ᠪᠦᠬᠦ ᠬᠤᠲᠠ ᠶᠢᠨ 12345 ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠶᠠᠪᠤᠭᠳᠠᠯ ᠤᠨ ᠪᠠᠶᠢᠳᠠᠯ ᠤᠨ ᠲᠤᠬᠠᠶ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠡᠯᠡᠯ ︵ᠨᠢᠭᠡ︶
ᠨᠡᠶᠢᠲᠡᠯᠡᠭᠰᠡᠨ ᠴᠠᠭ᠄
2022/9/7
   ᠨᠢᠭᠡ᠂ ᠶᠠᠪᠤᠭᠳᠠᠯ ᠤᠨ ᠪᠠᠶᠢᠳᠠᠯ    4 ᠰᠠᠷ᠎ᠠ ᠶᠢᠨ 23        ᠤ ᠡᠳᠦᠷ ᠪᠣᠯᠲᠠᠯ᠎ᠠ᠂ ᠬᠤᠲᠠ ᠶᠢᠨ 12345 ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢ 96891 ᠤᠳᠠᠭ᠎ᠠ ᠲᠤᠰᠴᠤ᠂ ᠬᠥᠮᠦᠨ ᠤ ᠬᠦᠴᠦ ᠪᠠᠷ ᠰᠢᠯᠵᠢᠭᠦᠯᠦᠭᠰᠡᠨ ᠶᠡᠷᠦᠩᠬᠡᠶ ᠬᠡᠮᠵᠢᠶ᠎ᠡ ᠨᠢ 54165 ᠤᠳᠠᠭ᠎ᠠ᠂ ᠳᠠᠭᠤᠳᠠᠯᠭ᠎ᠠ ᠭᠠᠷᠭᠠᠭᠰᠠᠨ ᠶᠡᠷᠦᠩᠬᠡᠶ ᠬᠡᠮᠵᠢᠶ᠎ᠡ ᠨᠢ 41435 ᠤᠳᠠᠭ᠎ᠠ᠂ ᠠᠰᠠᠭᠤᠨ ᠯᠠᠪᠯᠠᠬᠤ᠂ ᠲᠤᠰᠠᠯᠠᠮᠵᠢ ᠭᠤᠶᠤᠴᠢᠯᠠᠬᠤ᠂ ᠵᠠᠭᠠᠯᠳᠤᠬᠤ᠂ ᠢᠯᠡᠴᠢᠯᠡᠨ ᠮᠡᠳᠡᠭᠦᠯᠬᠦ᠂ ᠰᠠᠨᠠᠭᠤᠯᠭ᠎ᠠ ᠳᠤᠷᠠᠳᠬᠤ᠂ ᠮᠠᠭᠲᠠᠨ ᠰᠠᠶᠢᠰᠢᠶᠠᠬᠤ ᠵᠡᠷᠭᠡ ᠡᠯ᠎ᠡ ᠲᠥᠷᠥᠯ ᠤᠨ ᠬᠦᠰᠡᠯ ᠱᠠᠭᠠᠷᠳᠠᠯᠭ᠎ᠠ ᠶᠢ ᠨᠡᠶᠢᠲᠡ 58270 ᠬᠤᠪᠢ ᠭᠥᠯᠢᠶᠡᠨ ᠠᠪᠴᠤ ᠭᠦᠢᠴᠡᠳᠬᠡᠪᠡ᠃    ᠡᠭᠦᠨ ᠳᠤ ᠠᠰᠠᠭᠤᠨ ᠯᠠᠪᠯᠠᠬᠤ ᠲᠥᠷᠥᠯ 39986 ᠬᠤᠪᠢ ᠪᠠᠶᠢᠵᠤ᠂ ᠡᠵᠡᠯᠡᠬᠦ ᠬᠠᠷᠢᠴᠠᠯ ᠨᠢ 68. 62%᠂ ᠲᠤᠰᠠᠯᠠᠮᠵᠢ ᠭᠤᠶᠤᠴᠢᠯᠠᠬᠤ ᠲᠥᠷᠥᠯ 10564 ᠬᠤᠪᠢ ᠪᠠᠶᠢᠵᠤ᠂ ᠡᠵᠡᠯᠡᠬᠦ ᠬᠠᠷᠢᠴᠠᠯ ᠨᠢ 18.13%᠂ ᠵᠠᠭᠠᠯᠳᠤᠬᠤ ᠲᠥᠷᠥᠯ 6302 ᠬᠤᠪᠢ ᠪᠠᠶᠢᠵᠤ᠂ ᠡᠵᠡᠯᠡᠬᠦ ᠬᠠᠷᠢᠴᠠᠯ ᠨᠢ 10.82%᠂ ᠢᠯᠡᠴᠢᠯᠡᠨ ᠮᠡᠳᠡᠭᠦᠯᠬᠦ ᠲᠥᠷᠥᠯ 786 ᠬᠤᠪᠢ ᠪᠠᠶᠢᠵᠤ᠂ ᠡᠵᠡᠯᠡᠬᠦ ᠬᠠᠷᠢᠴᠠᠯ ᠨᠢ 1.35%᠂ ᠰᠠᠨᠠᠭᠤᠯᠭ᠎ᠠ ᠶᠢᠨ ᠲᠥᠷᠥᠯ 442 ᠬᠤᠪᠢ ᠪᠠᠶᠢᠵᠤ᠂ ᠡᠵᠡᠯᠡᠬᠦ ᠬᠠᠷᠢᠴᠠᠯ ᠨᠢ 0.76%᠂ ᠪᠤᠰᠤᠳ ᠲᠥᠷᠥᠯ 166 ᠬᠤᠪᠢ ᠪᠠᠶᠢᠵᠤ᠂ ᠡᠵᠡᠯᠡᠬᠦ ᠬᠠᠷᠢᠴᠠᠯ ᠨᠢ 0.28%᠂ ᠰᠠᠶᠢᠰᠢᠶᠠᠬᠤ ᠲᠥᠷᠥᠯ 24 ᠬᠤᠪᠢ ᠪᠠᠶᠢᠵᠤ᠂ ᠡᠵᠡᠯᠡᠬᠦ ᠬᠠᠷᠢᠴᠠᠯ ᠨᠢ 0.04% ᠪᠣᠯᠤᠨ᠎ᠠ᠃ ᠰᠢᠭᠤᠳ ᠬᠠᠷᠢᠭᠤᠯᠲᠠ ᠥᠭᠭᠦᠭᠰᠡᠨ ᠨᠢ 40991 ᠬᠤᠪᠢ ᠪᠠᠶᠢᠵᠤ᠂ 70.35%      ᠶᠢ ᠡᠵᠡᠯᠡᠵᠦ᠂ ᠲᠣᠮᠢᠯᠠᠨ ᠲᠠᠷᠬᠠᠭᠠᠭᠰᠠᠨ ᠠᠵᠢᠯᠯᠠᠬᠤ ᠬᠠᠭᠤᠳᠠᠰᠤ 17279 ᠬᠤᠪᠢ ᠪᠠᠶᠢᠵᠤ᠂ ᠡᠵᠡᠯᠡᠬᠦ ᠬᠠᠷᠢᠴᠠᠯ ᠨᠢ 29.65%      ᠶᠢ ᠡᠵᠡᠯᠡᠵᠦ᠂ ᠬᠤᠭᠤᠴᠠᠭ᠎ᠠ ᠠᠴᠠ ᠬᠡᠲᠦᠷᠡᠭᠡᠳ ᠪᠡᠶᠡᠯᠡᠭᠦᠯᠦᠭᠰᠡᠨ ᠥᠬᠡᠶ ᠠᠵᠢᠯᠯᠠᠬᠤ ᠬᠠᠭᠤᠳᠠᠰᠤ 477 ᠬᠤᠪᠢ ᠪᠠᠶᠢᠵᠤ᠂ ᠡᠵᠡᠯᠡᠬᠦ ᠬᠠᠷᠢᠴᠠᠯ ᠨᠢ 2.76%      ᠶᠢ ᠡᠵᠡᠯᠡᠵᠦ᠂ ᠳᠤᠮᠳᠠᠴᠢ ᠬᠠᠨᠤᠮᠵᠢ ᠶᠢᠨ ᠨᠣᠷᠮ᠎ᠠ ᠨᠢ 67.59 % ᠳᠤ ᠬᠦᠷᠴᠦ᠂ ᠰᠢᠢᠳᠪᠦᠷᠢᠯᠡᠭᠰᠡᠨ ᠨᠣᠷᠮ᠎ᠠ ᠨᠢ 55.51%      ᠳᠤ ᠬᠦᠷᠴᠦ᠂ ᠴᠤᠤᠷᠢᠶᠠᠲᠤᠭᠰᠠᠨ ᠨᠣᠷᠮ᠎ᠠ ᠨᠢ 82.66%      ᠳᠤ ᠬᠦᠷᠴᠡᠶ᠃    ︵ᠨᠢᠭᠡ︶ ᠠᠵᠢᠯ ᠲᠥᠷᠥᠯ ᠤᠨ ᠲᠥᠷᠥᠯ ᠬᠤᠪᠢᠶᠠᠭᠰᠠᠨ ᠬᠦᠰᠡᠯ ᠱᠠᠭᠠᠷᠳᠠᠯᠭ᠎ᠠ ᠶᠢ ᠪᠦᠷᠢᠳᠬᠡᠬᠦ᠃    ᠭᠤᠤᠯᠳᠠᠭᠤ ᠬᠤᠲᠠ ᠶᠢᠨ ᠶᠡᠷᠦᠩᠬᠡᠶᠢᠯᠡᠭᠰᠡᠨ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠰᠣᠶᠣᠯ ᠡᠷᠡᠭᠦᠯ ᠬᠠᠮᠠᠭᠠᠯᠠᠯ᠂ ᠵᠠᠰᠠᠭ ᠤᠨ ᠶᠠᠪᠤᠳᠠᠯ ᠤᠨ ᠬᠠᠮᠢᠶᠠᠷᠤᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠲᠠᠯ᠎ᠠ ᠳᠤ ᠲᠥᠪᠯᠡᠷᠡᠵᠦ ᠪᠤᠢ᠃ ᠡᠭᠦᠨ ᠳᠤ ᠬᠤᠲᠠ ᠶᠢᠨ ᠶᠡᠷᠦᠩᠬᠡᠶᠢᠯᠡᠭᠰᠡᠨ ᠬᠦᠰᠡᠯ ᠱᠠᠭᠠᠷᠳᠠᠯᠭ᠎ᠠ 16792 ᠬᠤᠪᠢ ᠪᠠᠶᠢᠵᠤ᠂ ᠭᠤᠤᠯᠳᠠᠭᠤ ᠬᠡᠷᠡᠭᠯᠡᠭᠡ ᠶᠢᠨ ᠡᠷᠬᠡ ᠪᠠᠨ ᠬᠠᠮᠠᠭᠠᠯᠠᠬᠤ᠂ ᠢᠯᠴᠢ ᠬᠠᠩᠭᠠᠬᠤ ᠬᠠᠮᠢᠶᠠᠷᠤᠯᠲᠠ᠂ ᠣᠷᠣᠨ ᠰᠠᠭᠤᠴᠠ ᠶᠢᠨ ᠬᠠᠮᠢᠶᠠᠷᠤᠯᠲᠠ ᠶᠢᠨ ᠠᠰᠠᠭᠤᠳᠠᠯ ᠳᠤ ᠨᠡᠯᠢᠶᠡᠳ ᠲᠥᠪᠯᠡᠷᠡᠩᠭᠦᠶ ᠪᠠᠶᠢᠨ᠎ᠠ︔ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠰᠣᠶᠣᠯ ᠡᠷᠡᠭᠦᠯ ᠬᠠᠮᠠᠭᠠᠯᠠᠯ ᠤᠨ ᠬᠦᠰᠡᠯ ᠱᠠᠭᠠᠷᠳᠠᠯᠭ᠎ᠠ 16016 ᠬᠤᠪᠢ ᠪᠠᠶᠢᠵᠤ᠂ ᠭᠤᠤᠯᠳᠠᠭᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ᠂ ᠪᠥᠭᠡᠮ ᠬᠦᠴᠢᠯ ᠤᠨ ᠪᠠᠶᠢᠴᠠᠭᠠᠨ ᠰᠢᠯᠭᠠᠯᠳᠠ ᠲᠠᠢ ᠬᠤᠯᠪᠣᠭᠳᠠᠬᠤ ᠠᠰᠠᠭᠤᠳᠠᠯ ᠨᠡᠯᠢᠶᠡᠳ ᠲᠥᠪᠯᠡᠷᠡᠩᠭᠦᠶ ᠪᠠᠶᠢᠨ᠎ᠠ︔ ᠬᠦᠯᠢᠶᠠᠨ ᠠᠪᠴᠤ ᠰᠢᠢᠳᠪᠦᠷᠢᠯᠡᠬᠦ ᠬᠡᠪᠴᠢᠶᠡᠨ ᠤ ᠪᠤᠰᠤ ᠭᠤᠮᠣᠳᠠᠯ ᠲᠤᠭᠠᠴᠢᠯᠳᠠ 8831 ᠬᠤᠪᠢ ᠪᠠᠶᠢᠵᠤ᠂ ᠭᠤᠣᠯᠳᠠᠭᠤ ᠬᠠᠷᠢᠶᠠᠯᠠᠯ ᠤᠨ ᠬᠡᠪᠴᠢᠶᠡᠨ ᠤ ᠪᠤᠰᠤ᠂ ᠪᠣᠳᠠᠲᠠᠢ ᠭᠤᠮᠣᠳᠠᠯ ᠲᠤᠭᠠᠴᠢᠯᠳᠠ ᠶᠢᠨ ᠵᠦᠢᠯᠡᠰ ᠦᠭᠡᠢ᠂ ᠬᠤᠪᠢ ᠬᠥᠮᠦᠨ᠂ ᠭᠡᠷ᠎ᠡ ᠶᠢᠨ ᠵᠠᠭᠤᠷᠠᠯᠳᠤᠭᠠᠨ ᠤ ᠲᠠᠯ᠎ᠠ ᠪᠠᠷ ᠨᠡᠯᠢᠶᠡᠳ ᠲᠥᠪᠯᠡᠷᠡᠩᠭᠦᠢ ᠪᠠᠶᠢᠨ᠎ᠠ︔ ᠵᠠᠰᠠᠭ ᠤᠨ ᠶᠠᠪᠤᠳᠠᠯ ᠤᠨ ᠬᠠᠮᠢᠶᠠᠷᠤᠯᠲᠠ ᠶᠢᠨ ᠬᠦᠰᠡᠯ ᠱᠠᠭᠠᠷᠳᠠᠯᠭ᠎ᠠ 7996 ᠬᠤᠪᠢ ᠪᠠᠶᠢᠵᠤ᠂ ᠭᠤᠤᠯᠳᠠᠭᠤ ᠵᠠᠰᠠᠭ ᠤᠨ ᠶᠠᠪᠤᠳᠠᠯ ᠤᠨ ᠠᠰᠠᠭᠤᠨ ᠯᠠᠪᠯᠠᠬᠤ᠂ ᠭᠡᠷᠡᠴᠢ ᠦᠨᠡᠮᠯᠡᠯ ᠢ ᠬᠢᠨᠠᠨ ᠵᠥᠪᠰᠢᠶᠡᠷᠡᠬᠦ᠂ ᠭᠦᠢᠴᠡᠳᠬᠡᠬᠦ ᠪᠠ ᠵᠠᠰᠠᠭ ᠤᠨ ᠶᠠᠪᠤᠳᠠᠯ ᠤᠨ ᠦᠢᠯᠡᠳᠦᠯ ᠴᠢᠳᠠᠪᠬᠢ ᠶᠢᠨ ᠲᠠᠯ᠎ᠠ ᠪᠠᠷ ᠨᠡᠯᠢᠶᠡᠳ ᠲᠥᠪᠯᠡᠷᠡᠩᠭᠦᠶ ᠪᠠᠶᠢᠨ᠎ᠠ︔ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠤᠬᠠᠢ ᠬᠦᠰᠡᠯ ᠱᠠᠭᠠᠷᠳᠠᠯᠭ᠎ᠠ 5414 ᠬᠤᠪᠢ ᠪᠠᠶᠢᠵᠤ᠂ ᠭᠤᠣᠯᠳᠠᠭᠤ ᠬᠥᠳᠡᠯᠮᠦᠷᠢ ᠶᠢᠨ ᠡᠷᠬᠡ ᠠᠰᠢᠭ ᠢ ᠬᠠᠮᠠᠭᠠᠯᠠᠬᠤ᠂ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠳᠠᠭᠠᠳᠬᠠᠯ ᠵᠡᠷᠭᠡ ᠪᠠᠶᠢᠳᠠᠯ ᠨᠡᠯᠢᠶᠡᠳ ᠲᠥᠪᠯᠡᠷᠡᠩᠭᠦᠢ ᠪᠠᠶᠢᠬᠤ ᠶᠢ ᠲᠤᠰᠬᠠᠪᠠ︔ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ 1062 ᠵᠦᠢᠯ᠂ ᠲᠠᠷᠢᠶᠠᠯᠠᠩ ᠣᠢ ᠤᠰᠤ ᠬᠦᠷᠦᠰᠦ 982 ᠵᠦᠢᠯ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ 670 ᠵᠦᠢᠯ᠂ ᠠᠮᠤᠷ ᠢ ᠬᠠᠮᠠᠭᠠᠯᠠᠬᠤ ᠬᠠᠤᠯᠢ ᠪᠠᠷ ᠵᠠᠰᠠᠬᠤ 263 ᠵᠦᠢᠯ᠂ ᠨᠠᠮ ᠵᠠᠰᠠᠭ ᠤᠨ ᠬᠠᠮᠲᠤᠯᠢᠭ 152 ᠵᠦᠢᠯ᠂ ᠠᠵᠤ ᠠᠬᠤᠢ ᠶᠢᠨ ᠶᠡᠷᠦᠩᠬᠡᠶᠢᠯᠡᠭᠰᠡᠨ 92 ᠵᠦᠢᠯ ᠪᠤᠢ᠃    ︵ᠬᠤᠶᠠᠷ︶ ᠬᠤᠭᠤᠴᠠᠭ᠎ᠠ ᠬᠡᠲᠦᠷᠡᠭᠡᠳ ᠪᠡᠶᠡᠯᠡᠬᠦᠯᠦᠭᠡᠳᠦᠢ ᠠᠵᠢᠯ ᠤᠨ ᠬᠠᠭᠤᠳᠠᠰᠤ ᠶᠢᠨ ᠪᠦᠷᠢᠳᠬᠡᠯ᠃    2022 ᠣᠨ ᠤ 4 ᠰᠠᠷ᠎ᠠ ᠶᠢᠨ 23        ᠤ ᠡᠳᠦᠷ ᠤᠨ 24 ᠴᠠᠭ ᠪᠣᠯᠲᠠᠯ᠎ᠠ᠂ ᠮᠠᠨ ᠤ ᠬᠤᠲᠠ ᠶᠢᠨ ᠬᠤᠭᠤᠴᠠᠭ᠎ᠠ ᠬᠡᠲᠦᠷᠡᠭᠡᠳ ᠪᠡᠶᠡᠯᠡᠬᠦᠯᠦᠭᠡᠳᠦᠢ ᠬᠠᠭᠤᠳᠠᠰᠤ ᠨᠡᠶᠢᠲᠡ 477 ᠪᠣᠶ᠃ ᠡᠭᠦᠨ ᠳᠤ ᠬᠤᠰᠢᠭᠤ ᠬᠤᠲᠠ ᠲᠣᠭᠤᠷᠢᠭ ᠲᠤ ᠨᠡᠶᠢᠲᠡ 447 ᠵᠦᠢᠯ᠄ ᠬᠠᠶᠢᠯᠠᠷ ᠲᠣᠭᠤᠷᠢᠭ ᠲᠤ 185 ᠵᠦᠢᠯ᠂ ᠮᠠᠨᠵᠤᠤᠷ ᠬᠤᠲᠠ ᠳᠤ 148 ᠵᠦᠢᠯ᠂ ᠠᠷᠤᠨ ᠬᠤᠰᠢᠭᠤᠨ ᠳᠤ 57 ᠵᠦᠢᠯ᠂ ᠮᠤᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠳᠤ 38 ᠵᠦᠢᠯ᠂ ᠡᠸᠡᠩᠬᠢ ᠬᠤᠰᠢᠭᠤᠨ ᠳᠤ 14 ᠵᠦᠢᠯ᠂ ᠣᠷᠴᠣᠨ ᠬᠤᠰᠢᠭᠤᠨ ᠳᠤ 2 ᠵᠦᠢᠯ᠂ ᠵᠠᠯᠠᠨ ᠠᠶᠢᠯ ᠬᠤᠲᠠ ᠳᠤ 1 ᠵᠦᠢᠯ᠂ ᠶᠠᠭᠰᠢ ᠬᠤᠲᠠ ᠳᠤ 1 ᠵᠦᠢᠯ᠂ ᠵᠠᠯᠠᠶᠢᠨᠠᠭᠤᠷ ᠲᠣᠭᠤᠷᠢᠭ ᠲᠤ 1 ᠵᠦᠢᠯ ᠪᠣᠶ ︔ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ᠂ ᠬᠥᠯᠥᠨ ᠪᠤᠶᠢᠷ ᠬᠤᠲᠠ ᠳᠤ ᠰᠠᠭᠤᠭ᠎ᠠ ᠬᠤᠯᠪᠣᠭᠳᠠᠯ ᠪᠥᠬᠦᠶ ᠨᠢᠭᠡᠴᠢ ᠨᠡᠶᠢᠲᠡ 30 ᠬᠤᠪᠢ᠄ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ 7 ᠬᠤᠪᠢ᠂ ᠬᠤᠲᠠ ᠶᠢᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ 5 ᠬᠤᠪᠢ᠂ ᠬᠥᠯᠥᠨ ᠪᠤᠶᠢᠷ ᠤᠨ ᠲᠠᠷᠢᠶᠠᠯᠠᠩ ᠤᠨ ᠬᠠᠭᠠᠯᠪᠤᠷᠢᠯᠠᠯᠲᠠ ᠶᠢᠨ ᠪᠦᠯᠦᠭᠯᠡᠯ 4 ᠬᠤᠪᠢ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ 3 ᠬᠤᠪᠢ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ 2 ᠬᠤᠪᠢ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ 2 ᠬᠤᠪᠢ᠂ ᠬᠤᠲᠠ ᠶᠢᠨ ᠵᠡᠮᠳᠡᠭᠴᠦᠳ ᠤᠨ ᠬᠤᠯᠪᠣᠭᠠᠲᠤ ᠬᠤᠷᠠᠯ 2 ᠬᠤᠪᠢ᠂ ᠥᠪᠥᠷ ᠮᠣᠩᠭᠤᠯ ᠤᠨ ᠵᠠᠰᠠᠮᠠᠯ ᠵᠠᠮ ᠤᠨ ᠵᠠᠮ ᠬᠠᠷᠢᠯᠴᠠᠭᠠᠨ ᠤ ᠬᠥᠯᠥᠨ ᠪᠤᠶᠢᠷ ᠲᠠᠬᠢ ᠬᠤᠪᠢᠶᠠᠷᠢ ᠺᠣᠮᠫᠠᠨᠢ 1 ᠬᠤᠪᠢ᠂ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ 1 ᠬᠤᠪᠢ᠂ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ 1 ᠬᠤᠪᠢ᠂ ᠬᠤᠲᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠵᠥᠪᠯᠡᠯ 1 ᠬᠤᠪᠢ᠂ ᠬᠠᠮᠳᠤᠷᠠᠭᠰᠠᠨ ᠬᠤᠯᠪᠤᠭ᠎ᠠ ᠶᠢᠨ ᠬᠥᠯᠥᠨ ᠪᠤᠶᠢᠷ ᠲᠠᠬᠢ ᠬᠤᠪᠢᠶᠠᠷᠢ ᠺᠣᠮᠫᠠᠨᠢ 1 ᠬᠤᠪᠢ᠃
 
ᠢᠷᠡᠯᠲᠡ᠄ ᠬᠥᠯᠦᠨ ᠪᠦᠢᠷ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号