2022 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠭᠤᠷᠪᠠᠳᠤᠭᠠᠷ  ᠬᠤᠭᠤᠴᠠᠭ᠎ᠠ︶
ᠨᠡᠶᠢᠲᠡᠯᠡᠭᠰᠡᠨ ᠴᠠᠭ᠄
2022/9/22
ᠭᠤᠷᠪᠠ᠂ 2022 ᠣᠨ ᠤ ᠠᠵᠢᠯ ᠤᠨ ᠲᠤᠬᠢᠷᠠᠭᠤᠯᠤᠯᠳᠠ    2022 ᠣᠨ ᠪᠣᠯ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠡᠬᠢᠯᠡᠯᠲᠡ ᠶᠢᠨ ᠵᠢᠯ ᠮᠥᠨ᠂ ᠡᠨᠡ ᠵᠢᠯ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠨᠢ ᠲᠦᠢᠯ ᠤᠨ ᠴᠢᠬᠤᠯᠠ ᠪᠥᠭᠡᠳ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠪᠢᠳᠡ ᠬᠤᠳᠠ ᠶᠢᠨ ᠶᠢᠰᠦᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠬᠤᠳᠠ ᠶᠢᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠬᠤᠶᠠᠳᠤᠭᠠᠷ ᠪᠦᠬᠦᠳᠠ ᠬᠤᠷᠠᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠵᠤ᠂ ᠰᠢᠨ᠎ᠡ ᠴᠠᠭ ᠦᠶ᠎ᠡ ᠳᠤ ᠰᠠᠭᠤᠷᠢᠯᠠᠵᠤ᠂ ᠰᠢᠨ᠎ᠡ ᠬᠠᠷᠠᠯᠲᠠ ᠶᠢ ᠪᠣᠳᠣᠯᠬᠢᠯᠠᠨ᠂ ᠰᠢᠨ᠎ᠡ ᠱᠠᠭᠠᠷᠳᠠᠯᠭ᠎ᠠ ᠶᠢ ᠡᠵᠡᠮᠳᠡᠵᠦ᠂ ︽ᠭᠤᠷᠪᠠᠨ ᠭᠠᠵᠠᠷ ᠭᠤᠷᠪᠠᠨ ᠪᠠᠯᠭᠠᠰᠤ ᠨᠢᠭᠡ ᠲᠥᠪ︾ ᠢ ᠪᠠᠶᠢᠭᠤᠯᠬᠤ ᠪᠠᠷ ᠬᠦᠳᠦᠯᠤᠠ ᠳᠠᠭᠠᠭᠤᠯᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ᠂ ᠵᠢᠷᠭᠤᠭ᠎ᠠ ᠶᠢ ᠪᠠᠲᠤᠯᠠᠬᠤ︾ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃   ᠡᠨᠡ ᠵᠢᠯ ᠤᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠪᠦᠬᠦ ᠦᠷᠲᠡᠭ ᠢ 6.5% ᠣᠷᠴᠢᠮ ᠢᠶᠠᠷ ᠨᠡᠮᠡᠭᠳᠡᠭᠦᠯᠵᠦ᠂ 190 ᠳ᠋ᠦᠩᠰᠢᠭᠤᠷ ᠲᠥᠭᠦᠷᠢᠭ ᠲᠤ ᠬᠦᠷᠭᠡᠨ᠎ᠡ︔ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 4% ᠣᠷᠴᠢᠮ ᠨᠡᠮᠡᠭᠳᠡᠭᠦᠯᠵᠦ᠂ 5.57 ᠳ᠋ᠦᠩᠰᠢᠭᠤᠷ ᠲᠥᠭᠦᠷᠢᠭ ᠲᠤ ᠬᠦᠷᠭᠡᠨ᠎ᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠪᠦᠬᠦ ᠲᠤᠭ᠎ᠠ ᠶᠢ 5.8% ᠣᠷᠴᠢᠮ ᠨᠡᠮᠡᠭᠳᠡᠭᠦᠯᠵᠦ᠂ 30 ᠳ᠋ᠦᠩᠰᠢᠭᠤᠷ ᠲᠥᠭᠦᠷᠢᠭ ᠲᠤ ᠬᠦᠷᠭᠡᠨ᠎ᠡ︔ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ ᠶᠢ ᠲᠤᠰ ᠲᠤᠰ 3% ᠪᠠ 6% ᠣᠷᠴᠢᠮ ᠨᠡᠮᠡᠭᠳᠡᠭᠦᠯᠵᠦ᠂ ᠲᠤᠰ ᠲᠤᠰ 41178 ᠲᠥᠭᠦᠷᠢᠭ᠂ 23236 ᠲᠥᠭᠦᠷᠢᠭ ᠲᠤ ᠬᠦᠷᠭᠡᠨ᠎ᠡ᠃  ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠪᠢᠳᠡ ᠲᠤᠯᠤᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠠ᠄   ︵ᠨᠢᠭᠡ︶ ᠠᠷᠠᠯᠵᠢᠶᠠᠴᠢᠨ ᠤᠷᠢᠬᠤ ᠶᠢ ᠠᠳᠬᠤᠵᠤ᠂ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠬᠥᠭᠵᠢᠯᠲᠡ ᠶᠢᠨ ᠬᠥᠳᠡᠯᠭᠡᠬᠦ ᠬᠦᠴᠦᠨ ᠢ ᠪᠦᠬᠦ ᠲᠠᠯ᠎ᠠ ᠪᠠᠷ ᠴᠢᠩᠭᠠᠳᠬᠠᠬᠤ ᠲᠠᠯ᠎ᠠ ᠪᠠᠷ ᠬᠦᠴᠦᠨ ᠢᠶᠠᠨ ᠬᠤᠷᠠᠮᠳᠤᠭᠤᠯᠬᠤ ᠶᠢ ᠲᠦᠷᠭᠡᠳᠬᠡᠨ᠎ᠡ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠤᠨ᠎ᠠ᠃ ︽ᠲᠥᠷᠥᠯ ᠵᠤᠶᠢᠯ ᠢ ᠠᠳᠬᠤᠬᠤ ᠨᠢ ᠳᠠᠷᠤᠶ ᠬᠥᠭᠵᠢᠯᠲᠡ ᠶᠢ ᠠᠳᠬᠤᠵᠤ᠂ ᠲᠥᠷᠥᠯ ᠵᠤᠶᠢᠯ ᠢ ᠤᠯᠬᠤ ᠨᠢ ᠳᠠᠷᠤᠶ ᠢᠷᠡᠭᠡᠳᠦᠶ ᠶᠢ ᠲᠡᠮᠡᠴᠡᠨ ᠤᠯᠬᠤ︾ ᠣᠨᠣᠯᠵᠢᠬᠤᠨ ᠢ ᠪᠠᠷᠢᠮᠲᠠᠯᠠᠨ᠂ ᠲᠤᠰᠬᠠᠶ ᠠᠩᠭᠢ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠶ ᠣᠶ ᠰᠢᠭᠤᠶ ᠶᠢᠨ ᠪᠦᠲᠦᠭᠡᠭᠳᠡᠬᠦᠨ ᠢ ᠡᠳ᠋ᠰᠢᠭᠦᠯᠬᠦ᠂ ᠡᠷᠳᠡᠨᠢ ᠰᠢᠰᠢ ᠶᠢᠨ ᠪᠥᠬᠦ ᠠᠵᠤ  ᠤᠶᠢᠯᠡᠰ ᠤᠨ ᠬᠡᠯᠬᠢᠶ᠎ᠡ᠂ ᠠᠯᠠᠰᠢᠨ ᠬᠤᠨᠢ ᠲᠡᠵᠢᠭᠡᠨ ᠦᠷᠡᠵᠢᠭᠦᠯᠬᠦ᠂ ᠵᠢᠭᠤᠯᠴᠢᠯᠠᠯ ᠠᠷᠠᠯᠵᠢᠶ᠎ᠠ ᠬᠤᠳᠠᠯᠳᠤᠭ᠎ᠠ᠂ ᠡᠷᠡᠭᠦᠯᠵᠢᠯ ᠲᠡᠵᠢᠭᠡᠪᠦᠷᠢ ᠶᠢᠨ ᠠᠵᠤ ᠤᠶᠢᠯᠡᠰ᠂ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠵᠡᠷᠭᠡ ᠲᠠᠯ᠎ᠠ ᠪᠠᠷ ᠭᠤᠤᠯᠳᠠᠭᠤᠯᠤᠨ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠶᠢ ᠬᠦᠴᠦᠯᠡᠨ ᠥᠷᠨᠢᠭᠦᠯᠵᠦ᠂ ᠨᠡᠶᠢᠭᠡᠮ ᠤᠨ ᠬᠥᠷᠥᠩᠭᠡ ᠶᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠠᠷᠠᠳ ᠤᠨ ᠪᠠᠯᠠ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠂ 8 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠯᠠ ᠣᠷᠣᠭᠤᠯᠬᠤ ᠪᠠᠷ ᠴᠢᠷᠮᠠᠶᠢᠨ᠎ᠠ᠃  ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠶᠢ ᠬᠦᠴᠦᠲᠡᠶ ᠠᠬᠢᠭᠤᠯᠤᠨ᠎ᠠ᠃ ︽ᠪᠠᠷᠢᠯᠭ᠎ᠠ ᠡᠬᠢᠯᠡᠭᠦᠯᠬᠦ ᠲᠥᠷᠥᠯ  ᠵᠤᠶᠢᠯ ᠢᠶᠠᠷ ᠠᠬᠢᠴᠠ ᠶᠢ ᠠᠳᠬᠤᠬᠤ᠂ ᠦᠷᠭᠦᠯᠵᠢᠯᠡᠨ ᠪᠠᠶᠢᠭᠤᠯᠬᠤ ᠲᠥᠷᠥᠯ ᠵᠤᠶᠢᠯ ᠢᠶᠠᠷ ᠠᠰᠢᠭᠯᠠᠯᠲᠠ ᠳᠤ ᠣᠷᠣᠭᠤᠯᠬᠤ ᠶᠢ ᠠᠳᠬᠤᠬᠤ᠂ ᠭᠡᠷ᠎ᠡ ᠲᠣᠭᠲᠠᠬᠤ ᠲᠥᠷᠥᠯ  ᠵᠤᠶᠢᠯ ᠢᠶᠠᠷ ᠮᠥᠷᠳᠡᠬᠦ ᠶᠢ ᠠᠳᠬᠤᠬᠤ᠂ ᠨᠥᠭᠡᠴᠡᠯᠡᠬᠦ ᠲᠥᠷᠥᠯ  ᠵᠤᠶᠢᠯ ᠢᠶᠠᠷ ᠡᠮᠦᠨᠡᠬᠢ ᠬᠤᠭᠤᠴᠠᠭ᠎ᠠ ᠶᠢ ᠠᠳᠬᠤᠬᠤ︾ ᠶᠡᠷᠦᠩᠬᠡᠶ ᠰᠡᠳᠬᠢᠮᠵᠢ ᠶᠢᠨ ᠶᠣᠰᠣᠭᠠᠷ᠂ ︽ᠵᠢᠷᠭᠤᠭᠠᠨ ᠨᠢᠭᠡ︾ ᠶᠢᠨ ᠲᠥᠷᠥᠯ  ᠵᠤᠶᠢᠯ ᠤᠨ ᠠᠵᠢᠯ ᠤᠨ ᠲᠣᠭᠲᠠᠴᠠ ᠶᠢ ᠪᠠᠷᠢᠮᠲᠠᠯᠠᠨ᠂ 98 ᠭᠤᠤᠯᠳᠠᠯᠭ᠎ᠠ ᠲᠠᠢ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 27 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠦᠨ᠎ᠡ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠥᠬᠦ ᠲᠠᠯ᠎ᠠ ᠪᠠᠷ ᠰᠢᠯᠢᠳᠡᠭᠵᠢᠭᠦᠯᠦᠨ᠎ᠡ᠃ ᠡᠯ᠎ᠡ ᠬᠦᠷᠢᠶᠡᠨ ᠤ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠤ ᠠᠬᠤᠶᠢᠯᠠᠯ ᠢ ᠳᠡᠮᠵᠢᠨ ᠬᠦᠴᠢᠷᠳᠡᠯ ᠢ ᠰᠢᠢᠳᠪᠦᠷᠢᠯᠡᠬᠦ ᠲᠥᠷᠥ ᠶᠢᠨ ᠪᠣᠳᠣᠯᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠤᠨ᠂ ᠴᠢᠬᠤᠯᠠ ᠶᠡᠭᠡ ᠲᠥᠷᠥᠯ  ᠵᠤᠶᠢᠯ᠂ ᠭᠤᠤᠯᠳᠠᠯᠭ᠎ᠠ ᠲᠠᠢ ᠠᠵᠤ ᠠᠬᠤᠶᠢᠯᠠᠯ ᠤᠨ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ︽ᠰᠠᠭᠠᠳ ᠥᠬᠡᠶ ᠨᠡᠪᠲᠡᠷᠡᠬᠦ ᠵᠠᠮ︾ ᠢ ᠨᠡᠭᠡᠭᠡᠵᠦ᠂ ᠭᠤᠤᠯᠳᠠᠯᠭ᠎ᠠ ᠲᠠᠢ ᠲᠥᠷᠥᠯ ᠵᠤᠶᠢᠯ ᠢ ᠲᠥᠪᠯᠡᠷᠡᠭᠦᠯᠦᠨ ᠬᠢᠨᠠᠨ ᠵᠥᠪᠰᠢᠶᠡᠷᠡᠬᠦ᠂ ᠬᠠᠪᠰᠤᠷᠤᠨ  ᠭᠦᠢᠴᠡᠳᠭᠡᠵᠤ ᠣᠷᠣᠯᠠᠨ ᠭᠦᠢᠴᠡᠳᠭᠡᠬᠦ ᠶᠢ ᠪᠠᠷᠢᠮᠲᠠᠯᠠᠨ᠂ ᠲᠥᠷᠥᠯ  ᠵᠤᠶᠢᠯ ᠤᠨ ᠭᠠᠷᠳᠠᠮ ᠢ ᠭᠦᠢᠴᠡᠳᠭᠡᠬᠦ ᠨᠢ ᠤᠳᠠᠭᠠᠨ᠂  ᠤᠶᠢᠯᠡᠴᠢᠯᠡᠭᠡᠨ ᠤ ᠪᠠᠲᠤᠯᠠᠭ᠎ᠠ ᠨᠢ ᠪᠠᠷᠢᠮᠵᠢᠶ᠎ᠠ ᠳᠤ ᠬᠥᠷᠬᠦ ᠥᠬᠡᠶ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠰᠠᠶᠢᠵᠢᠷᠠᠭᠤᠯᠤᠯᠲᠠ ᠶᠢᠨ ︽ᠨᠢᠭᠡ ᠪᠠᠭ᠎ᠠ ᠠᠯᠬᠤᠮ︾ ᠢᠶᠠᠷ ᠠᠵᠤ ᠠᠬᠤᠶᠢᠯᠠᠯ ᠤᠨ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠬᠦ ᠶᠢᠨ ︽ᠨᠢᠭᠡ ᠶᠡᠭᠡ ᠠᠯᠬᠤᠮ︾ ᠢ ᠰᠣᠯᠢᠵᠤ ᠠᠪᠤᠨ᠎ᠠ᠃    ︵ᠬᠤᠶᠠᠷ︶ ᠬᠡᠯᠪᠡᠷᠢ ᠪᠠᠨ ᠬᠤᠪᠢᠷᠠᠭᠤᠯᠬᠤ ᠶᠢ ᠠᠳᠬᠤᠵᠤ᠂ ᠲᠠᠰ ᠳᠡᠪᠰᠢᠬᠦ ᠶᠢ ᠠᠬᠢᠭᠤᠯᠤᠨ᠂ ᠠᠵᠤ ᠤᠶᠢᠯᠡᠰ ᠤᠨ ᠰᠢᠰᠲ᠋ᠧᠮᠵᠢ ᠶᠢ ᠪᠥᠬᠦ ᠲᠠᠯ᠎ᠠ ᠪᠠᠷ ᠰᠢᠯᠢᠳᠡᠭᠵᠢᠭᠦᠯᠬᠦ ᠲᠠᠯ᠎ᠠ ᠪᠠᠷ ᠦᠷᠭᠦᠯᠵᠢᠯᠡᠨ ᠬᠦᠴᠦᠯᠡᠨ᠎ᠡ᠃ ᠠᠵᠤ ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠵᠤ᠂ ᠹᠦ᠋ ᠹᠧᠩ ᠺᠣᠮᠫᠠᠨᠢ ᠶᠢᠨ ᠭᠤᠷᠪᠠᠳᠤᠭᠠᠷ ᠬᠤᠭᠤᠴᠠᠭᠠᠨ ᠤ ᠲᠦᠷᠦᠯ ᠵᠦᠢᠯ ᠤᠨ ᠠᠵᠢᠯ ᠡᠬᠢᠯᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠵᠢᠯ ᠤᠨ ᠳᠣᠲᠣᠷ᠎ᠠ 5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠴᠢᠷᠮᠠᠶᠢᠨ᠎ᠠ︔ ᠭᠦᠸᠧ  ᠰᠡᠨ ᠺᠣᠮᠫᠠᠨᠢ ᠶᠢᠨ ᠢᠰᠦᠯᠳᠦᠭᠰᠡᠨ ᠠᠭᠤᠷᠬᠠᠶ ᠶᠢ ᠶᠡᠷᠦᠩᠬᠡᠶᠢᠯᠡᠨ ᠠᠰᠢᠭᠯᠠᠵᠤ ᠬᠦᠳᠡᠷ ᠰᠢᠯᠢᠬᠦ ᠮᠡᠷᠭᠡᠵᠢᠯ ᠤᠨ ᠥᠭᠡᠷᠡᠴᠢᠯᠡᠯᠲᠡ᠂ ᠰᠥᠩ ᠯᠦ ᠡᠮ ᠤᠶᠢᠯᠡᠳᠬᠦ ᠺᠣᠮᠫᠠᠨᠢ ᠶᠢᠨ ᠪᠢᠯᠢᠭ ᠢ ᠲᠡᠵᠢᠭᠡᠵᠦ ᠠᠭᠤᠰᠬᠢ ᠶᠢ ᠴᠡᠪᠡᠷᠯᠡᠬᠦ ᠤᠤᠭᠤᠬᠤ ᠰᠢᠩᠭᠡᠨ ᠤ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠤᠨ ᠴᠢᠳᠠᠮᠵᠢ ᠶᠢ ᠥᠷᠭᠡᠳᠬᠡᠨ ᠥᠭᠡᠷᠡᠴᠢᠯᠡᠬᠦ ᠵᠡᠷᠭᠡ ᠲᠥᠷᠥᠯ ᠵᠤᠶᠢᠯ ᠢ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ︔ ᠳᠤᠮᠳᠠᠳᠤ ᠤᠯᠤᠰ ᠤᠨ ᠴᠥᠮ᠎ᠡ ᠶᠢᠨ ᠭᠤᠪᠢᠭᠤᠯᠭ᠎ᠠ ᠶᠢᠨ ᠡᠨᠧᠷᠭᠢ ᠶᠢᠨ ᠨᠢᠭᠡᠳᠦᠭᠡᠷ ᠬᠤᠭᠤᠴᠠᠭᠠᠨ ᠤ 10 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠠᠷᠢᠭᠤᠨ ᠴᠡᠪᠡᠷ ᠢᠶᠠᠷ ᠢᠯᠴᠢ ᠬᠠᠩᠭᠠᠬᠤ᠂ 20 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠵᠢᠴᠢ ᠬᠤᠸᠠ ᠨᠧᠩ 30 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠵᠡᠷᠭᠡ ᠲᠥᠷᠥᠯ  ᠵᠤᠶᠢᠯ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠵᠦ᠂ ᠪᠥᠬᠦ ᠵᠢᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠤᠶᠢᠯᠡᠳᠪᠦᠷᠢ ᠶᠢᠨ  ᠤᠶᠢᠯᠡᠳᠬᠦᠨ ᠤ ᠶᠡᠷᠦᠩᠬᠡᠶ ᠥᠷᠲᠡᠭ ᠢ 120 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ᠃ ᠵᠢᠭᠤᠯᠴᠢᠯᠠᠯ ᠤᠨ ᠤᠶᠢᠯᠡᠰ ᠤᠨ ᠲᠠᠰ ᠳᠡᠪᠰᠢᠬᠦ ᠶᠢ ᠲᠦᠷᠭᠡᠳᠬᠡᠨ᠎ᠡ᠃ ᠵᠢᠭᠤᠯᠴᠢᠯᠠᠯ ᠤᠨ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ ᠶᠢ ᠲᠦᠷᠭᠡᠳᠬᠡᠨ ᠪᠡᠶᠡᠯᠡᠭᠦᠯᠵᠦ᠂ ᠴᠠᠢ ᠾᠧ᠂ ᠰᠢᠦ ᠱᠦᠶ᠂ ᠶᠢᠨ ᠵᠢᠶᠧ ᠬᠤᠤ ᠵᠡᠷᠭᠡ   ᠦᠵᠡᠮᠵᠢ ᠶᠢᠨ ᠣᠷᠣᠨ ᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠵᠢᠭᠤᠯᠴᠢᠯᠠᠯ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠠᠶᠠᠯᠢᠭᠵᠢᠭᠤᠯᠤᠨ᠎ᠠ᠃ ᠶᠢᠨ ᠯᠦᠩ ᠱᠠᠨ ᠤ ᠴᠠᠰᠤᠨ ᠳᠤ ᠭᠤᠯᠭᠤᠬᠤ ᠲᠠᠯᠠᠪᠠᠶ ᠶᠢᠨ ᠲᠠᠰ ᠳᠡᠪᠰᠢᠬᠦ ᠶᠢ ᠭᠤᠤᠯᠳᠠᠯᠭ᠎ᠠ ᠲᠠᠢ ᠠᠬᠢᠭᠤᠯᠵᠤ᠂ ᠤᠯᠤᠰ ᠤᠨ ᠴᠠᠰᠤᠨ ᠳᠤ ᠭᠤᠯᠭᠤᠬᠤ ᠵᠢᠭᠤᠯᠴᠢᠯᠠᠯ ᠠᠮᠠᠷᠠᠯᠲᠠ ᠶᠢᠨ ᠭᠠᠵᠠᠷ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ︔ ᠼᠦᠢ ᠫᠢᠩ ᠱᠠᠨ ᠠᠭᠤᠯᠠ ᠶᠢᠨ ᠶᠢᠩ ᠱᠠᠨ ᠬᠤᠩ ᠠᠮᠢ ᠠᠬᠤᠶ ᠶᠢᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠵᠦ᠂ ︽ᠲᠠᠪᠤᠨ ᠰᠠᠷ᠎ᠠ ᠶᠢᠨ ᠨᠢᠭᠡᠨ︾ ᠠᠴᠠ ᠡᠮᠦᠨ᠎ᠡ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠨ᠎ᠠ︔ ᠡᠦ ᠰᠢᠩ ᠼᠦᠨ ᠲᠣᠰᠬᠤᠨ ᠵᠡᠷᠭᠡ ᠬᠥᠳᠡᠭᠡ ᠲᠣᠰᠬᠤᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠴᠡᠭ ᠢ ᠤᠯᠠᠮ ᠨᠢᠭᠡ ᠠᠯᠬᠤᠮ ᠰᠠᠶᠢᠲᠤᠷ ᠪᠤᠢ ᠪᠣᠯᠭᠠᠨ᠎ᠠ᠃ ᠪᠥᠬᠦ ᠵᠢᠯ ᠳᠤ ᠵᠤᠭᠠᠴᠠᠭᠰᠠᠳ ᠢ 210 ᠲᠦᠮᠡᠨ ᠬᠥᠮᠦᠨ ᠤᠳᠠᠭ᠎ᠠ ᠭᠥᠯᠢᠶᠡᠨ ᠠᠪᠴᠤ ᠵᠣᠴᠢᠯᠠᠬᠤ ᠪᠠᠷ ᠴᠢᠷᠮᠠᠶᠢᠵᠤ᠂ ᠵᠢᠭᠤᠯᠴᠢᠯᠠᠯ ᠤᠨ ᠣᠷᠣᠯᠭ᠎ᠠ ᠶᠢ 18 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠦᠨ᠎ᠡ ᠃ ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡᠨ ᠤ ᠦᠢᠯᠡᠰ ᠤᠨ ᠮᠠᠰᠢᠨ ᠲᠡᠷᠭᠡᠨ ᠤ ᠬᠤᠳᠠᠯᠳᠤᠭ᠎ᠠ ᠠᠷᠠᠯᠵᠢᠶ᠎ᠠ ᠶᠢᠨ ᠬᠤᠲᠠ᠂ ᠯᠢᠩ ᠳ᠋ᠦᠩ ᠤᠨ ᠮᠠᠰᠢᠨᠲᠤ ᠲᠡᠷᠭᠡᠨ ᠤ ᠠᠷᠠᠯᠵᠢᠶ᠎ᠠ ᠶᠢᠨ ᠵᠠᠬ᠎ᠠ ᠳᠡᠯᠭᠡᠭᠦᠷ᠂ ᠬᠢᠲᠠᠳ ᠡᠮ ᠤᠨ ᠮᠠᠲ᠋ᠧᠷᠢᠶᠠᠯ ᠤᠨ ᠠᠷᠠᠯᠵᠢᠶ᠎ᠠ ᠶᠢᠨ ᠵᠠᠬ᠎ᠠ ᠳᠡᠯᠭᠡᠭᠦᠷ ᠵᠡᠷᠭᠡ ᠲᠤᠰᠬᠠᠶ ᠵᠠᠬ᠎ᠠ ᠳᠡᠯᠭᠡᠭᠦᠷ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠵᠶᠤ ᠷᠠᠨ ᡁᠢ ᠵᠢᠶᠠ ᠬᠤᠳᠠᠯᠳᠤᠭ᠎ᠠ ᠠᠷᠠᠯᠵᠢᠶ᠎ᠠ ᠶᠢᠨ ᠶᠡᠷᠦᠩᠬᠡᠶᠢᠯᠡᠭᠰᠡᠨ ᠴᠣᠭᠴᠠ ᠶᠢᠨ ᠲᠥᠷᠥᠯ ᠵᠤᠶᠢᠯ ᠢ ᠨᠠᠶᠢᠳᠠᠪᠤᠷᠢᠵᠢᠭᠤᠯᠬᠤ ᠶᠢ ᠢᠳᠡᠪᠬᠢᠲᠡᠶ ᠪᠠᠷ ᠠᠬᠢᠭᠤᠯᠤᠨ᠎ᠠ᠃ ︽ᠰᠢᠭᠤᠳ ᠨᠡᠪᠲᠡᠷᠡᠭᠦᠯᠬᠦ ᠡᠯᠧᠺᠲᠷᠣᠨ ᠬᠤᠳᠠᠯᠳᠤᠭ᠎ᠠ︾ ᠶᠢ ᠶᠡᠬᠡᠪᠡᠷ ᠬᠥᠭᠵᠢᠭᠦᠯᠵᠦ᠂ ᠢᠳᠡᠪᠬᠢ ᠡᠨᠧᠷᠭᠢ ︽ᠰᠦᠯᠵᠢᠶᠡᠨ ᠤ  ᠨᠡᠷᠡᠲᠤ︾  ᠶᠢᠨ ᠰᠢᠭᠤᠳ ᠨᠡᠪᠲᠡᠷᠡᠭᠦᠯᠬᠦ ᠰᠠᠭᠤᠷᠢᠨ ᠭᠠᠵᠠᠷ᠂ ᠡᠯᠧᠺᠲᠷᠣᠨ ᠬᠤᠳᠠᠯᠳᠤᠭᠠᠨ ᠤ ᠰᠢᠨ᠎ᠡ ᠶᠢ ᠡᠭᠦᠳᠦᠨ ᠠᠳᠠᠯ  ᠤᠶᠢᠯᠡᠰ ᠴᠣᠭᠴᠠᠯᠠᠬᠤ ᠠᠵᠤ ᠤᠶᠢᠯᠡᠰ ᠤᠨ ᠬᠦᠷᠢᠶᠡᠯᠡᠩ ᠢ ᠠᠰᠢᠭᠯᠠᠯᠲᠠ ᠳᠤ ᠣᠷᠣᠭᠤᠯᠬᠤ ᠶᠢ ᠭᠤᠤᠯᠳᠠᠯᠭ᠎ᠠ ᠲᠠᠢ ᠠᠬᠢᠭᠤᠯᠵᠤ᠂ ᠪᠥᠬᠦ ᠵᠢᠯ ᠤᠨ ᠡᠯᠧᠺᠲᠷᠣᠨ ᠬᠤᠳᠠᠯᠳᠤᠭᠠᠨ ᠤ ᠠᠷᠠᠯᠵᠢᠶ᠎ᠠ ᠶᠢᠨ ᠲᠤᠭ᠎ᠠ 17.4 ᠳ᠋ᠦᠩᠰᠢᠭᠤᠷ ᠲᠥᠭᠦᠷᠢᠭ ᠲᠤ ᠬᠦᠷᠴᠦ᠂ 45%        ᠪᠠᠷ ᠨᠡᠮᠡᠭᠳᠡᠪᠡ︔ ᠲᠠᠷᠢᠶᠠᠯᠠᠩ ᠤᠨ ᠪᠦᠲᠦᠭᠡᠭᠳᠡᠬᠦᠨ ᠤ ᠳᠡᠭᠡᠭᠰᠢ ᠠᠷᠠᠯᠵᠢᠶᠠᠯᠠᠬᠤ ᠲᠤᠭ᠎ᠠ 2.3 ᠳ᠋ᠦᠩᠰᠢᠭᠤᠷ ᠲᠥᠭᠦᠷᠢᠭ ᠲᠤ ᠬᠦᠷᠴᠦ᠂ 50%       ᠪᠠᠷ ᠨᠡᠮᠡᠭᠳᠡᠪᠡ᠃ ᠠᠭᠠᠷ ᠤᠨ ᠠᠵᠤ  ᠤᠶᠢᠯᠡᠰ ᠤᠨ ᠰᠢᠨ᠎ᠡ ᠰᠢᠪᠲᠤᠯᠤᠯᠲᠠ ᠶᠢ ᠲᠦᠷᠭᠡᠳᠬᠡᠨ᠎ᠡ᠃ ᠠᠭᠠᠷ ᠤᠨ ᠠᠶᠠᠯᠠᠯ ᠤᠨ ᠠᠵᠤ ᠤᠶᠢᠯᠡᠰ ᠤᠨ ᠬᠦᠷᠢᠶᠡᠯᠡᠩ ᠤᠨ ᠨᠢᠰᠦᠯᠲᠡ ᠶᠢᠨ ᠬᠡᠰᠡᠭ ᠢ ᠳᠡᠭᠡᠭᠰᠢᠯᠡᠭᠦᠯᠬᠦ᠂ ᠰᠡᠯᠪᠢᠨ ᠵᠠᠰᠠᠬᠤ ᠮᠠᠰᠢᠨ ᠤ ᠬᠥᠮᠥᠷᠭᠡ ᠶᠢ ᠦᠷᠭᠦᠯᠵᠢᠯᠡᠨ ᠪᠠᠶᠢᠭᠤᠯᠬᠤ ᠲᠥᠷᠥᠯ  ᠵᠤᠶᠢᠯ ᠢ ᠪᠡᠶᠡᠯᠡᠭᠦᠯᠵᠦ᠂ ᠴᠠᠢ ᠾᠧ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠪᠠᠷ ᠴᠢᠷᠮᠠᠶᠢᠨ᠎ᠠ︔ ᠮᠠᠰᠢᠨ ᠤ ᠶᠠᠪᠤᠳᠠᠯ ᠢ ᠪᠠᠲᠤᠯᠠᠬᠤ᠂ ᠰᠡᠯᠪᠢᠨ ᠵᠠᠰᠠᠬᠤ᠂ ᠰᠢᠯᠭᠠᠨ ᠪᠠᠶᠢᠴᠠᠭᠠᠬᠤ ᠵᠡᠷᠭᠡ ᠲᠤᠬᠠᠶᠢᠯᠠᠭᠰᠠᠨ ᠠᠵᠢᠯ ᠢ ᠢᠳᠡᠪᠬᠢᠲᠡᠶ ᠥᠷᠭᠡᠳᠬᠡᠵᠦ᠂ ᠰᠧᠴᠤᠸᠠᠨ ᠤ ᠰᠠᠨ ᠽᠤ ᠦ᠋ ᠺᠣᠮᠫᠠᠨᠢ ᠶᠢᠨ ᠠᠷᠠᠳ ᠤᠨ ᠠᠭᠠᠷ ᠤᠨ ᠲᠡᠭᠡᠭᠡᠪᠦᠷᠢ ᠶᠢᠨ ᠵᠢᠯᠣᠭᠤᠴᠢ ᠥᠬᠡᠶ ᠨᠢᠰᠬᠡᠯ ᠤᠨ ᠵᠢᠯᠣᠭᠤᠴᠢ ᠶᠢᠨ ᠦᠨᠡᠮᠯᠡᠯ᠂ ᠵᠢᠯᠣᠭᠤᠴᠢ ᠥᠬᠡᠶ ᠨᠢᠰᠬᠡᠯ ᠤᠨ ᠵᠢᠯᠣᠭᠤᠴᠢ ᠶᠢᠨ ᠬᠢᠷᠢ ᠲᠡᠩᠴᠡᠭᠰᠡᠨ ᠦᠨᠡᠮᠯᠡᠯ ᠤᠨ ᠰᠢᠯᠭᠠᠯᠲᠠ ᠶᠢᠨ ᠲᠥᠪ ᠢ ᠮᠠᠨ ᠤ ᠬᠤᠲᠠ ᠳᠤ ᠡᠷᠦᠬᠡ ᠠᠮᠠ ᠣᠷᠣᠭᠤᠯᠬᠤ ᠪᠠᠷ ᠴᠢᠷᠮᠠᠶᠢᠨ᠎ᠠ︔ ᠠᠭᠠᠷ ᠤᠨ ᠠᠵᠤ ᠤᠶᠢᠯᠡᠰ ᠤᠨ ᠬᠦᠷᠢᠶᠡᠯᠡᠩ ᠲᠣᠭᠤᠷᠢᠭ ᠤᠨ NG ᠨᠢᠰᠬᠡᠯ ᠤᠨ ᠬᠥᠳᠡᠯᠭᠡᠭᠦᠷ ᠰᠡᠯᠪᠢᠨ ᠵᠠᠰᠠᠬᠤ  ᠤᠶᠢᠯᠡᠳᠪᠦᠷᠢ ᠶᠢᠨ ᠡᠮᠦᠨᠡᠬᠢ ᠬᠤᠭᠤᠴᠠᠭᠠᠨ ᠤ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃    ︵ᠭᠤᠷᠪᠠ︶ ᠠᠵᠤ ᠦᠢᠯᠡᠰ ᠢ ᠠᠳᠬᠤᠵᠤ᠂ ᠰᠠᠭᠤᠷᠢ ᠶᠢ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠲᠠᠯ᠎ᠠ ᠪᠠᠷ ᠠᠵᠢᠯᠯᠠᠭ᠎ᠠ ᠪᠠᠨ ᠲᠦᠷᠭᠡᠳᠬᠡᠨ᠎ᠡ᠃ ᠲᠠᠷᠢᠶᠠᠯᠠᠩ ᠮᠠᠯ ᠠᠵᠤ ᠠᠬᠤᠶ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠣᠬᠢᠷᠲᠤᠯ ᠥᠬᠡᠶ ᠲᠠᠷᠢᠶᠠᠯᠠᠩ ᠮᠠᠯ ᠠᠵᠤ ᠠᠬᠤᠶ ᠣᠶ ᠰᠢᠭᠤᠶ ᠶᠢᠨ ᠪᠦᠲᠦᠭᠡᠭᠳᠡᠬᠦᠨ ᠢ  ᠤᠶᠢᠯᠡᠳᠪᠦᠷᠢᠯᠡᠵᠦ ᠡᠳ᠋ᠰᠢᠭᠦᠯᠦᠨ ᠭᠠᠳᠠᠭᠰᠢ ᠭᠠᠷᠭᠠᠬᠤ ᠰᠠᠭᠤᠷᠢᠨ ᠭᠠᠵᠠᠷ ᠤᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠵᠦ᠂ 17 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠥᠲᠥᠭᠡᠨ ᠪᠠᠶᠢᠭᠤᠯᠵᠤ᠂ ᠠᠮᠤ ᠪᠤᠳᠠᠭᠠᠨ ᠤ ᠤᠨᠠᠯᠲᠠ ᠶᠢ 25 ᠳ᠋ᠦᠩᠰᠢᠭᠤᠷ ᠵᠢᠩ ᠠᠴᠠ ᠳᠡᠭᠡᠭᠰᠢ ᠳᠤ ᠲᠣᠭᠲᠠᠪᠤᠷᠢᠵᠢᠭᠤᠯᠤᠨ᠎ᠠ᠃ ᠠᠯᠠᠰᠢᠨ ᠬᠤᠨᠢ ᠲᠡᠵᠢᠭᠡᠨ ᠦᠷᠡᠵᠢᠭᠦᠯᠬᠦ ᠲᠣᠮᠣ ᠬᠡᠯᠪᠡᠷᠢ ᠶᠢᠨ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠠᠯᠠᠰᠢᠨ ᠬᠤᠨᠢ ᠶᠢ ᠲᠥᠪᠯᠡᠷᠡᠭᠦᠯᠦᠨ ᠲᠡᠵᠢᠭᠡᠨ ᠦᠷᠡᠵᠢᠭᠦᠯᠬᠦ ᠬᠡᠪᠴᠢᠶ᠎ᠡ ᠶᠢ ᠳᠡᠭᠡᠭᠰᠢᠯᠡᠭᠦᠯᠦᠨ᠂ ᠮᠠᠯ ᠤᠨ ᠲᠤᠭ᠎ᠠ ᠲᠣᠯᠣᠭᠠᠶ ᠶᠢ 150 ᠲᠦᠮᠡ ᠠᠴᠠ ᠳᠡᠭᠡᠭᠰᠢ ᠳᠤ ᠲᠣᠭᠲᠠᠪᠤᠷᠢᠵᠢᠭᠤᠯᠤᠨ᠎ᠠ᠃ ᠥᠪᠥᠷ ᠮᠣᠩᠭᠤᠯ ᠠᠴᠠ ᠢᠷᠡᠯᠲᠡ ᠲᠠᠢ  ᠰᠦ ᠶᠢᠨ  ᠤᠶᠢᠯᠡᠰ ᠢ ᠲᠡᠳᠬᠦᠨ ᠪᠤᠵᠠᠭᠠᠶᠢᠷᠠᠭᠤᠯᠵᠤ᠂ ᠥᠨᠳᠥᠷ ᠤᠨᠠᠯᠲᠠ ᠲᠠᠢ ᠰᠠᠭᠠᠯᠢ ᠶᠢᠨ ᠦᠨᠢᠶ᠎ᠡ ᠶᠢᠨ ᠲᠤᠭ᠎ᠠ ᠬᠡᠮᠵᠢᠶ᠎ᠡ ᠶᠢ ᠥᠷᠭᠡᠳᠬᠡᠨ᠂ ᠰᠠᠭᠠᠯᠢ ᠶᠢᠨ ᠬᠠᠷ᠎ᠠ ᠳᠡᠯᠳᠡᠦ ᠶᠢᠨ ᠨᠠᠷᠠᠲᠤ ᠲᠡᠮᠳᠡᠭᠲᠦ ᠶᠢ ᠬᠦᠴᠦᠷᠬᠡᠭᠵᠢᠭᠦᠯᠵᠦ᠂ ᠳᠠᠷᠢᠬᠤ ᠬᠡᠪᠴᠢᠶ᠎ᠡ ᠶᠢ ᠪᠤᠵᠠᠭᠠᠶᠢᠷᠠᠭᠤᠯᠤᠨ᠂ ᠶᠡᠷᠦᠩᠬᠡᠶ ᠬᠡᠮᠵᠢᠶ᠎ᠡ ᠶᠢ 1000 ᠲᠦᠮᠡᠨ ᠤᠭᠤᠲᠠᠨ ᠳᠤ ᠬᠦᠷᠦᠭᠦᠯᠬᠦ ᠪᠠᠷ ᠴᠢᠷᠮᠠᠶᠢᠨ᠎ᠠ︔ ᠬᠢᠲᠠᠳ ᠡᠪᠡᠰᠦᠨ ᠡᠮ ᠳᠠᠷᠢᠬᠤ ᠶᠢ ᠵᠣᠷᠢᠭᠵᠢᠭᠤᠯᠵᠤ᠂ ᠲᠦᠮᠡᠨ ᠮᠥ ᠵᠢᠩᠬᠢᠨᠢ ᠡᠮ ᠤᠨ ᠮᠠᠲ᠋ᠧᠷᠢᠶᠠᠯ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠵᠤ᠂ ᠯᠢᠩ ᠳ᠋ᠦᠩ ᠭᠠᠵᠠᠷ ᠣᠷᠣᠨ ᠤ ᠬᠢᠲᠠᠳ ᠡᠮ ᠤᠨ ᠮᠠᠲ᠋ᠧᠷᠢᠶᠠᠯ ᠤᠨ ᠪᠠᠷᠠᠭᠠᠨ ᠤ  ᠭᠦᠢᠯᠭᠡᠭᠡᠨ ᠤ ᠲᠥᠪᠯᠡᠷᠡᠭᠦᠯᠦᠨ ᠲᠠᠷᠬᠠᠭᠠᠬᠤ ᠲᠥᠪ ᠢ ᠪᠠᠶᠢᠭᠤᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ  ᠰᠢᠢᠳᠪᠦᠷᠢᠯᠡᠬᠦ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠨ᠎ᠡ᠃ ᠬᠠᠪᠰᠤᠷᠤᠨ ᠲᠡᠳᠬᠦᠬᠦ ᠲᠦᠷᠦ ᠶᠢᠨ ᠪᠤᠳᠤᠯᠭ᠎ᠠ ᠶᠢᠨ ᠲᠣᠭᠲᠠᠭᠤᠨ ᠪᠠᠶᠢᠬᠤ ᠶᠢ ᠪᠠᠲᠤᠯᠠᠵᠤ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠲᠣᠭᠲᠠᠴᠠ ᠶᠢ ᠪᠦᠷᠢᠨᠰᠢᠬᠦᠯᠵᠤ᠂ ᠲᠠᠬᠢᠨ ᠶᠠᠳᠠᠭᠤᠷᠠᠬᠤ ᠠᠴᠠ ᠪᠤᠯᠵᠤ ᠶᠠᠳᠠᠭᠤᠷᠠᠬᠤ ᠶᠢ ᠡᠷᠡᠰ ᠰᠡᠷᠭᠡᠶᠢᠯᠡᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠯᠠ ᠮᠥᠩᠭᠦ ᠶᠢ 1.5 ᠳ᠋ᠦᠩᠰᠢᠭᠤᠷ ᠲᠥᠭᠦᠷᠢᠭ ᠴᠢᠷᠮᠠᠶᠢᠨ ᠣᠯᠵᠤ᠂ ᠬᠥᠳᠡᠭᠡ ᠲᠣᠰᠬᠤᠨ ᠤ ᠠᠵᠤ  ᠤᠶᠢᠯᠡᠰ᠂ ᠵᠢᠵᠢᠭ ᠬᠡᠯᠪᠡᠷᠢ ᠶᠢᠨ ᠰᠠᠭᠤᠷᠢ ᠲᠥᠬᠦᠭᠡᠷᠦᠮᠵᠢ ᠶᠢᠨ ᠲᠥᠷᠥᠯ ᠵᠤᠶᠢᠯ ᠢ 68 ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠪᠡ᠃ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠡᠵᠡᠩᠨᠡᠯᠲᠡ ᠬᠠᠮᠢᠶᠠᠷᠤᠯᠲᠠ ᠶᠢ ᠴᠢᠩᠭᠠᠷᠠᠭᠤᠯᠵᠤ᠂ ᠡᠵᠡᠩᠨᠡᠯᠲᠡ ᠶᠢᠨ ᠴᠢᠨᠠᠷᠲᠠᠶ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠠᠰᠢᠭ ᠣᠯᠵᠠᠪᠤᠷᠢ ᠶᠢ 6%        ᠠᠴᠠ ᠳᠡᠭᠡᠭᠰᠢ ᠳᠤ ᠬᠦᠷᠦᠭᠦᠯᠬᠦ ᠶᠢ ᠪᠡᠶᠡᠭᠦᠯᠦᠨ᠎ᠡ᠃ ᠬᠥᠳᠡᠭᠡ ᠲᠣᠰᠬᠤᠨ ᠢ ᠪᠦᠳᠦᠭᠡᠨ ᠪᠠᠶᠢᠭᠤᠯᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠪᠦᠬᠦ ᠰᠢᠶᠠᠨ ᠢᠶᠠᠷ ᠲᠦᠯᠬᠢᠨ ᠠᠬᠢᠭᠤᠯᠬᠤ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠵᠦᠢᠯᠡᠰ ᠢ ᠲᠦᠷᠭᠡᠪᠴᠢᠯᠡᠨ ᠬᠡᠷᠡᠭᠵᠢᠭᠦᠯᠵᠦ᠂ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ᠂ ᠪᠣᠬᠢᠷ ᠤᠰᠤ᠂ ᠵᠣᠷᠯᠣᠩ ᠤᠨ ︽ᠭᠤᠷᠪᠠᠨ ᠶᠡᠭᠡ ᠬᠤᠪᠢᠰᠬᠠᠯ︾ ᠢ ᠭᠦᠨᠵᠡᠭᠡᠶ ᠲᠦᠯᠬᠢᠨ ᠠᠬᠢᠭᠤᠯᠤᠨ᠎ᠠ᠃ ᠬᠥᠳᠡᠭᠡ ᠲᠣᠰᠬᠤᠨ ᠤ ᠤᠰᠤ ᠤᠮᠳᠠ ᠶᠢᠨ ᠠᠮᠤᠷ ᠲᠦᠪᠰᠢᠨ ᠢ ᠪᠠᠲᠤᠯᠠᠵᠤ᠂  ᠦ᠋ ᠳ᠋ᠠ ᠬᠠ ᠴᠢ᠂  ᠳ᠋ᠠ ᠾᠧ ᠸᠠᠨ  ᠤ ᠲᠠᠷᠢᠶᠠᠯᠠᠩ ᠤᠨ ᠲᠠᠯᠠᠪᠠᠢ ᠵᠡᠷᠭᠡ ᠤᠰᠤ ᠤᠮᠳᠠ ᠶᠢᠨ ᠠᠮᠤᠷ ᠲᠦᠪᠰᠢᠨ ᠤ ᠢᠨᠵᠧᠨᠧᠷᠢᠩ ᠢ ᠬᠡᠷᠡᠭᠵᠢᠭᠦᠯᠦᠨ᠎ᠡ᠃ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠵᠠᠰᠠᠬᠤ ᠶᠢ ᠪᠠᠷᠢᠮᠲᠠᠯᠠᠨ ᠬᠡᠷᠡᠭᠵᠢᠭᠦᠯᠵᠦ᠂ ᠤᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠦᠢᠯᠡᠴᠢᠯᠡᠭᠡᠨ ᠤ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃   ︵ᠲᠦᠷᠪᠡ︶ ᠥᠭᠡᠷᠡᠴᠢᠯᠡᠯᠲᠡ ᠶᠢ ᠠᠳᠬᠤᠵᠤ᠂ ᠶᠠᠰᠤ ᠴᠢᠨᠠᠷ ᠢ ᠳᠡᠭᠡᠭᠰᠢᠯᠡᠭᠦᠯᠵᠦ᠂ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠲᠠᠯ᠎ᠠ ᠪᠠᠷ ᠭᠤᠣᠯᠳᠠᠯᠭ᠎ᠠ ᠲᠠᠢ ᠪᠠᠷ ᠰᠢᠪᠲᠤᠯᠤᠯᠲᠠ ᠭᠠᠷᠭᠠᠨ᠎ᠠ᠃ ᠬᠤᠳᠠ ᠶᠢᠨ ᠳᠦᠷᠰᠦ ᠪᠠᠶᠢᠳᠠᠯ ᠢ ᠬᠦᠴᠦᠯᠡᠨ ᠪᠤᠢ ᠪᠣᠯᠭᠠᠨ᠎ᠠ᠃ ᠰᠣᠶᠣᠯ ᠦᠵᠡᠰᠬᠦᠯᠡᠩ ᠤᠨ ᠵᠠᠩ ᠤᠶᠢᠯᠡ ᠶᠢᠨ ᠵᠢᠵᠢᠭ ᠪᠠᠯᠭᠠᠰᠤ ᠶᠢ ᠲᠦᠷᠭᠡᠳᠬᠡᠨ ᠪᠠᠶᠢᠭᠤᠯᠵᠤ᠂ ᠳᠤᠮᠳᠠᠳᠤ ᠳᠣᠷᠣᠨᠠᠲᠤ ᠶᠢᠨ ᠲᠡᠮᠦᠷ ᠵᠠᠮ ᠤᠨ ᠴᠠᠭᠠᠨ ᠬᠠᠭᠠᠨᠲᠤ ᠣᠷᠣᠰ ᠤᠨ ᠪᠠᠷᠢᠯᠭ᠎ᠠ ᠨᠤᠭᠤᠳ ᠢ ᠰᠡᠯᠪᠢᠨ ᠵᠠᠰᠠᠬᠤ ᠠᠵᠢᠯ ᠢ ᠪᠡᠶᠡᠯᠡᠭᠦᠯᠵᠦ᠂ ᠲᠡᠤᠬᠡ ᠶᠢᠨ ᠮᠦᠽᠧᠶ ᠶᠢ ᠥᠭᠡᠷᠡᠴᠢᠯᠡᠨ ᠪᠠᠶᠢᠭᠤᠯᠵᠤ᠂ ᠰᠤᠷᠭᠠᠨ ᠬᠥᠮᠦᠵᠢᠯ᠂ ᠠᠵᠤ  ᠤᠶᠢᠯᠡᠳᠪᠦᠷᠢ᠂ ᠬᠢᠲᠠᠳ ᠡᠪᠡᠰᠦᠨ ᠡᠮ ᠵᠡᠷᠭᠡ ᠮᠦᠽᠧᠶ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ᠮᠦᠽᠧᠶ ᠶᠢᠨ ᠬᠤᠲᠠ ᠶᠢ ᠴᠢᠷᠮᠠᠶᠢᠨ ᠪᠠᠶᠢᠭᠤᠯᠤᠨ᠎ᠠ᠃ ᠳᠤᠮᠳᠠᠳᠤ ᠤᠯᠤᠰ ᠤᠨ ᠵᠡᠭᠦᠨ ᠬᠤᠶᠢᠲᠤ ᠶᠢᠨ ᠲᠡᠮᠦᠷ ᠵᠠᠮ ᠤᠨ ᠮᠦᠽᠧᠶ ᠶᠢᠨ ᠭᠤᠷᠪᠠᠳᠤᠭᠠᠷ ᠨᠣᠮᠧᠷᠲᠤ ᠣᠷᠳᠣᠨ ᠢ ᠪᠠᠶᠢᠭᠤᠯᠵᠤ᠂ ᠤᠰᠤᠨ ᠲᠤᠲᠤᠷᠭ᠎ᠠ ᠶᠢᠨ ᠴᠡᠴᠡᠷᠯᠢᠭ᠂ ᠭᠠᠯᠲᠤ ᠲᠡᠷᠭᠡᠨ ᠤ ᠬᠤᠭᠤᠯᠠᠨ ᠲᠢᠩᠬᠢᠮ᠂  ᠪᠠᠳᠮ᠎ᠠ ᠴᠡᠴᠡᠭ ᠶᠢᠨ ᠨᠠᠭᠤᠷ ᠤᠨ ᠰᠠᠷᠠᠨ ᠦᠵᠡᠮᠵᠢ᠂ ᠲᠠᠷᠢᠶᠠᠨ ᠭᠠᠵᠠᠷ ᠤᠨ ᠰᠠᠶᠢᠬᠠᠨ ᠵᠢᠯ ᠵᠡᠷᠭᠡ ᠶᠢ ᠨᠢᠭᠡ ᠴᠤᠭᠴᠠᠵᠢᠭᠤᠯᠤᠭᠰᠠᠨ ᠰᠣᠶᠣᠯ ᠵᠠᠩ ᠠᠭᠠᠯᠢ ᠶᠢᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠤᠨ᠎ᠠ᠃ ᠬᠤᠳᠠ ᠶᠢᠨ ᠵᠣᠷᠢᠭ ᠰᠠᠨᠠᠭ᠎ᠠ ᠶᠢ ᠨᠢᠭᠲᠠᠷᠠᠭᠤᠯᠤᠨ ᠪᠣᠯᠪᠠᠰᠤᠷᠠᠭᠤᠯᠬᠤ ᠶᠢ ᠴᠢᠬᠤᠯᠠᠴᠢᠯᠠᠵᠤ᠂ ︽ᠦᠵᠡᠰᠬᠦᠯᠡᠩᠲᠦ ᠰᠠᠶᠢᠬᠠᠨ ᠠᠭᠤᠯᠠ ᠤᠰᠤ᠂ ᠡᠷᠡᠨ ᠵᠠᠭᠤᠨ ᠤ ᠵᠠᠯᠠᠨ ᠬᠤᠳᠠ ︾ ᠶᠢᠨ ᠣᠨᠴᠠᠯᠢᠭ ᠢ ᠵᠢᠷᠤᠭᠯᠠᠵᠤ᠂ ᠵᠠᠯᠠᠨ ᠠᠶᠢᠯ ᠤᠨ ᠥᠪᠡᠷᠮᠢᠴᠡ ᠷᠢᠳᠢ ᠰᠢᠳᠢ ᠶᠢ ᠪᠦᠬᠦ ᠲᠠᠯ᠎ᠠ ᠪᠠᠷ ᠢᠯᠡᠷᠡᠭᠦᠯᠬᠦ ᠬᠡᠷᠡᠭᠲᠡᠢ᠃ ᠬᠤᠳᠠ ᠶᠢᠨ ᠳᠠᠭᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ 24 ᠬᠠᠭᠤᠴᠢᠨ ᠪᠠ ᠬᠠᠭᠤᠴᠢᠷᠬᠠᠰᠠᠨ ᠵᠢᠵᠢᠭ ᠲᠣᠭᠤᠷᠢᠭ ᠢ ᠥᠭᠡᠷᠡᠴᠢᠯᠡᠨ ᠪᠠᠶᠢᠭᠤᠯᠵᠤ᠂ 54 ᠲᠦᠮᠡᠨ  ᠺᠦᠸᠠᠳ᠋ ᠮᠧᠲᠷ ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ ᠶᠢ ᠨᠡᠭᠡᠭᠡᠨ ᠬᠥᠭᠵᠢᠭᠦᠯᠵᠦ᠂ ᠬᠤᠳᠠ ᠶᠢᠨ ᠵᠠᠮ᠂ ᠤᠰᠤ ᠬᠠᠩᠭᠠᠬᠤ᠂ ᠤᠰᠤ ᠵᠠᠯᠠᠬᠤ᠂ ᠢᠯᠴᠢ ᠬᠠᠩᠭᠠᠬᠤ᠂ ᠬᠤᠭ ᠨᠣᠪᠰᠢ ᠶᠢ  ᠰᠢᠢᠳᠪᠦᠷᠢᠯᠡᠬᠦ ᠵᠡᠷᠭᠡ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠤᠳᠠ ᠶᠢᠨ ᠴᠢᠳᠠᠮᠵᠢ ᠶᠢ ᠲᠠᠰᠤᠷᠠᠯᠳᠠ ᠦᠭᠡᠢ ᠲᠡᠭᠦᠯᠳᠡᠷᠵᠢᠭᠦᠯᠪᠡ᠃ ︽ᠪᠣᠯᠪᠠᠰᠤᠨ ᠨᠢ ᠠᠵᠢᠯᠯᠠᠭ᠎ᠠ ᠳᠠᠭᠠᠨ ᠪᠠᠶᠢᠵᠤ᠂ ᠬᠠᠨᠤᠮᠵᠢ ᠨᠢ ᠵᠠᠯᠠᠨ ᠳᠠᠭᠠᠨ ᠪᠠᠶᠢᠬᠤ︾ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠦᠷᠭᠦᠯᠵᠢᠯᠡᠨ ᠴᠡᠭᠴᠡᠯᠡᠨ ᠵᠠᠰᠠᠵᠤ᠂ ᠬᠤᠲᠠ ᠶᠢᠨ ᠬᠠᠮᠢᠶᠠᠷᠤᠯᠲᠠ ᠶᠢᠨ ᠨᠠᠷᠢᠯᠢᠬᠵᠢᠭᠤᠯᠬᠤ ᠪᠠ ᠤᠶᠤᠨᠴᠢᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠡᠷᠡᠭᠦᠯᠵᠢᠯ ᠰᠤᠪᠢᠯᠠᠯᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠨ᠎ᠡ᠃ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠡᠬᠢᠯᠡᠭᠦᠯᠵᠦ᠂ ᠵᠢᠶᠠᠩᠰᠦ ᠶᠢᠨ ᠳ᠋ᠦᠩ ᠹᠠᠩ ᠬᠤᠶ ᠯᠧ᠂ ᠨᠠᠨᠵᠢᠩ ᠤᠨ ᠢ ᠹᠠ ᠪᠦᠯᠦᠭᠯᠡᠯ᠂ ᠥᠪᠥᠷ ᠮᠣᠩᠭᠤᠯ ᠤᠨ ᠲᠢᠶᠠᠨ ᠫᠦ ᠠᠳᠠᠯ  ᠤᠶᠢᠯᠡᠰ ᠴᠣᠭᠴᠠᠯᠠᠬᠤ ᠵᠡᠷᠭᠡ ᠠᠵᠤ ᠠᠬᠤᠶᠢᠯᠠᠯ ᠲᠠᠢ ᠢᠳᠡᠪᠬᠢᠲᠡᠶ ᠪᠠᠷ ᠵᠣᠯᠭᠠᠭᠤᠯᠵᠤ᠂ ᠳᠥᠷᠪᠡᠨ ᠣᠳᠣᠨ ᠲᠠᠰ ᠤᠨ ᠡᠷᠡᠭᠦᠯᠵᠢᠯ ᠰᠤᠪᠢᠯᠠᠯᠲᠠ ᠶᠢᠨ ᠭᠤᠤᠯ ᠰᠡᠳᠦᠪᠲᠦ ᠵᠣᠴᠢᠳ ᠤᠨ ᠪᠠᠭᠤᠳᠠᠯ ᠢ ᠣᠷᠣᠭᠤᠯᠤᠨ ᠠᠪᠴᠢᠷᠠᠵᠤ᠂ ᠡᠷᠡᠭᠦᠯᠵᠢᠯ ᠰᠤᠪᠢᠯᠠᠯᠲᠠ ᠶᠢᠨ ᠠᠵᠤ  ᠤᠶᠢᠯᠡᠰ ᠤᠨ ᠰᠢᠪᠲᠤᠯᠤᠯᠲᠠ ᠶᠢ ᠴᠢᠷᠮᠠᠶᠢᠨ ᠪᠡᠶᠡᠯᠡᠭᠦᠯᠦᠨ᠎ᠡ᠃ ᠬᠤᠲᠠ ᠬᠥᠳᠡᠭᠡ ᠶᠢᠨ ᠰᠠᠭᠤᠷᠢ ᠪᠡᠯᠡᠳᠬᠡᠮᠵᠢ ᠶᠢ ᠪᠠᠬᠢᠵᠢᠭᠦᠯᠦᠨ᠎ᠡ᠃ ᠲᠦᠷᠭᠡᠨ  ᠬᠤᠷᠳᠤᠴᠠᠲᠤ ᠵᠠᠮ ᠤᠨ ᠡᠮᠦᠨ᠎ᠡ ᠭᠠᠷᠬᠤ ᠡᠭᠦᠳᠡ᠂ ᠪᠠᠷᠠᠭᠤᠨ ᠭᠠᠷᠬᠤ ᠡᠭᠦᠳᠡ ᠬᠠᠷᠢᠯᠴᠠᠨ ᠨᠡᠪᠲᠡᠷᠡᠬᠦ ᠬᠤᠶᠠᠷ ᠰᠦᠢᠳᠬᠡᠯ ᠬᠤᠷᠢᠶᠠᠬᠤ ᠦᠷᠳᠡᠭᠡ ᠶᠢ ᠲᠦᠷᠭᠡᠨ ᠨᠡᠪᠲᠡᠷᠡᠭᠦᠯᠵᠦ᠂ ᠳᠠᠪᠠᠭ᠎ᠠ ᠶᠢᠨ ᠬᠤᠶᠢᠲᠤ ᠲᠠᠯ᠎ᠠ ᠶᠢᠨ ᠳᠥᠷᠪᠡᠳᠦᠭᠡᠷ ᠠᠩᠬᠢ ᠶᠢᠨ ᠬᠠᠷᠢᠯᠴᠠᠨ ᠨᠡᠪᠲᠡᠷᠡᠬᠦ ᠢᠨᠵᠧᠨᠧᠷᠢᠩ ᠢ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠤᠯᠠᠨ ᠲᠦᠮᠡᠨ ᠤ ᠶᠠᠪᠤᠵᠤ ᠰᠠᠭᠤᠬᠤ ᠪᠠ ᠠᠵᠤ ᠠᠬᠤᠶᠢᠯᠠᠯ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠵᠠᠮ ᠬᠠᠷᠢᠯᠴᠠᠭᠠᠨ ᠤ ᠪᠣᠭᠤᠮᠢ ᠶᠢ ᠠᠷᠢᠯᠭᠠᠨ᠎ᠠ︔ ᠤᠯᠤᠰ ᠤᠨ ᠵᠠᠮ ᠤᠨ 232 ᠱᠤᠭᠤᠮ ᠤᠨ ᠽᠢ ᠭᠧᠦ ᠠᠴᠠ ᠳ᠋ᠡ ᠰᠢᠩ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ ᠵᠡᠷᠭᠡ ᠭᠤᠣᠯᠳᠠᠯᠭ᠎ᠠ ᠲᠠᠢ ᠰᠠᠭᠤᠷᠢ ᠲᠥᠬᠦᠭᠡᠷᠦᠮᠵᠢ ᠶᠢᠨ ᠲᠦᠷᠦᠯ ᠵᠦᠢᠯ ᠢ ᠠᠵᠢᠯ ᠡᠬᠢᠯᠡᠭᠦᠯᠵᠦ᠂  ᠴᠢᠴᠢᠬᠠᠷ ᠬᠠᠶᠢᠯᠠᠷ ᠮᠠᠨᠵᠤᠷ ᠶᠢᠨ ᠠᠶᠠᠨᠴᠢᠳ ᠤᠨ ᠲᠡᠭᠡᠭᠡᠪᠦᠷᠢ ᠶᠢᠨ ᠲᠤᠰᠬᠠᠢ ᠱᠤᠭᠤᠮ ᠤᠨ ᠡᠮᠦᠨᠡᠬᠢ ᠬᠤᠭᠤᠴᠠᠭᠠᠨ ᠤ ᠠᠵᠢᠯ ᠢ ᠬᠠᠮᠵᠢᠯᠴᠠᠨ ᠠᠬᠢᠭᠤᠯᠤᠨ᠎ᠠ︔ ᠬᠥᠳᠡᠭᠡ ᠲᠣᠰᠬᠤᠨ ᠤ ᠵᠠᠰᠠᠮᠠᠯ ᠵᠠᠮ ᠤᠨ ᠠᠷᠠᠴᠢᠯᠠᠯᠲᠠ ᠶᠢ ᠴᠢᠩᠭᠠᠳᠬᠠᠵᠤ᠂ ︽ᠬᠥᠳᠡᠭᠡ ᠲᠣᠰᠬᠤᠨ ᠤ ᠳᠥᠷᠪᠡᠨ ᠰᠠᠶᠢᠨᠲᠠᠶ ᠵᠠᠮ︾ ᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ᠎ᠡ᠃     ︵ᠲᠠᠪᠤ︶ ᠵᠠᠰᠠᠬᠤ ᠶᠢ ᠠᠳᠬᠤᠨ᠂ ᠰᠡᠷᠭᠦᠭᠡᠬᠦ ᠶᠢ ᠴᠢᠬᠤᠯᠠᠴᠢᠯᠠᠵᠤ᠂ ᠠᠮᠢ ᠠᠬᠤᠶ ᠶᠢᠨ ᠬᠠᠯᠬᠠᠪᠴᠢ ᠶᠢ ᠪᠥᠬᠦ ᠲᠠᠯ᠎ᠠ ᠪᠠᠷ ᠪᠠᠶᠢᠭᠤᠯᠬᠤ ᠲᠠᠯ᠎ᠠ ᠪᠠᠷ ᠪᠣᠳᠠᠲᠤ ᠦᠷ᠎ᠡ ᠪᠦᠲᠦᠮᠵᠢ ᠤᠯᠬᠤ ᠪᠠᠷ ᠴᠢᠷᠮᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠨᠠᠷ ᠰᠠᠶᠢᠲᠠᠢ ᠪᠡᠶᠡᠯᠡᠭᠦᠯᠵᠦ᠂ ᠠᠮᠢ ᠠᠬᠤᠢ ᠣᠷᠴᠢᠨ ᠲᠣᠭᠤᠷᠢᠨ ᠤ ︽ᠲᠦᠷᠪᠡᠨ ᠶᠡᠭᠡ ᠳᠠᠶᠢᠯᠠᠯᠳᠤᠭᠠᠨ︾ ᠢ ᠦᠷᠭᠦᠯᠵᠢᠯᠡᠨ ᠰᠠᠶᠢᠲᠤᠷ ᠬᠢᠨ᠎ᠠ᠃ ᠬᠦᠬᠡ ᠣᠭᠲᠠᠷᠭᠤᠢ ᠶᠢ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠨ᠎ᠡ᠃ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ᠂ ᠬᠦᠴᠦᠯᠡᠴᠡ ᠶᠢᠨ ︽ᠬᠤᠶᠠᠷ ᠢ ᠡᠵᠡᠮᠳᠡᠬᠦ︾ ᠪᠠ ᠣᠷᠭᠢᠯ ᠬᠡᠮᠵᠢᠭᠳᠡᠯ ᠤᠨ ᠬᠠᠷᠠᠯᠲᠠᠲᠤ ᠬᠠᠮᠢᠶᠠᠷᠤᠯᠲᠠ ᠶᠢ ᠪᠠᠷᠢᠮᠲᠠᠯᠠᠨ᠂ ᠭᠤᠤᠯᠳᠠᠯᠭ᠎ᠠ ᠲᠠᠢ ᠠᠵᠤ ᠠᠬᠤᠶᠢᠯᠠᠯ ᠤᠨ ᠭᠠᠳᠠᠭᠰᠢᠯᠠᠭᠤᠯᠬᠤ ᠮᠡᠷᠭᠡᠵᠢᠯ ᠤᠨ ᠥᠭᠡᠷᠡᠴᠢᠯᠡᠯᠲᠡ ᠶᠢᠨ ᠲᠠᠰ ᠳᠡᠪᠰᠢᠬᠦ ᠶᠢ ᠠᠬᠢᠭᠤᠯᠵᠤ᠂ ᠤᠯᠤᠰ ᠤᠨ Ⅲ ᠵᠢᠴᠢ ᠲᠡᠭᠦᠨ ᠠᠴᠠ ᠳᠣᠷᠣᠭᠰᠢᠬᠢ ᠭᠠᠳᠠᠭᠰᠢᠯᠠᠭᠤᠯᠬᠤ ᠪᠠᠷᠢᠮᠵᠢᠶᠠᠲᠤ ᠡᠵᠡᠩᠨᠡᠯᠲᠡ ᠶᠢᠨ ᠴᠠᠶᠢᠶ᠋ᠢᠦ ᠲᠣᠰᠣᠨ ᠤ ᠪᠠᠷᠠᠭᠠᠨ ᠤ ᠲᠡᠷᠭᠡ ᠶᠢ ᠠᠯᠬᠤᠮ ᠠᠯᠬᠤᠮ ᠢᠶᠠᠷ ᠰᠢᠭᠰᠢᠭᠳᠡᠭᠦᠯᠦᠨ ᠰᠢᠨᠡᠳᠬᠡᠵᠦ᠂ ᠲᠠᠷᠠᠬᠠᠶ ᠨᠡᠭᠦᠷᠡᠰᠦᠨ ᠤ ᠪᠣᠬᠢᠷᠲᠤᠯ ᠢ ᠶᠡᠷᠦᠩᠬᠡᠶᠢᠯᠡᠨ ᠴᠡᠭᠴᠡᠯᠡᠨ ᠵᠠᠰᠠᠬᠤ᠂ ᠵᠠᠮ ᠪᠠ ᠪᠠᠷᠢᠯᠭ᠎ᠠ ᠶᠢᠨ ᠠᠵᠢᠯ ᠤᠨ ᠭᠠᠵᠠᠷ ᠤᠨ ᠲᠣᠭᠤᠰᠣ ᠰᠢᠷᠣᠶ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃ ᠬᠥᠬᠡᠮᠳᠦᠭ ᠤᠰᠤ ᠶᠢ ᠬᠠᠮᠠᠭᠠᠯᠠᠬᠤ ᠪᠠᠶᠢᠯᠳᠤᠭᠠᠨ ᠢ ᠰᠠᠢᠲᠤᠷ ᠬᠢᠨ᠎ᠡ᠃ ᠭᠤᠤᠯ ᠤᠨ ᠵᠠᠮ ᠤᠨ ︽ᠳᠥᠷᠪᠡᠨ ᠵᠤᠶᠢᠯ ᠤᠨ  ᠪᠣᠵᠠᠷ︾ ᠢ ᠠᠷᠢᠯᠭᠠᠬᠤ ᠲᠤᠰᠬᠠᠶ ᠵᠠᠰᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠬᠠᠤᠯᠢ ᠪᠤᠰᠤ ᠪᠠᠷ ᠭᠤᠤᠯ ᠳᠤ ᠣᠷᠣᠵᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠡᠷᠡᠰ ᠴᠠᠭᠠᠵᠠᠯᠠᠵᠤ᠂ ᠬᠠᠤᠯᠢ ᠪᠤᠰᠤ ᠪᠠᠷ ᠡᠯᠡᠰᠦ ᠮᠠᠯᠲᠠᠬᠤ ᠵᠡᠷᠭᠡ ᠤᠶᠢᠯᠠ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠤᠰᠤᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠲᠣᠭᠲᠠᠴᠠ ᠶᠢ ᠪᠦᠷᠢᠨᠰᠢᠭᠦᠯᠵᠦ᠂ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠤ ᠪᠥᠲᠥᠭᠡᠨ ᠪᠠᠶᠢᠭᠤᠯᠤᠯᠲᠠ ᠪᠠ ᠪᠣᠬᠢᠷ ᠤᠰᠤ ᠶᠢ ᠭᠠᠳᠠᠭᠰᠢᠯᠠᠭᠤᠯᠬᠤ ᠬᠠᠮᠢᠶᠠᠷᠤᠯᠲᠠ ᠶᠢ ᠴᠢᠩᠭᠠᠳᠬᠠᠵᠤ᠂ ᠤᠰᠤᠨ ᠤ ᠴᠢᠨᠠᠷ ᠢ ᠲᠣᠭᠲᠠᠭᠤᠨ ᠢᠶᠠᠷ ᠠᠷᠢᠭᠤᠨ ᠣᠷᠣᠨ ᠢ ᠬᠠᠮᠠᠭᠠᠯᠠᠬᠤ ᠳᠠᠢᠨ ᠢ ᠰᠠᠢᠲᠤᠷ ᠬᠢᠨ᠎ᠡ᠃ ᠬᠠᠲᠠᠭᠤ ᠪᠡᠶᠡᠲᠦ ᠬᠠᠶᠠᠭᠳᠠᠮᠠᠯ ᠪᠣᠳᠠᠰ ᠢ  ᠰᠢᠢᠳᠪᠦᠷᠢᠯᠡᠬᠦ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠣᠯᠠᠨ ᠡᠬᠢᠳᠤ ᠪᠣᠬᠢᠷᠲᠤᠯ ᠢ ᠪᠥᠬᠦ ᠲᠠᠯ᠎ᠠ ᠪᠠᠷ ᠵᠠᠰᠠᠵᠤ᠂ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠶᠠᠰᠤ ᠴᠢᠨᠠᠷ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠨ᠎ᠠ᠃ ᠠᠮᠢ ᠠᠬᠤᠶ ᠶᠢ ᠰᠡᠷᠭᠦᠭᠡᠬᠦ ᠤᠳᠠᠭᠠᠨ ᠳᠠᠭᠠᠭᠠᠮᠠᠭᠠᠶ ᠲᠡᠶᠢᠨ ᠢ ᠰᠠᠶᠢᠲᠤᠷ ᠬᠢᠨ᠎ᠠ᠃ 3000 ᠮᠥ ᠬᠥᠮᠦᠨ ᠤ ᠬᠦᠴᠦ ᠪᠠᠷ ᠣᠶᠢᠵᠢᠭᠤᠯᠵᠤ᠂ 6000 ᠮᠥ ᠠᠭᠤᠯᠠ ᠶᠢ ᠪᠢᠲᠡᠭᠦᠮᠵᠢᠯᠡᠨ ᠣᠶᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠶᠢᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠡᠬᠢᠯᠡᠭᠦᠯᠦᠨ᠎ᠡ︔ ᠾᠦᠢ ᠹᠧᠩ ᠴᠤᠸᠠᠨ ᠭᠤᠤᠯ ᠤᠨ ᠵᠠᠮ᠂ ᠡᠯ ᠳ᠋ᠤᠤ ᠴᠢᠶᠣᠤ ᠭᠤᠤᠯ ᠤᠨ ᠵᠠᠮ ᠵᠢᠴᠢ 2022 ᠣᠨ ᠤ ᠢᠳᠡᠭᠳᠡᠯ ᠤᠨ ᠭᠤᠤ ᠵᠡᠷᠭᠡ ᠠᠮᠢ ᠠᠬᠤᠶ ᠶᠢᠨ ᠵᠠᠰᠠᠯᠲᠠ ᠶᠢᠨ ᠢᠨᠵᠧᠨᠧᠷᠢᠩ ᠢ ᠲᠦᠷᠭᠡᠳᠬᠡᠨ ᠪᠡᠶᠡᠯᠡᠭᠦᠯᠵᠦ᠂ ᠨᠡᠶᠢᠭᠡᠮ ᠤᠨ ᠬᠥᠷᠥᠩᠭᠡ ᠶᠢ ᠣᠷᠣᠭᠤᠯᠤᠨ ᠠᠪᠴᠢᠷᠠᠵᠤ ᠲᠢᠶᠠᠨ ᠪᠠᠶ ᠱᠠᠨ ᠠᠭᠤᠯᠠᠨ ᠤ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠥᠷᠨᠢᠭᠦᠯᠬᠦ ᠪᠠᠷ ᠲᠥᠯᠥᠪᠯᠡᠵᠦ᠂ ᠪᠣᠳᠠᠲᠤ ᠦᠷ᠎ᠡ ᠪᠦᠲᠦᠮᠵᠢ ᠪᠠᠷ ᠢᠶᠠᠨ ᠠᠷᠠᠳ ᠲᠦᠮᠡᠨ ᠤ ᠰᠠᠶᠢᠨ ᠰᠠᠶᠢᠬᠠᠨ ᠣᠷᠴᠢᠨ ᠲᠣᠭᠤᠷᠢᠨ ᠤ ᠲᠤᠬᠠᠶ ᠬᠦᠰᠡᠯ ᠡᠷᠡᠮᠡᠯᠵᠡᠯ ᠳᠤ ᠬᠠᠷᠢᠭᠤ ᠥᠭᠭᠦᠨ᠎ᠡ᠃   ︵ᠵᠢᠷᠭᠤᠭ᠎ᠠ︶ ᠠᠷᠠᠳ ᠤᠨ ᠠᠮᠢᠳᠤᠷᠠᠯ ᠢ ᠠᠳᠬᠤᠵᠤ᠂ ᠠᠷᠠᠳ ᠤᠨ ᠬᠦᠴᠢᠷᠳᠡᠯ ᠢ ᠠᠷᠢᠯᠭᠠᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠪᠥᠬᠦ ᠲᠠᠯ᠎ᠠ ᠪᠠᠷ ᠰᠠᠶᠢᠵᠢᠷᠠᠭᠤᠯᠬᠤ ᠲᠠᠯ᠎ᠠ ᠪᠠᠷ ᠬᠦᠴᠦᠯᠡᠨ ᠰᠢᠪᠲᠤᠯᠤᠯᠲᠠ ᠬᠢᠨ᠎ᠠ᠃ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠤᠯᠠᠨ ᠲᠦᠮᠡᠨ ᠤ ᠠᠩᠬᠠᠷᠴᠤ ᠪᠠᠶᠢᠭ᠎ᠠ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠰᠠᠶᠢᠲᠤᠷ ᠠᠳᠬᠤᠵᠤ᠂ ᠤᠯᠠᠨ ᠲᠦᠮᠡᠨ ᠤ ᠬᠦᠰᠡᠵᠦ ᠪᠠᠶᠢᠭ᠎ᠠ ᠪᠣᠳᠠᠲᠠᠢ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠤᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠬᠤᠷᠢᠭ᠎ᠠ ᠱᠤᠭᠤᠮ ᠪᠠᠲᠤ᠃ ᠠᠵᠢᠯ ᠣᠯᠭᠤᠯᠲᠠ ᠶᠢ ᠤᠯᠠᠮ ᠨᠢᠭᠡ ᠠᠯᠬᠤᠮ ᠠᠬᠢᠭᠤᠯᠵᠤ᠂ ᠬᠤᠳᠠ ᠪᠠᠯᠭᠠᠰᠤᠨ ᠤ 3000 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠥᠳᠡᠭᠡ ᠲᠣᠰᠬᠤᠨ ᠤ ᠬᠥᠳᠡᠯᠮᠦᠷᠢ ᠶᠢᠨ ᠬᠦᠴᠦᠨ ᠢ 15000 ᠬᠥᠮᠦᠨ ᠤᠳᠠᠭ᠎ᠠ ᠰᠢᠯᠵᠢᠭᠦᠯᠦᠨ ᠠᠵᠢᠯ ᠣᠯᠭᠤᠪᠠ ︔ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠲᠤᠰᠬᠠᠶ ᠠᠵᠢᠯᠯᠠᠭ᠎ᠠ ᠶᠢ ᠬᠡᠷᠡᠭᠵᠢᠭᠦᠯᠵᠦ᠂ ᠬᠥᠯᠥᠰᠥᠨ ᠠᠵᠢᠯᠴᠢᠨ ᠤ ᠴᠠᠯᠢᠩ ᠢ ᠥᠷᠢᠲᠦᠵᠦ ᠤᠳᠠᠭᠠᠰᠢᠷᠠᠭᠤᠯᠬᠤ ᠠᠰᠠᠭᠤᠳᠠᠯ ᠢ ᠴᠠᠭ ᠲᠤᠬᠠᠶ ᠳᠤᠨᠢ  ᠰᠢᠢᠳᠪᠦᠷᠢᠯᠡᠨ᠎ᠡ᠃ ᠬᠤᠳᠠ ᠬᠥᠳᠡᠭᠡ ᠶᠢᠨ ᠠᠪᠤᠷᠠᠨ ᠲᠤᠰᠠᠯᠠᠬᠤ ᠰᠢᠰᠲ᠋ᠧᠮ ᠢ ᠰᠢᠯᠢᠳᠡᠭᠵᠢᠭᠦᠯᠵᠦ᠂ ᠨᠠᠰᠤᠵᠢᠯ ᠤᠨ ᠦᠨᠳᠦᠰᠦᠨ ᠠᠰᠠᠷᠠᠮᠵᠢ᠂ ᠡᠮ ᠡᠮᠨᠡᠯᠭᠡ ᠶᠢᠨ ᠦᠨᠳᠦᠰᠦᠨ ᠳᠠᠭᠠᠳᠬᠠᠯ ᠤᠨ ᠪᠠᠲᠤᠯᠠᠬᠤ ᠶᠣᠰᠣᠲᠠᠶ ᠶᠢ ᠨᠢ ᠴᠥᠮ ᠪᠠᠲᠤᠯᠠᠬᠤ ᠶᠢ ᠪᠡᠶᠡᠯᠡᠭᠦᠯᠵᠦ᠂ ᠪᠠᠭᠤᠷᠠᠶ ᠬᠠᠮᠲᠤᠯᠢᠭ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮ ᠪᠠ ᠲᠥᠬᠦᠭᠡᠷᠦᠮᠵᠢ ᠶᠢ ᠪᠦᠷᠢᠨᠰᠢᠬᠦᠯᠵᠤ᠂ ᠨᠠᠰᠤᠨ ᠳᠤ ᠦᠯᠤ ᠬᠥᠷᠦᠭᠰᠡᠳ ᠢ ᠬᠠᠮᠠᠭᠠᠯᠠᠬᠤ ᠲᠥᠪ ᠤᠨ ᠪᠦᠳᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠡᠮᠡᠭᠲᠡᠶᠢᠴᠦᠳ᠂ ᠬᠡᠦᠬᠡᠳ᠂ ᠵᠡᠮᠳᠡᠭᠴᠦᠳ ᠵᠡᠷᠭᠡ ᠬᠠᠮᠲᠤᠯᠢᠭ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠠ᠃ ᠵᠢᠭᠠᠨ ᠰᠤᠷᠭᠠᠯᠲᠠ ᠶᠢᠨ ᠨᠥᠬᠦᠴᠡᠯ ᠢ ᠲᠦᠷᠭᠡᠨ ᠰᠠᠶᠢᠵᠢᠷᠠᠭᠤᠯᠵᠤ᠂ ᠳ᠋ᠤᠤ ᠳ᠋ᠦᠩ ᠪᠠᠭ᠎ᠠ ᠰᠤᠷᠭᠠᠭᠤᠯᠢ ᠶᠢᠨ ᠬᠠᠷᠢᠶᠠᠲᠤ ᠬᠡᠤᠬᠡᠳ ᠤᠨ ᠴᠡᠴᠡᠷᠯᠢᠭ ᠵᠢᠴᠢ ᠵᠥᠩ ᠾᠧ ᠰᠤᠷᠭᠠᠭᠤᠯᠢ ᠶᠢᠨ ᠬᠠᠷᠢᠶᠠᠲᠤ ᠬᠡᠤᠬᠡᠳ ᠤᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠵᠦ᠂ ᠰᠢᠨ᠎ᠡ ᠲᠣᠭᠤᠷᠢᠭ ᠤᠨ ᠬᠡᠤᠬᠡᠳ ᠤᠨ ᠴᠡᠴᠡᠷᠯᠢᠭ᠂ ᠰᠢᠨ᠎ᠡ ᠲᠣᠭᠤᠷᠢᠭ ᠤᠨ ᠪᠠᠭ᠎ᠠ ᠰᠤᠷᠭᠠᠭᠤᠯᠢ᠂ ᠠᠵᠢᠯ ᠮᠡᠷᠭᠡᠵᠢᠯ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠲᠥᠷᠥᠯ  ᠵᠤᠶᠢᠯ ᠤᠨ ᠭᠤᠤᠯ ᠴᠣᠭᠴᠠ ᠶᠢᠨ ᠠᠵᠢᠯ ᠳᠠᠭᠤᠰᠬᠤ ᠶᠢ ᠪᠠᠭᠰᠢ ᠶᠢᠨ ᠬᠦᠴᠦᠨ ᠢ ᠴᠢᠩᠭᠠᠷᠠᠭᠤᠯᠵᠤ᠂ ᠢᠯᠡ ᠪᠠᠷ ᠤᠷᠢᠵᠤ ᠡᠯᠰᠡᠬᠦ ᠰᠢᠯᠭᠠᠯᠲᠠ ᠶᠢᠨ ᠬᠡᠯᠪᠡᠷᠢ ᠪᠠᠷ ᠪᠠᠭᠰᠢ ᠶᠢᠨ ᠳᠤᠲᠠᠭᠤᠳᠠᠯ ᠢ ᠨᠥᠬᠦᠪᠥᠷᠢᠯᠡᠵᠦ᠂ ᠰᠤᠷᠭᠠᠨ ᠬᠥᠮᠦᠵᠢᠯ ᠤᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠰᠢᠯᠢᠳᠡᠭᠵᠢᠭᠦᠯᠦᠨ ᠳᠡᠭᠡᠭᠰᠢᠯᠡᠭᠦᠯᠦᠨ᠎ᠡ᠃ ︽ᠡᠷᠡᠭᠦᠯ ᠮᠡᠨᠳᠦ ᠵᠠᠯᠠᠨ ᠠᠶᠢᠯ︾ ᠤᠨ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠬᠤᠲᠠ ᠶᠢᠨ ᠡᠮᠨᠡᠯᠭᠡ ᠶᠢᠨ ᠬᠤᠷᠢᠶ᠎ᠠ ᠶᠢᠨ ᠬᠠᠯᠳᠠᠪᠤᠷᠢᠲᠤ ᠡᠪᠡᠳᠴᠢᠨ ᠤ ᠥᠷᠥᠭᠡ᠂ ᠣᠷᠴᠣᠨ ᠤ ᠦᠨᠳᠦᠰᠦᠲᠡᠨ ᠤ ᠰᠢᠶᠠᠩ ᠤᠨ ᠭᠤᠤᠯ ᠡᠷᠡᠭᠦᠯ ᠬᠠᠮᠠᠭᠠᠯᠠᠯ ᠤᠨ ᠬᠤᠷᠢᠶ᠎ᠠ ᠶᠢ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠵᠤ᠂ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠲᠥᠷᠥᠯ ᠵᠤᠶᠢᠯ ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠬᠡᠨ ᠠᠬᠢᠭᠤᠯᠵᠤ᠂ ᠡᠮᠴᠢᠯᠡᠭᠡ ᠡᠷᠡᠭᠦᠯ ᠬᠠᠮᠠᠭᠠᠯᠠᠯ ᠤᠨ ᠤᠶᠢᠯᠡᠴᠢᠯᠡᠭᠡᠨ ᠤ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ ᠥᠷᠨᠢᠭᠦᠯᠵᠦ᠂ ᠤᠯᠤᠰ ᠤᠨ ᠡᠷᠡᠭᠦᠯ ᠬᠠᠮᠠᠭᠠᠯᠠᠯ ᠤᠨ ᠬᠤᠳᠠ ᠶᠢ ᠪᠠᠶᠢᠭᠤᠯᠬᠤ ᠪᠠᠷ ᠢᠳᠡᠪᠬᠢᠲᠡᠶ ᠴᠢᠷᠮᠠᠶᠢᠨ᠎ᠠ᠃ ᠰᠣᠶᠣᠯ ᠲᠠᠮᠢᠷ ᠤᠨ ᠦᠢᠯᠡᠰ ᠢ ᠢᠳᠡᠪᠬᠢᠲᠡᠶ ᠬᠥᠭᠵᠢᠭᠦᠯᠦᠨ᠎ᠡ᠃ ᠶᠢᠨ ᠯᠦᠩ ᠱᠠᠨ ᠤ ᠴᠠᠰᠤᠨ ᠳᠤ ᠭᠤᠯᠭᠤᠬᠤ ᠲᠠᠯᠠᠪᠠᠶ ᠶᠢ ᠲᠠᠰ ᠳᠡᠪᠰᠢᠭᠦᠯᠦᠨ ᠥᠭᠡᠷᠡᠴᠢᠯᠡᠬᠦ ᠢᠨᠵᠧᠨᠧᠷᠢᠩ ᠢ ᠪᠡᠶᠡᠯᠡᠭᠦᠯᠵᠦ᠂ ᠤᠯᠤᠰ ᠤᠨ ᠲᠠᠰ ᠤᠨ ᠮᠥᠰᠥ ᠴᠠᠰᠤᠨ ᠤ ᠤᠷᠤᠯᠳᠤᠭᠠᠨ ᠤ ᠶᠠᠪᠤᠳᠠᠯ ᠢ ᠢᠳᠡᠪᠬᠢᠲᠡᠶ ᠪᠠᠷ ᠳᠠᠭᠠᠭᠠᠨ ᠡᠷᠭᠢᠯᠡᠨ᠎ᠡ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠬᠡᠷᠡᠭᠵᠢᠭᠦᠯᠵᠦ᠂ ᠤᠯᠠᠭᠠᠨᠮᠥ᠋ᠴᠢᠷ ᠤᠨ ᠣᠷᠳᠣᠨ ᠢ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠵᠤ᠂ ︽ᠳᠤᠷᠠᠳᠬᠠᠯ ᠵᠠᠯᠠᠨ︾ ᠵᠡᠷᠭᠡ 2 — 3 ᠰᠣᠳᠣᠨ ᠵᠦᠴᠦᠭᠡ ᠶᠢᠨ ᠪᠦᠲᠦᠭᠡᠯ ᠢ ᠨᠠᠶᠢᠷᠠᠭᠤᠯᠤᠨ ᠵᠢᠭᠰᠠᠭᠠᠵᠤ᠂ ᠣᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠂ ᠮᠠᠨ ᠤ ᠬᠤᠲᠠ ᠶᠢᠨ ᠣᠷᠣᠨ ᠪᠦᠰᠡ ᠶᠢᠨ ᠣᠨᠴᠠᠯᠢᠭ ᠲᠠᠢ ᠰᠣᠶᠣᠯ ᠢ ᠳᠡᠯᠭᠡᠨ ᠦᠵᠡᠭᠦᠯᠦᠨ᠎ᠡ᠃   ︵ᠳᠣᠯᠤᠭ᠎ᠠ︶ ᠠᠮᠤᠷ ᠲᠦᠪᠰᠢᠨ ᠢ ᠠᠳᠬᠤᠨ᠂ ᠲᠣᠭᠲᠠᠭᠤᠨ ᠢ ᠪᠠᠲᠤᠯᠠᠵᠤ᠂ ᠨᠡᠶᠢᠭᠡᠮ ᠤᠨ ᠵᠠᠰᠠᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠲᠠᠯ᠎ᠠ ᠪᠠᠷ ᠰᠡᠳᠬᠢᠯ ᠲᠠᠯᠪᠢᠨ ᠬᠦᠴᠦᠯᠡᠬᠦ ᠬᠡᠷᠡᠭᠲᠡᠶ᠃ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠬᠢᠵᠠᠭᠠᠷᠯᠠᠬᠤ ᠶᠢ ᠪᠠᠷᠢᠮᠲᠠᠯᠠᠨ᠎ᠠ᠃ ︽ᠭᠠᠳᠠᠨ᠎ᠠ ᠠᠴᠠ ᠣᠷᠣᠭᠤᠯᠬᠤ ᠶᠢ ᠰᠡᠷᠭᠡᠶᠢᠯᠡᠬᠦ᠂ ᠳᠣᠲᠣᠭᠠᠳᠤ ᠳᠠᠭᠠᠨ ᠲᠠᠬᠢᠨ ᠰᠡᠷᠭᠦᠬᠦ ᠶᠢ ᠰᠡᠷᠭᠡᠶᠢᠯᠡᠬᠦ︾ ᠶᠡᠷᠦᠩᠬᠡᠢ ᠠᠷᠭ᠎ᠠ ᠪᠤᠳᠤᠯᠭ᠎ᠠ ᠶᠢ ᠪᠠᠷᠢᠮᠲᠠᠯᠠᠵᠤ᠂ ᠨᠠᠷᠢᠨ ᠨᠢᠮᠪᠠᠢ ᠬᠥᠮᠦᠨ᠂ ᠪᠣᠳᠠᠰ᠂ ᠣᠷᠴᠢᠨ ᠲᠣᠭᠤᠷᠢᠨ ᠢ ᠵᠡᠷᠭᠡᠪᠡᠷ ᠰᠡᠷᠭᠡᠶᠢᠯᠡᠬᠦ ᠶᠢ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠪᠥᠭᠡᠮ ᠬᠦᠴᠢᠯ ᠢ ᠪᠠᠶᠢᠴᠠᠭᠠᠨ ᠬᠡᠮᠵᠢᠬᠦ ᠴᠢᠳᠠᠪᠤᠷᠢ᠂ ᠡᠮᠨᠡᠨ ᠠᠪᠤᠷᠠᠬᠤ ᠴᠢᠳᠠᠪᠤᠷᠢ᠂ ᠡᠳ᠋ ᠪᠣᠳᠠᠰ ᠤᠨ ᠪᠠᠲᠤᠯᠠᠪᠤᠷᠢ ᠶᠢᠨ ᠴᠢᠳᠠᠪᠤᠷᠢ᠂ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ᠂ ᠮᠡᠳᠡᠭᠡ ᠵᠠᠩᠭᠢᠵᠢᠯᠲᠠ ᠶᠢᠨ ᠮᠡᠷᠭᠡᠵᠢᠯ ᠤᠨ ᠠᠷᠭ᠎ᠠ ᠪᠠᠷᠢᠯ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠪᠠᠷ ᠬᠦᠴᠦ ᠣᠷᠣᠭᠤᠯᠵᠤ᠂ ᠡᠷᠡᠰ ᠰᠢᠭᠤᠷᠬᠠᠢ ᠣᠪᠣᠷ᠂ ᠴᠥᠬᠦᠷᠡᠰᠢ ᠦᠭᠡᠢ ᠬᠠᠳᠠᠨ ᠵᠣᠷᠢᠭ᠂ ᠨᠠᠷᠢᠯᠢᠭ ᠣᠨᠣᠴᠠᠲᠠᠢ ᠠᠷᠭ᠎ᠠ ᠬᠡᠮᠵᠢᠶ᠎ᠡ ᠪᠠᠷ ᠬᠢᠯᠪᠠᠷ ᠪᠤᠰᠤ ᠪᠠᠷ ᠣᠯᠤᠭᠰᠠᠨ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ᠎ᠡ᠃ ᠣᠯᠠᠨ ᠨᠡᠶᠢᠲᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠬᠠᠮᠠᠭᠠᠯᠠᠨ᠎ᠠ᠃ ᠣᠷᠣᠨ ᠪᠦᠰᠡ ᠶᠢᠨ ᠴᠢᠨᠠᠷᠲᠠᠶ ᠰᠢᠰᠲ᠋ᠧᠮ ᠤᠨ ᠴᠢᠨᠠᠷᠲᠠᠶ ᠠᠶᠤᠯ ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ ᠢ ᠡᠷᠡᠰ ᠰᠠᠬᠢᠵᠤ᠂ ᠠᠶᠤᠯᠭᠦᠶ ᠦᠢᠯᠡᠳᠪᠦᠷᠢᠯᠡᠯ ᠤᠨ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠠᠶᠤᠯᠭᠦᠶ ᠦᠢᠯᠡᠳᠪᠦᠷᠢᠯᠡᠯ ᠤᠨ ᠬᠦᠨᠳᠦ ᠶᠡᠭᠡ ᠣᠨᠴᠠ ᠶᠡᠭᠡ ᠡ᠊ᠨᠳᠡᠯ ᠪᠠ ᠢᠳᠡᠭᠡᠨ ᠤ ᠵᠦᠢᠯ ᠡᠮ ᠤᠨ ᠵᠦᠢᠯ ᠤᠨ ᠠᠶᠤᠯᠭᠦᠶ ᠶᠢᠨ ᠠᠰᠠᠭᠤᠳᠠᠯ ᠦᠯᠦ ᠭᠠᠷᠬᠤ ᠶᠢ ᠦᠨᠡᠨ ᠬᠦ ᠪᠠᠲᠤᠯᠠᠨ᠎ᠠ᠃ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠰᠢᠰᠲ᠋ᠧᠮ ᠪᠠ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ᠂ ᠤᠢ ᠰᠢᠭᠤᠶ ᠨᠤᠲᠤᠭ ᠪᠡᠯᠴᠢᠭᠡᠷ ᠤᠨ ᠰᠡᠷᠭᠡᠶᠢᠯᠡᠨ ᠭᠠᠯ ᠤᠨᠲᠠᠷᠠᠭᠠᠬᠤ ᠪᠠ ᠲᠦᠢᠯ ᠤᠨ ᠶᠡᠭᠡ ᠭᠠᠮᠰᠢᠭ ᠲᠠᠢ ᠴᠠᠭ ᠠᠭᠤᠷ ᠢ ᠠᠷᠭᠠᠴᠠᠬᠤ ᠵᠡᠷᠭᠡ ᠠᠵᠢᠯ ᠢ ᠪᠦᠬᠦ ᠲᠠᠯ᠎ᠠ ᠪᠠᠷ ᠰᠠᠶᠢᠲᠤᠷ ᠠᠳᠬᠤᠨ᠎ᠠ᠃ ᠨᠡᠶᠢᠭᠡᠮ ᠤᠨ ᠵᠠᠰᠠᠯᠲᠠ ᠶᠢ ᠬᠠᠤᠯᠢ ᠶᠣᠰᠣᠭᠠᠷ ᠴᠢᠩᠭᠠᠳᠬᠠᠪᠠ᠃ ᠰᠢᠨ᠎ᠡ ᠮᠠᠶ᠋ᠢᠭ ᠤᠨ ᠰᠦᠯᠵᠢᠶᠡᠨ ᠤ ᠶᠠᠯᠠᠲᠤ ᠠᠵᠢᠯᠯᠠᠭ᠎ᠠ ᠵᠡᠷᠭᠡ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠡᠷᠡᠰ ᠰᠡᠷᠭᠡᠶᠢᠯᠡᠬᠦ ᠪᠠ ᠲᠡᠭᠦᠨ ᠳᠤ ᠴᠣᠬᠢᠯᠲᠠ ᠥᠭᠴᠦ᠂ ᠨᠠᠩ ᠥᠨᠳᠥᠷ ᠬᠢᠷᠢ ᠲᠦᠪᠰᠢᠨ ᠪᠥᠬᠦᠶ ︽ᠠᠮᠤᠷ ᠠᠮᠤᠭᠤᠯᠠᠩ ᠵᠠᠯᠠᠨ︾ ᠢ ᠪᠥᠲᠥᠭᠡᠨ ᠪᠠᠶᠢᠭᠤᠯᠤᠨ᠎ᠠ᠃ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠪᠠᠳᠠᠷᠠᠭᠤᠯᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠪᠠᠨ ᠢᠯᠡᠳᠬᠡᠬᠦ᠂ ᠵᠥᠪᠳᠡᠯᠴᠡᠨ ᠨᠡᠪᠲᠡᠷᠡᠯᠴᠡᠬᠦ᠂ ᠡᠷᠬᠡ ᠠᠰᠢᠭ ᠢ ᠪᠠᠲᠤᠯᠠᠬᠤ ᠵᠠᠮ ᠢ ᠰᠠᠭᠠᠳ ᠦᠭᠡᠢ ᠨᠡᠪᠲᠡᠷᠡᠭᠦᠯᠵᠦ᠂ ︽ᠰᠦᠯᠵᠢᠶᠡᠨ ᠳᠡᠭᠡᠷᠡᠬᠢ︾ ᠤᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠵᠤ᠂ ᠤᠯᠠᠨ ᠲᠦᠮᠡᠨ ᠤ ︽ᠪᠠᠴᠢᠮ᠂ ᠬᠦᠴᠢᠷ᠂ ᠵᠣᠪᠠᠨᠢᠯ︾ ᠤᠨ ᠠᠰᠠᠭᠤᠳᠠᠯ ᠢ ᠤᠯᠠᠨ ᠠᠷᠭ᠎ᠠ ᠵᠠᠮ ᠢᠶᠠᠷ ᠰᠢᠢᠳᠪᠦᠷᠢᠯᠡᠵᠦ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠪᠠᠲᠤᠯᠠᠨ᠎ᠠ᠃
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ