ᠵᠠᠯᠠᠨ ᠠᠶᠢᠯ ᠬᠤᠲᠠ ︽ᠥᠨᠢ ᠡᠭᠦᠷᠢᠳᠡ ᠨᠠᠮ ᠢᠶᠠᠨ ᠳᠠᠭᠠᠵᠤ ᠡᠷᠡᠯᠬᠡᠭᠯᠡᠨ ᠤᠷᠤᠭᠰᠢᠯᠠᠬᠤ ᠰᠢᠨ᠎ᠡ ᠠᠶᠠᠨ︾ 2022 ᠣᠨ ᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠠᠵᠢᠯᠲᠠᠨ ᠠᠵᠢᠯᠴᠢᠨ ᠤ ᠥᠲᠥᠨ ᠪᠥᠮᠪᠦᠭᠡ ᠶᠢᠨ ᠤᠷᠤᠯᠳᠤᠭᠠᠨ ᠶᠠᠪᠤᠭᠤᠯᠪᠠ
ᠨᠡᠶᠢᠲᠡᠯᠡᠭᠰᠡᠨ ᠴᠠᠭ᠄
2022/9/7
   9 ᠰᠠᠷ᠎ᠠ ᠶᠢᠨ 2      ᠤᠨ ᠡᠳᠦᠷ᠂ ᠵᠠᠯᠠᠨ ᠠᠶᠢᠯ ᠬᠤᠲᠠ ︽ᠥᠨᠢ ᠡᠭᠦᠷᠢᠳᠡ ᠨᠠᠮ ᠢᠶᠠᠨ ᠳᠠᠭᠠᠵᠤ ᠡᠷᠡᠯᠬᠡᠭᠯᠡᠨ ᠤᠷᠤᠭᠰᠢᠯᠠᠬᠤ ᠰᠢᠨ᠎ᠡ ᠠᠶᠠᠨ︾ 2022 ᠣᠨ ᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠠᠵᠢᠯᠲᠠᠨ ᠠᠵᠢᠯᠴᠢᠨ ᠤ ᠥᠲᠥᠨ ᠪᠥᠮᠪᠦᠭᠡ ᠶᠢᠨ ᠤᠷᠤᠯᠳᠤᠭᠠᠨ ᠶᠠᠪᠤᠭᠤᠯᠵᠤ᠂ ᠵᠠᠯᠠᠨ ᠠᠶᠢᠯ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠬᠤᠲᠠ ᠶᠢᠨ ᠤᠶᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ ᠴᠧᠨ ᠬᠤᠶ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃    ᠤᠷᠤᠯᠳᠤᠭᠠᠨ ᠤ ᠳᠤᠮᠳᠠ ᠲᠠᠮᠢᠷᠴᠢᠳ ︽ᠨᠥᠬᠦᠷᠯᠡᠯ ᠨᠢᠭᠡᠳᠦᠭᠡᠷ ᠤᠷᠤᠯᠳᠤᠭᠠᠨ ᠬᠤᠶᠠᠳᠤᠭᠠᠷ︾ ᠤᠨ ᠵᠣᠷᠢᠭ ᠰᠠᠨᠠᠭ᠎ᠠ ᠶᠢ ᠪᠠᠷᠢᠮᠲᠠᠯᠠᠨ᠂ ᠣᠷᠭᠢᠯᠤᠮ᠎ᠠ ᠬᠠᠯᠠᠭᠤᠨ ᠰᠡᠳᠬᠢᠯᠭᠡ᠂ ᠣᠷᠭᠢᠯᠤᠮ᠎ᠠ ᠪᠠᠳᠠᠷᠠᠩᠭᠤᠶ ᠲᠡᠮᠡᠴᠡᠯ ᠤᠨ ᠵᠣᠷᠢᠭ ᠢᠶᠠᠷ ᠬᠠᠷᠢᠯᠴᠠᠨ ᠲᠡᠮᠡᠴᠡᠯᠳᠦᠬᠦ ᠳᠤᠮᠳᠠ ᠤᠷ᠎ᠠ ᠴᠢᠳᠠᠪᠤᠷᠢ ᠪᠠ ᠬᠢᠷᠢ ᠲᠦᠪᠰᠢᠨ ᠢᠶᠠᠨ ᠤᠷᠤᠯᠳᠤᠨ᠂ ᠪᠦᠯᠬᠦᠮᠳᠡᠨ ᠬᠠᠮᠵᠢᠯᠴᠠᠬᠤ᠂ ᠡᠷᠡᠯᠬᠡᠭᠯᠡᠨ ᠲᠡᠮᠡᠴᠡᠬᠦ᠂ ᠡᠷᠡᠭᠦᠯ ᠢᠶᠠᠷ ᠥᠭᠡᠳᠡᠯᠡᠨ ᠳᠠᠪᠰᠢᠬᠤ ᠪᠡᠶ᠎ᠡ ᠲᠠᠮᠢᠷ ᠤᠨ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠤᠨ᠂ ᠬᠥᠳᠡᠯᠭᠡᠭᠡᠨ ᠢ ᠦᠨᠡᠨ ᠬᠦ ᠨᠥᠬᠦᠷᠯᠡᠯ ᠢᠶᠠᠨ ᠵᠤᠵᠠᠭᠠᠳᠬᠠᠬᠤ᠂ ᠪᠦᠯᠬᠦᠮᠳᠡᠨ ᠡᠷᠴᠢ ᠵᠣᠷᠢᠭ ᠢᠶᠠᠨ ᠬᠥᠪᠴᠢᠯᠡᠬᠦ᠂ ᠬᠠᠷᠢᠯᠴᠠᠨ ᠰᠤᠷᠤᠯᠴᠠᠬᠤ᠂ ᠵᠠᠮ ᠨᠡᠭᠡᠭᠡᠨ ᠤᠷᠤᠭᠰᠢᠯᠠᠬᠤ ᠶᠢᠨ ᠬᠤᠷᠳᠤᠳᠬᠠᠭᠤᠷ ᠪᠣᠯᠭᠠᠭᠰᠠᠨ ᠪᠠᠶᠢᠨ᠎ᠠ᠃    ᠣᠶᠢᠯᠠᠭᠠᠭᠰᠠᠨ ᠢᠶᠠᠷ᠂ ᠲᠣᠰ ᠤᠳᠠᠭᠠᠨ ᠤ ᠤᠷᠤᠯᠳᠤᠭᠠᠨ ᠢ ᠵᠠᠯᠠᠨ ᠠᠶᠢᠯ ᠬᠤᠲᠠ ᠶᠢᠨ ᠤᠶᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠠ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠠᠴᠠ ᠭᠤᠤᠯᠯᠠᠨ ᠡᠷᠭᠢᠯᠡᠵᠦ᠂ ᠵᠠᠯᠠᠨ ᠠᠶᠢᠯ ᠬᠤᠲᠠ ᠶᠢᠨ ᠰᠢᠨ᠎ᠡ ᠬᠤᠲᠠ ᠶᠢᠨ ᠲᠥᠪᠯᠡᠷᠡᠭᠦᠯᠦᠨ ᠢᠯᠴᠢ ᠬᠠᠩᠭᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠠᠭᠠᠭᠠᠴᠢᠯᠠᠨ ᠡᠷᠭᠢᠯᠡᠵᠦ᠂ ᠨᠡᠶᠢᠲᠡ 12 ᠠᠩᠭᠢ ᠤᠷᠤᠯᠳᠤᠭᠠᠨ ᠳᠤ ᠣᠷᠣᠯᠴᠠᠵᠠᠶ᠃ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠠᠷᠪᠠᠨ ᠭᠤᠷᠪᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠮᠦᠰ ᠢ ᠨᠠᠮ ᠤᠨ ᠲᠣᠭᠤᠷᠢᠨ ᠳᠤ ᠪᠦᠯᠬᠦᠮᠳᠡᠭᠦᠯᠦᠨ ᠨᠢᠭᠲᠠᠷᠠᠭᠤᠯᠵᠤ ᠥᠭᠡᠳᠡᠯᠡᠨ ᠲᠠᠪᠰᠢᠬᠤ ᠬᠦᠴᠦᠨ ᠢ ᠨᠢᠭᠲᠠᠷᠠᠭᠤᠯᠵᠤ᠂ ᠲᠠᠮᠢᠷ ᠤᠨ ᠲᠠᠯᠠᠪᠤᠷ ᠲᠠᠬᠢ ᠲᠡᠮᠡᠴᠡᠯ ᠤᠨ ᠵᠣᠷᠢᠭ ᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠲᠤ ᠢᠲᠡᠭᠡᠯ ᠪᠣᠯᠭᠠᠨ ᠬᠤᠪᠢᠷᠠᠭᠤᠯᠵᠤ᠂ ᠮᠠᠨ ᠤ ᠬᠤᠳᠠ ᠶᠢᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号