︽ᠠᠷᠠᠳ ᠤᠨ ᠰᠠᠨᠠᠯ ᠢ ᠰᠣᠨᠣᠰᠴᠤ᠂ ᠠᠷᠠᠳ ᠤᠨ ᠵᠣᠪᠠᠨᠢᠯ ᠢ ᠠᠷᠢᠯᠭᠠᠵᠤ᠂ ᠠᠷᠠᠳ ᠤᠨ ᠶᠠᠪᠤᠳᠠᠯ ᠢ | ᠰᠢᠢᠳᠪᠦᠷᠢᠯᠡᠨ᠎ᠡ᠃︾ ᠲᠣᠰᠬᠤᠨ ᠤ ᠠᠷᠠᠳ ᠤᠨ ᠶᠠᠪᠤᠵᠤ ᠰᠠᠭᠤᠬᠤ ᠨᠥᠬᠦᠴᠡᠯ ᠢ ᠰᠠᠶᠢᠵᠢᠷᠠᠭᠤᠯᠵᠤ᠂ | ᠲᠠᠷᠢᠶᠠᠴᠢᠳ ᠤᠨ ᠨᠠᠮᠤᠷ ᠤᠨ ᠬᠤᠷᠢᠶᠠᠯᠲᠠ ᠳᠤ ᠬᠦᠴᠢᠷᠲᠡᠢ᠂ ᠠᠮᠤ ᠪᠤᠳᠠᠭ᠎ᠠ ᠵᠥᠭᠡᠭᠡᠪᠦᠷᠢᠯᠡᠬᠦ ᠳᠤ ᠬᠦᠴᠢᠷᠲᠡᠢ | ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠳ᠋ᠠ ᠾᠧ ᠸᠠᠨ ᠪᠠᠯᠭᠠᠰᠤ ᠶᠢᠨ ᠡᠯ᠎ᠡ ᠲᠣᠰᠬᠤᠨ ᠤ ᠬᠢᠨ | ᠲᠣᠰᠬᠤᠨ ᠤ ᠳᠣᠲᠣᠷᠠᠬᠢ ᠡᠪᠳᠡᠭᠳᠡᠭᠰᠡᠨ ᠵᠠᠮ ᠢ ᠰᠡᠯᠪᠢᠨ ᠵᠠᠰᠠᠬᠤ᠂ ᠵᠠᠮ ᠢ ᠲᠡᠭᠰᠢᠯᠡᠬᠦ᠂ ᠬᠥᠭᠦᠷᠭᠡ ᠶᠢᠨ | ᠭᠤᠯᠳᠤᠩ ᠢ ᠰᠡᠯᠪᠢᠨ ᠵᠠᠰᠠᠬᠤ᠂ ᠵᠠᠮ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠨᠠᠮᠤᠷ ᠤᠨ ᠬᠤᠷᠢᠶᠠᠯᠲᠠ | ᠨᠠᠮᠤᠷ ᠤᠨ ᠶᠠᠭᠠᠷᠠᠤ ᠦᠶ᠎ᠡ ᠳᠤ ᠠᠮᠤᠷ ᠲᠦᠪᠰᠢᠨ ᠤ ᠪᠠᠲᠤᠯᠠᠭ᠎ᠠ ᠶᠢ ᠬᠠᠩᠭᠠᠪᠠ᠃ | | ᠵᠤᠨ ᠤ ᠤᠯᠠᠷᠢᠯ ᠤᠨ ᠪᠣᠷᠣᠭᠠᠨ ᠤ ᠤᠰᠤᠨ ᠤ ᠤᠷᠤᠰᠬᠠᠭᠳᠠᠯ ᠵᠡᠷᠭᠡ ᠰᠢᠯᠲᠠᠭᠠᠨ ᠤ ᠨᠥᠯᠥᠭᠡ ᠠᠴᠠ ᠪᠤᠯᠵᠤ᠂ | ᠪᠠᠯᠭᠠᠰᠤᠨ ᠤ ᠬᠠᠷᠢᠶ᠎ᠠ ᠲᠣᠭᠤᠷᠢᠭ ᠤᠨ ᠤᠯᠠᠨ ᠲᠣᠰᠬᠤᠨ ᠤ ᠲᠠᠷᠢᠶᠠᠨ ᠵᠠᠮ ᠤᠨ ᠤᠯᠠᠨ ᠭᠠᠵᠠᠷ ᠡᠪᠳᠡᠭᠳᠡᠵᠦ᠂ | ᠨᠠᠮᠤᠷ ᠤᠨ ᠬᠤᠷᠢᠶᠠᠯᠲᠠ ᠶᠢᠨ ᠠᠵᠢᠯ ᠳᠤ ᠠᠮᠤᠷ ᠲᠦᠪᠰᠢᠨ ᠤ ᠭᠡᠮ ᠰᠣᠭᠤᠭ ᠦᠯᠡᠳᠡᠭᠡᠪᠡ᠃ ᠶᠡᠷᠦ ᠠᠴᠠ ᠪᠠᠯᠭᠠᠰᠤ | ᠂ ᠲᠣᠰᠬᠤᠨ ᠬᠤᠶᠠᠷ ᠱᠠᠲᠤᠨ ᠤ ᠬᠠᠮᠲᠤᠷᠠᠯᠴᠠᠭ᠎ᠠ ᠶᠢ ᠪᠦᠬᠦ ᠲᠠᠯ᠎ᠠ ᠪᠠᠷ ᠠᠬᠢᠭᠤᠯᠵᠤ᠂ ᠵᠠᠰᠠᠭ ᠤᠨ ᠣᠷᠳᠣᠨ ᠠᠴᠠ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠲᠣᠰᠬᠤᠨ ᠤ ᠬᠤᠶᠠᠷ ᠵᠥᠪᠯᠡᠯ᠂ ᠨᠠᠮ ᠤᠨ ᠭᠡᠰᠢᠭᠦᠨ ᠪᠣᠯᠤᠨ | ᠲᠣᠰᠬᠤᠨ ᠤ ᠠᠷᠠᠳ ᠢ ᠵᠣᠬᠢᠶᠠᠨ ᠪᠠᠶᠢᠭᠤᠯᠤᠨ ᠰᠠᠨᠠᠭᠠᠴᠢᠯᠠᠭ᠎ᠠ ᠠᠴᠠ ᠪᠠᠨ ᠲᠤᠬᠠᠢ ᠶᠢᠨ ᠲᠠᠯᠠᠪᠠᠢ ᠳᠤ | ᠭᠦᠨᠵᠡᠭᠡᠶᠢᠷᠡᠭᠦᠯᠵᠦ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠳᠠᠭᠠᠭᠤᠯᠬᠤ ᠦᠢᠯᠡᠳᠦᠯ ᠢ ᠭᠦᠢᠴᠡᠳ | ᠪᠠᠳᠠᠷᠠᠭᠤᠯᠵᠤ᠂ ᠮᠠᠯᠲᠠᠭᠤᠷ ᠮᠠᠰᠢᠨ᠂ ᠲᠠᠷᠢᠶᠠᠯᠠᠩ ᠳᠤ ᠬᠡᠷᠡᠭᠯᠡᠬᠦ ᠲᠡᠷᠭᠡ ᠶᠢ ᠢᠳᠡᠪᠬᠢᠲᠡᠢ ᠲᠤᠬᠢᠷᠠᠭᠤᠯᠤᠨ ᠰᠡᠯᠪᠢᠨ | ᠵᠠᠰᠠᠬᠤ ᠠᠵᠢᠯ ᠢ ᠥᠷᠨᠢᠭᠦᠯᠵᠡᠢ᠃ ᠡᠪᠳᠡᠷᠡᠵᠦ ᠰᠦᠢᠳᠦᠭᠰᠡᠨ ᠲᠠᠷᠢᠶᠠᠨ ᠵᠠᠮ ᠪᠠ ᠬᠥᠭᠦᠷᠭᠡ ᠶᠢᠨ ᠭᠤᠯᠳᠤᠩ ᠢ | ᠬᠠᠮᠤᠭ ᠤᠨ ᠣᠬᠤᠷ ᠬᠤᠭᠤᠴᠠᠭᠠᠨ ᠳᠤ ᠰᠡᠯᠪᠢᠨ ᠵᠠᠰᠠᠬᠤ ᠪᠠᠷ ᠴᠢᠷᠮᠠᠶᠢᠵᠤ᠂ ᠵᠠᠮ ᠨᠡᠪᠲᠡᠷᠡᠯᠭᠡ ᠶᠢᠨ ᠰᠠᠭᠠᠳ ᠥᠬᠡᠶ | ᠨᠡᠪᠲᠡᠷᠡᠬᠦ ᠶᠢ ᠪᠠᠲᠤᠯᠠᠬᠤ ᠬᠡᠷᠡᠭᠲᠡᠶ᠃ | | ᠵᠠᠮ ᠢ ᠵᠠᠰᠠᠵᠤ ᠬᠠᠮᠠᠭᠠᠯᠠᠬᠤ ᠰᠠᠭᠠᠳ ᠦᠭᠡᠢ ᠨᠡᠪᠲᠡᠷᠡᠬᠦ ᠨᠢ ᠨᠠᠮᠤᠷ ᠤᠨ ᠬᠤᠷᠢᠶᠠᠯᠲᠠ ᠶᠢᠨ ︽ᠵᠠᠮ ᠶᠠᠪᠤᠬᠤ ᠳᠤ | ᠬᠦᠴᠢᠷᠲᠡᠢ︾ ᠪᠠᠶᠢᠬᠤ ᠠᠰᠠᠭᠤᠳᠠᠯ ᠢ ᠰᠢᠢᠳᠪᠦᠷᠢᠯᠡᠵᠦ᠂ ᠤᠯᠠᠨ ᠲᠦᠮᠡᠨ ᠤ ᠡᠳᠦᠷ ᠲᠤᠳᠤᠮ ᠤᠨ ᠠᠮᠢᠳᠤᠷᠠᠯ | ᠦᠢᠯᠡᠳᠪᠦᠷᠢᠯᠡᠯ ᠳᠤ ᠪᠠᠲᠤ ᠪᠠᠬᠢ ᠰᠠᠭᠤᠷᠢ ᠪᠠᠲᠤᠯᠠᠭ᠎ᠠ ᠬᠠᠩᠭᠠᠵᠤ᠂ ᠠᠷᠠᠳ ᠤᠯᠠᠨ ᠤ ᠵᠣᠯ ᠵᠢᠷᠭᠠᠯᠲᠤ ᠲᠦᠷᠦᠭᠳᠡᠯ | ᠪᠣᠯᠤᠨ ᠬᠦᠷᠲᠡᠮᠵᠢ ᠶᠢᠨ ᠲᠦᠷᠦᠭᠳᠡᠯ ᠢ ᠤᠯᠠᠮ ᠴᠢᠨᠠᠭᠰᠢᠳᠠ ᠳᠡᠭᠡᠭᠰᠢᠯᠡᠭᠦᠯᠦᠭᠰᠡᠨ ᠢᠶᠠᠷ ᠦᠯᠦ ᠪᠠᠷᠠᠮ ᠠᠷᠠᠳ | ᠤᠯᠠᠨ ᠤ ᠵᠣᠯ ᠵᠢᠷᠭᠠᠯᠲᠤ ᠲᠦᠷᠦᠭᠳᠡᠯ ᠪᠣᠯᠤᠨ ᠬᠦᠷᠲᠡᠮᠵᠢ ᠶᠢᠨ ᠲᠦᠷᠦᠭᠳᠡᠯ ᠢ ᠤᠯᠠᠮ ᠴᠢᠨᠠᠭᠰᠢᠳᠠ | ᠳᠡᠭᠡᠭᠰᠢᠯᠡᠭᠦᠯᠦᠭᠰᠡᠨ ᠪᠠᠶᠢᠨ᠎ᠠ᠃ |