ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠱᠦᠵᠢ ᠪᠠᠶ ᡁᠢ ᠵᠢᠶᠦ᠋ᠨ ᠭᠤᠤᠯᠳᠠᠯᠭ᠎ᠠ ᠲᠠᠢ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/9/7
    9 ᠰᠠᠷ᠎ᠠ ᠶᠢᠨ 5      ᠤ ᠡᠳᠦᠷ᠂ ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠱᠦᠵᠢ ᠪᠠᠶ ᡁᠢ ᠵᠢᠶᠦ᠋ᠨ ᠭᠤᠤᠯᠳᠠᠯᠭ᠎ᠠ ᠲᠠᠢ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠣᠳᠣᠬᠠᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠳᠤ ᠲᠤᠰᠬᠠᠶ ᠰᠡᠳᠦᠪᠲᠦ ᠲᠣᠬᠢᠷᠠᠭᠤᠯᠤᠯᠲᠠ ᠬᠢᠪᠠ᠃ ᠬᠤᠳᠠ ᠶᠢᠨ ᠤᠳᠤᠷᠢᠳᠤᠯᠭ᠎ᠠ ᠸᠠᠩ ᠪᠥᠸᠧ᠂ ᠵᠠᠩ ᠯᠢ ᠵᠢᠶᠦ᠋ᠨ᠂ ᠦ᠋ ᠴᠧᠨ ᠳ᠋ᠦᠩ᠂ ᠵᠢᠶᠠᠩ ᠵᠢᠶᠦ᠋ᠨ ᠶᠦᠩ᠂ ᠯᠢ ᠶᠠᠨ ᠯᠢᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃   ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ︽ᠠᠷᠠᠳ ᠤᠨ ᠲᠥᠯᠥᠭᠡ ᠬᠦᠴᠢᠷᠳᠡᠯ ᠢ ᠰᠢᠢᠳᠪᠦᠷᠢᠯᠡᠵᠦ᠂ ᠨᠠᠮ ᠤᠨ ᠲᠥᠯᠥᠭᠡ ᠰᠠᠨᠠᠭᠠᠰᠢᠷᠠᠬᠤ︾ ᠤᠯᠤᠰ ᠲᠦᠷᠦ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ︽ᠬᠦᠨᠳᠦ ᠠᠰᠠᠭᠤᠳᠠᠯ ᠢ ᠵᠠᠰᠠᠵᠤ ᠬᠤᠷᠠᠮᠳᠤᠯᠠᠭ᠎ᠠ ᠶᠢ ᠠᠷᠢᠯᠭᠠᠬᠤ︾ ᠪᠣᠭᠤᠮᠲᠠ ᠰᠢᠪᠲᠤᠯᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ︽ᠴᠠᠭ ᠢᠮᠠᠭᠲᠠ ᠰᠠᠨᠠᠭ᠎ᠠ ᠠᠮᠤᠷ ᠪᠠᠶᠢᠬᠤ︾ ᠲᠤᠯᠭᠠᠮ᠎ᠠ ᠰᠡᠳᠬᠢᠯᠭᠡ ᠬᠠᠷᠢᠭᠤᠴᠠᠯᠭᠠᠲᠤ ᠰᠡᠳᠬᠢᠯᠭᠡ ᠪᠠᠷ ᠶᠠᠰᠤ ᠴᠢᠨᠠᠷ ᠢ ᠰᠢᠢᠳᠪᠦᠷᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃   ᠬᠤᠷᠠᠯ ᠠᠴᠠ᠂ ᠲᠥᠪ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠳᠠ ᠶᠢᠨ ᠬᠤᠯᠪᠣᠭᠳᠠᠯ ᠪᠦᠬᠦᠢ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠠᠵᠢᠯ ᠢ ᠪᠣᠳᠠᠲᠠᠢ ᠰᠠᠶᠢᠲᠤᠷ ᠬᠢᠵᠦ᠂ ᠬᠠᠤᠯᠢ ᠲᠣᠭᠲᠠᠭᠠᠯ ᠶᠣᠰᠣᠭᠠᠷ ᠵᠦᠢ ᠵᠣᠬᠢᠰᠲᠠᠢ ᠪᠠᠷ ᠤᠯᠠᠨ ᠲᠦᠮᠡᠨ ᠤ ᠬᠦᠴᠢᠷ ᠵᠣᠪᠠᠭᠤᠷᠢ ᠶᠢ ᠰᠢᠢᠳᠪᠦᠷᠢᠯᠡᠵᠦ᠂ ᠡᠯ᠎ᠡ ᠲᠦᠷᠦᠯ ᠤᠨ ᠵᠥᠷᠢᠴᠡᠯ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠬᠤ ᠬᠡᠷᠡᠭᠲᠡᠢ ᠭᠡᠵᠦ ᠱᠠᠭᠠᠷᠳᠠᠪᠠ᠃ ᠬᠤᠳᠠ ᠶᠢᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠵᠠᠬᠢᠳᠠᠯ ᠰᠤᠷᠪᠤᠯᠵᠢᠯᠠᠭ᠎ᠠ ᠶᠢᠨ ᠬᠠᠮᠲᠤᠷᠠᠭᠰᠠᠨ ᠬᠤᠷᠠᠯᠳᠤᠭᠠᠨ ᠤ ᠠᠯᠪᠠᠨ ᠭᠡᠷ ᠤᠨ ᠬᠢᠨᠠᠨ ᠵᠢᠯᠣᠭᠤᠳᠴᠤ ᠰᠢᠪᠠᠳᠠᠨ ᠰᠢᠢᠳᠪᠦᠷᠢᠯᠡᠭᠦᠯᠬᠦ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠦᠨᠡᠨ ᠬᠦ ᠰᠠᠶᠢᠲᠤᠷ ᠪᠠᠳᠠᠷᠠᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠵᠠᠳᠠᠯᠤᠨ ᠰᠤᠳᠤᠯᠵᠤ ᠮᠠᠭᠠᠳᠯᠠᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠠᠨ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠤᠯᠠᠨ ᠲᠦᠮᠡᠨ ᠤ ᠪᠠᠴᠢᠮ ᠲᠤᠯᠭᠠᠮ᠎ᠠ ᠵᠣᠪᠠᠵᠤ ᠪᠠᠶᠢᠭ᠎ᠠ ᠠᠰᠠᠭᠤᠳᠠᠯ ᠢ ᠦᠨᠡᠨ ᠰᠡᠳᠬᠢᠯ ᠠᠴᠠ ᠪᠠᠨ ᠰᠠᠶᠢᠲᠤᠷ  ᠰᠢᠢᠳᠪᠦᠷᠢᠯᠡᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠶ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号