ᠤᠨ ᠥᠷᠲᠡᠭ ᠢ ᠤᠯᠠᠮ ᠨᠢᠭᠡ ᠠᠯᠬᠤᠮ ᠪᠠᠭᠤᠷᠠᠭᠤᠯᠬᠤ ᠬᠡᠷᠡᠭᠲᠡᠢ᠃ ᠡᠭᠦᠨ ᠳᠤ ᠭᠤᠣᠯᠳᠠᠭᠤ ᠠᠵᠤ ᠠᠬᠤᠶᠢᠯᠠᠯ ᠳᠤ ᠬᠤᠯᠪᠣᠭᠳᠠᠭᠰᠠᠨ ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠬᠤ ᠶᠢ ᠭᠦᠨᠵᠡᠭᠡᠢ ᠴᠡᠭᠴᠡᠯᠡᠨ ᠵᠠᠰᠠᠬᠤ᠂ ᠡᠷᠬᠡ ᠶᠢᠨ ᠵᠠᠭᠠᠭ ᠬᠢᠵᠠᠭᠠᠷ ᠢ ᠴᠢᠩᠭ᠎ᠠ ᠵᠠᠭᠠᠭᠯᠠᠨ ᠲᠣᠭᠲᠠᠭᠠᠬᠤ᠂ ᠳᠤᠷ᠎ᠠ ᠪᠠᠷ ᠵᠣᠭᠤᠰ ᠢᠶᠠᠷ ᠲᠣᠷᠭᠠᠬᠤ᠂ ᠭᠠᠶᠢᠯᠢ ᠶᠢᠨ ᠰᠦᠢᠳᠬᠡᠯ ᠢ ᠬᠡᠲᠦᠷᠡᠲᠡᠯ᠎ᠡ ᠬᠤᠷᠢᠶᠠᠬᠤ ᠵᠡᠷᠭᠡ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠵᠡᠷᠭᠡ ᠪᠠᠭᠲᠠᠨ᠎ᠠ᠃ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠠᠳᠠᠯᠢ ᠲᠦᠷᠦᠯ ᠬᠡᠯᠪᠡᠷᠢ ᠶᠢᠨ ᠦᠢᠯᠡᠳᠬᠦᠨ ᠢ ᠨᠢᠭᠡ ᠯᠡ ᠤᠳᠠᠭ᠎ᠠ ᠳᠤ ᠵᠥᠪᠰᠢᠶᠡᠷᠡᠬᠦ ᠶᠢ ᠬᠡᠷᠡᠭᠵᠢᠭᠦᠯᠦᠨ᠎ᠡ᠃ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠬᠤᠳᠠᠯ ᠬᠠᠭᠤᠷᠮᠠᠭ ᠴᠢᠨᠠᠷ ᠮᠠᠭᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠭᠤᠣᠯᠴᠢ ᠥᠷᠢᠰᠦᠯᠳᠦᠭᠡᠨ ᠢ ᠬᠠᠮᠠᠭᠠᠯᠠᠨ᠎ᠠ᠃ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠠᠰᠠᠭᠤᠳᠠᠯ ᠤᠨ ᠰᠦᠪᠡᠭᠴᠢ ᠶᠢ ᠴᠤᠭᠯᠠᠭᠤᠯᠬᠤ ᠪᠠ ᠰᠢᠢᠳᠪᠦᠷᠢᠯᠡᠬᠦ ᠲᠣᠭᠲᠠᠴᠠ ᠶᠢ ᠪᠦᠷᠢᠨᠰᠢᠭᠦᠯᠦᠨ᠎ᠡ ᠭᠡᠵᠡᠢ᠃      ᠬᠤᠷᠠᠯ ᠠᠴᠠ ᠪᠤᠰᠤᠳ ᠵᠦᠢᠯ ᠢ ᠰᠤᠳᠤᠯᠪᠠ᠃
 
ᠢᠷᠡᠯᠲᠡ᠄ ᠥᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号