ᠮᠠᠨ ᠤ ᠬᠤᠲᠠ ᠶᠢᠨ ᠢᠳᠡᠭᠡᠨ ᠤ ᠠᠮᠤᠷ ᠲᠦᠪᠰᠢᠨ ᠤ ᠪᠠᠶᠢᠳᠠᠯ ᠢ ᠪᠥᠬᠦ ᠲᠠᠯ᠎ᠠ ᠪᠠᠷ ᠡᠵᠡᠮᠰᠢᠵᠦ᠂ ᠢᠳᠡᠭᠡᠨ ᠤ | ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠵᠦ᠂ ᠰᠠᠯᠠᠭ᠎ᠠ ᠮᠥᠴᠢᠷ ᠤᠨ ᠬᠤᠭᠤᠷᠣᠨᠳᠣᠬᠢ ᠢᠳᠡᠭᠡᠨ ᠤ | ᠠᠮᠤᠷ ᠲᠦᠪᠰᠢᠨ ᠤ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠵᠦ ᠰᠣᠯᠢᠯᠴᠠᠬᠤ ᠶᠢ ᠴᠢᠩᠭᠠᠳᠬᠠᠬᠤ ᠶᠢᠨ | ᠲᠥᠯᠥᠭᠡ᠂ 9 ᠰᠠᠷ᠎ᠠ ᠶᠢᠨ 20 ᠤ ᠡᠳᠦᠷ᠂ ᠵᠠᠯᠠᠨ ᠠᠶᠢᠯ ᠬᠤᠲᠠ ᠶᠢᠨ ᠢᠳᠡᠭᠡᠨ ᠪᠠ ᠡᠮ ᠤᠨ ᠵᠤᠶᠢᠯ ᠤᠨ | ᠠᠮᠤᠷ ᠲᠦᠪᠰᠢᠨ ᠤ ᠵᠥᠪᠯᠡᠯ ᠤᠨ ᠠᠯᠪᠠᠨ ᠬᠡᠷ ᠠᠴᠠ 2022 ᠣᠨ ᠤ ᠢᠳᠡᠭᠡᠨ ᠤ ᠠᠮᠤᠷ ᠲᠦᠪᠰᠢᠨ ᠤ | ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠵᠦ ᠰᠣᠯᠢᠯᠴᠠᠬᠤ ᠬᠤᠷᠠᠯ ᠢ ᠵᠣᠬᠢᠶᠠᠨ ᠪᠠᠶᠢᠭᠤᠯᠵᠤ ᠵᠠᠯᠠᠨ ᠠᠶᠢᠯ | ᠬᠤᠲᠠ ᠶᠢᠨ ᠢᠳᠡᠭᠡᠨ ᠤ ᠵᠤᠶᠢᠯ ᠡᠮ ᠤᠨ ᠵᠤᠶᠢᠯ ᠤᠨ ᠠᠮᠤᠷ ᠲᠦᠪᠰᠢᠨ ᠤ ᠵᠥᠪᠯᠡᠯ ᠤᠨ ᠠᠯᠪᠠᠨ ᠬᠡᠷ ᠤᠨ ᠳᠡᠳ᠋ | ᠡᠷᠬᠢᠯᠡᠭᠴᠢ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠽᠦᠸᠧ ᠯᠢ | ᠶᠢᠤ ᠨᠥᠬᠦᠷ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠬᠤᠲᠠ ᠶᠢᠨ ᠢᠳᠡᠭᠡᠨ ᠤ ᠵᠤᠶᠢᠯ ᠡᠮ ᠤᠨ | ᠵᠤᠶᠢᠯ ᠤᠨ ᠠᠮᠤᠷ ᠲᠦᠪᠰᠢᠨ ᠤ ᠵᠥᠪᠯᠡᠯ ᠤᠨ ᠪᠦᠷᠢᠯᠳᠦᠬᠦᠨ ᠨᠢᠭᠡᠴᠡ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ | ᠬᠤᠷᠠᠯ ᠳᠤ ᠣᠷᠣᠯᠴᠠᠵᠠᠶ᠃ | | ᠰᠣᠯᠢᠯᠴᠠᠭᠠᠨ ᠤ ᠬᠤᠷᠠᠯ ᠳᠡᠭᠡᠷ᠎ᠡ᠂ ᠵᠠᠯᠠᠨ ᠠᠶᠢᠯ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠰᠤᠷᠭᠠᠨ | ᠬᠥᠮᠦᠵᠢᠯ ᠤᠨ ᠲᠣᠪᠴᠢᠶ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠣᠰ ᠲᠣᠰ 2022 ᠣᠨ ᠤ | ᠢᠳᠡᠭᠡᠨ ᠤ ᠵᠤᠶᠢᠯ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠭᠰᠠᠨ᠂ ᠠᠶᠤᠯ ᠲᠦᠭᠰᠢᠭᠦᠷᠢ ᠶᠢ ᠬᠢᠨᠠᠨ | ᠬᠡᠮᠵᠢᠭᠰᠡᠨ᠂ ᠬᠠᠤᠯᠢ ᠶᠢ ᠵᠥᠷᠢᠴᠡᠭᠰᠡᠨ ᠶᠠᠯᠠᠲᠤ ᠬᠡᠷᠡᠭ ᠢ ᠪᠠᠶᠢᠴᠠᠭᠠᠨ ᠰᠢᠢᠳᠪᠦᠷᠢᠯᠡᠭᠰᠡᠨ ᠪᠠᠶᠢᠳᠠᠯ ᠢ ᠵᠠᠷᠯᠠᠨ | ᠮᠡᠳᠡᠭᠳᠡᠪᠡ᠂ ᠣᠳᠣᠬᠠᠨ ᠤ ᠢᠳᠡᠭᠡᠨ ᠤ ᠠᠮᠤᠷ ᠲᠦᠪᠰᠢᠨ ᠤ ᠪᠠᠶᠢᠳᠠᠯ ᠪᠣᠯᠤᠨ ᠬᠠᠤᠯᠢ ᠠᠴᠠ ᠵᠥᠷᠢᠴᠡᠭᠰᠡᠨ ᠶᠠᠯᠠᠲᠤ | ᠠᠵᠢᠯᠯᠠᠭ᠎ᠠ ᠶᠢᠨ ᠬᠠᠨᠳᠤᠰᠢ ᠳᠤ ᠵᠠᠳᠠᠯᠤᠯᠲᠠ ᠬᠢᠵᠦ᠂ ᠬᠤᠷᠠᠯ ᠳᠤ ᠣᠷᠣᠯᠴᠠᠭᠰᠠᠨ ᠪᠤᠰᠤᠳ ᠪᠦᠷᠢᠯᠳᠦᠬᠦᠨ ᠨᠢᠭᠡᠴᠡ | ᠢᠳᠡᠭᠡᠨ ᠤ ᠠᠮᠤᠷ ᠲᠦᠪᠰᠢᠨ ᠤ ᠠᠵᠢᠯ ᠤᠨ ᠳᠤᠮᠳᠠ ᠢᠯᠡᠷᠡᠭᠦᠯᠦᠭᠰᠡᠨ ᠠᠶᠤᠯ ᠲᠦᠭᠰᠢᠭᠦᠷᠢ ᠶᠢᠨ ᠬᠡᠮ ᠰᠣᠭᠤᠭ ᠤᠨ | ᠠᠰᠠᠭᠤᠳᠠᠯ ᠳᠤ ᠵᠠᠳᠠᠯᠤᠯᠲᠠ ᠪᠠ ᠲᠠᠶᠢᠯᠤᠮᠵᠢ ᠬᠢᠵᠦ᠂ ᠢᠳᠡᠭᠡᠨ ᠤ ᠠᠮᠤᠷ ᠲᠦᠪᠰᠢᠨ ᠤ ᠰᠤᠭᠤᠴᠢᠨ ᠪᠠᠶᠢᠴᠠᠭᠠᠯᠲᠠ᠂ | ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠵᠦ ᠰᠡᠷᠭᠡᠶᠢᠯᠡᠨ ᠡᠵᠡᠮᠳᠡᠬᠦ ᠵᠡᠷᠭᠡ ᠲᠠᠯ᠎ᠠ ᠶᠢᠨ ᠠᠵᠢᠯ ᠤᠨ | ᠠᠷᠭ᠎ᠠ ᠬᠢᠳᠡᠯ ᠪᠣᠯᠤᠨ ᠣᠶᠢᠯᠠᠭᠠᠯᠲᠠ ᠵᠢᠴᠢ ᠲᠠᠷᠠᠭᠠᠴᠢ ᠶᠢᠨ ᠠᠯᠬᠤᠮ ᠤᠨ ᠠᠵᠢᠯ ᠤᠨ ᠠᠷᠭ᠎ᠠ ᠬᠡᠮᠵᠢᠶ᠎ᠡ ᠪᠠᠨ | ᠰᠣᠯᠢᠯᠴᠠᠪᠠ᠃ | | ᠬᠤᠷᠠᠯ ᠠᠴᠠ᠂ ᠡᠯ᠎ᠡ ᠪᠦᠷᠢᠯᠳᠦᠬᠦᠨ ᠨᠢᠭᠡᠴᠡ ᠡᠭᠦᠷᠭᠡ ᠴᠢᠳᠠᠪᠬᠢ ᠶᠢᠨ ᠳᠠᠪᠠᠭᠤᠯᠢᠭ ᠢᠶᠠᠨ ᠭᠦᠢᠴᠡᠳ | ᠪᠠᠳᠠᠷᠠᠭᠤᠯᠵᠤ᠂ ᠢᠳᠡᠭᠡᠨ ᠤ ᠠᠮᠤᠷ ᠲᠦᠪᠰᠢᠨ ᠤ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ᠂ | ᠢᠳᠡᠭᠡᠨ ᠤ ᠠᠮᠤᠷ ᠲᠦᠪᠰᠢᠨ ᠢ ᠬᠠᠮᠲᠤᠪᠠᠷ ᠵᠠᠰᠠᠬᠤ ᠤᠢᠢᠯᠠᠭᠠᠭᠳᠠᠬᠤᠨ ᠢ ᠴᠢᠨᠠᠭᠰᠢᠳᠠ ᠪᠤᠢ ᠪᠣᠯᠭᠠᠵᠤ᠂ ᠰᠠᠯᠠᠭ᠎ᠠ | ᠮᠥᠴᠢᠷ ᠤᠨ ᠬᠤᠭᠤᠷᠣᠨᠳᠣᠬᠢ ᠬᠠᠮᠵᠢᠯᠴᠠᠭ᠎ᠠ ᠪᠠ ᠰᠣᠯᠢᠯᠴᠠᠭ᠎ᠠ ᠶᠢ ᠴᠢᠩᠭᠠᠳᠬᠠᠵᠤ᠂ ᠢᠳᠡᠭᠡᠨ ᠤ ᠠᠮᠤᠷ | ᠲᠦᠪᠰᠢᠨ ᠤ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠵᠦ ᠰᠣᠯᠢᠯᠴᠠᠬᠤ ᠠᠵᠢᠯ ᠤᠨ ᠰᠢᠨ᠎ᠡ ᠵᠠᠭᠪᠤᠷ ᠢ | ᠠᠯᠬᠤᠮ ᠠᠯᠬᠤᠮ ᠢᠶᠠᠷ ᠰᠦᠪᠡᠭᠴᠢᠯᠡᠵᠦ᠂ ᠵᠠᠯᠠᠨ ᠠᠶᠢᠯ ᠬᠤᠳᠠ ᠶᠢᠨ ᠢᠳᠡᠭᠡᠨ ᠤ ᠠᠮᠤᠷ ᠲᠦᠪᠰᠢᠨ ᠤ ᠠᠵᠢᠯ ᠤᠨ | ᠰᠢᠢᠳᠪᠦᠷᠢᠲᠦ ᠪᠤᠳᠤᠯᠭ᠎ᠠ ᠲᠣᠭᠲᠠᠭᠠᠬᠤ ᠪᠠ ᠵᠠᠰᠠᠬᠤ ᠲᠦᠪᠰᠢᠨ ᠢ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ᠃ |