ᠪᠦᠬᠦ ᠬᠤᠲᠠ ᠶᠢᠨ 12345 ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠶᠠᠪᠤᠭᠳᠠᠯ ᠤᠨ ᠪᠠᠶᠢᠳᠠᠯ ᠤᠨ ᠲᠤᠬᠠᠶ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠡᠯᠡᠯ ︵ᠭᠤᠷᠪᠠ︶
ᠨᠡᠶᠢᠲᠡᠯᠡᠭᠰᠡᠨ ᠴᠠᠭ᠄
2022/9/7
    ᠬᠤᠶᠠᠷ᠂ ᠭᠤᠣᠯ ᠣᠷᠣᠰᠢᠵᠤ ᠪᠠᠶᠢᠭ᠎ᠠ ᠠᠰᠠᠭᠤᠳᠠᠯ᠃    ︵ᠨᠢᠭᠡ︶ ᠬᠡᠰᠡᠭ ᠨᠢᠭᠡᠴᠢ ᠲᠠᠪᠴᠠᠩ ᠤᠨ ᠠᠵᠢᠯ ᠢ ᠴᠢᠬᠤᠯᠠᠴᠢᠯᠠᠬᠤ ᠬᠡᠮᠵᠢᠶ᠎ᠡ ᠪᠠᠷ ᠬᠦᠷᠦᠯᠴᠡᠬᠦ ᠥᠬᠡᠶ ᠪᠠᠶᠢᠵᠤ᠂ ︽ᠬᠥᠯᠥᠨ ᠪᠤᠶᠢᠷ ᠬᠤᠲᠠ ᠶᠢᠨ 12345 ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠠᠵᠢᠯ ᠤᠨ ᠬᠠᠮᠢᠶᠠᠷᠤᠯᠲᠠ ᠶᠢᠨ ᠠᠷᠭ᠎ᠠ︾ ︵ᠬᠦᠯᠦᠨ ᠵᠠᠰᠠᠭ ᠠᠯᠪᠠᠨ ᠲᠠᠷᠬᠠᠭᠠᠭᠰᠠᠨ ﹇2021﹈ 15 ᠳ᠋ᠤᠭᠠᠷ ᠲᠣᠭᠠᠲᠤ︶ ᠵᠢᠴᠢ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠮᠠᠲ᠋ᠧᠷᠢᠶᠠᠯ ᠤᠨ ᠰᠤᠷᠤᠯᠴᠠᠯᠭ᠎ᠠ ᠨᠢ ᠪᠦᠷᠢᠨ ᠪᠤᠰᠤ᠂ ᠡᠵᠡᠮᠰᠢᠭᠰᠡᠨ ᠨᠢ ᠪᠠᠲᠤᠲᠠᠶ ᠪᠤᠰᠤ ᠪᠠᠶᠢᠬᠤ᠃    ︵ᠬᠤᠶᠠᠷ︶ ᠳᠠᠭᠠᠭᠠᠴᠢᠯᠠᠨ ᠭᠦᠢᠴᠡᠳᠬᠡᠬᠦ ᠠᠵᠢᠯᠲᠠᠨ ᠨᠢ ᠲᠣᠳᠣᠷᠬᠠᠶ ᠥᠬᠡᠶ᠂ ᠨᠡᠭᠦᠳᠡᠯ ᠴᠢᠨᠠᠷ ᠢᠶᠠᠷ ᠶᠡᠭᠡ᠂ ᠠᠵᠢᠯ ᠤᠨ ᠵᠣᠯᠭᠠᠭᠤᠯᠤᠯᠲᠠ ᠨᠢ ᠭᠦᠢᠴᠡᠳ ᠥᠬᠡᠶ᠂ ᠰᠢᠨ᠎ᠡ ᠪᠠᠷ ᠠᠵᠢᠯ ᠳᠤ ᠤᠷᠤᠭᠰᠠᠨ ᠳᠠᠭᠠᠭᠠᠴᠢᠯᠠᠨ ᠭᠦᠢᠴᠡᠳᠬᠡᠬᠦ ᠠᠵᠢᠯᠲᠠᠨ ᠤ ᠲᠤᠬᠠᠶᠢᠯᠠᠭᠰᠠᠨ ᠠᠵᠢᠯ ᠳᠤ ᠪᠠᠨ ᠳᠠᠳᠮᠠᠭᠠᠢ ᠪᠤᠰᠤ᠃ ᠵᠢᠱᠢᠶᠡᠯᠡᠪᠡᠯ᠄ ᠮᠠᠨᠵᠤᠤᠷ ᠬᠤᠲᠠ ᠶᠢᠨ ᠲᠣᠬᠢᠷᠠᠭᠤᠯᠤᠯᠲᠠ ᠶᠢᠨ ᠲᠥᠪ ᠵᠤᠯᠭᠠᠭᠤᠯᠬᠤ ᠠᠵᠢᠯᠳᠠᠨ ᠢᠶᠠᠨ ᠪᠠᠶᠢᠨ ᠳᠠᠬᠢᠨ ᠰᠣᠯᠢᠭᠰᠠᠨ ᠠᠴᠠ ᠪᠣᠯᠵᠣ᠂ ᠬᠤᠭᠤᠴᠠᠭ᠎ᠠ ᠠᠴᠠ ᠬᠡᠲᠦᠷᠡᠭᠰᠡᠨ ᠠᠵᠢᠯ ᠤᠨ ᠬᠠᠭᠤᠳᠠᠰᠤ ᠬᠡᠲᠦ ᠳᠠᠷᠤᠭᠳᠠᠪᠠ᠃    ︵ᠭᠤᠷᠪᠠ︶ ᠣᠯᠠᠨ ᠰᠠᠯᠠᠭ᠎ᠠ ᠮᠥᠴᠢᠷ ᠤᠨ ᠵᠣᠬᠢᠴᠠᠭᠤᠯᠤᠨ ᠰᠢᠢᠳᠪᠦᠷᠢᠯᠡᠬᠦ ᠳᠤ ᠬᠤᠯᠪᠣᠭᠳᠠᠭᠰᠠᠨ ᠵᠦᠢᠯᠡᠰ᠂ ᠪᠦᠲᠦᠮᠵᠢᠲᠡᠶ ᠵᠣᠬᠢᠴᠠᠭᠤᠯᠤᠨ ᠨᠡᠪᠲᠡᠷᠡᠯᠴᠡᠵᠦ ᠳᠡᠶᠢᠯᠬᠦ ᠥᠬᠡᠶ᠂ ᠬᠠᠷᠢᠯᠴᠠᠨ ᠲᠦᠯᠬᠢᠯᠴᠡᠬᠦ ᠦᠵᠡᠭᠳᠡᠯ ᠣᠷᠣᠰᠢᠵᠤ ᠪᠠᠶᠢᠬᠤ᠃ ᠵᠢᠱᠢᠶᠡᠯᠡᠪᠡᠯ ᠬᠠᠶᠢᠯᠠᠷ ᠲᠣᠭᠤᠷᠢᠭ ᠤᠨ ᠲᠣᠭᠲᠠᠭᠠᠯ ᠠᠴᠠ ᠵᠥᠷᠢᠴᠡᠨ ᠪᠠᠶᠢᠭᠤᠯᠤᠭᠰᠠᠨ ᠠᠰᠠᠭᠤᠳᠠᠯ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠪᠣᠯᠤᠨ ᠬᠠᠶᠢᠯᠠᠷ ᠲᠣᠭᠤᠷᠢᠭ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠨᠠᠶᠢᠳᠠᠯᠭ᠎ᠠ ᠶᠢᠨ ᠠᠰᠠᠭᠤᠳᠠᠯ ᠣᠷᠣᠰᠢᠵᠤ᠂ ᠬᠠᠶᠢᠯᠠᠷ ᠲᠣᠭᠤᠷᠢᠭ ᠢ ᠲᠣᠭᠲᠠᠭᠠᠯ ᠠᠴᠠ ᠵᠥᠷᠢᠴᠡᠨ ᠪᠠᠶᠢᠭᠤᠯᠤᠭᠰᠠᠨ ᠠᠰᠠᠭᠤᠳᠠᠯ ᠤᠨ ᠳᠠᠷᠤᠭᠳᠠᠭᠰᠠᠨ ᠠᠵᠢᠯ ᠤᠨ ᠬᠠᠭᠤᠳᠠᠰᠤ ᠬᠡᠲᠦ ᠣᠯᠠᠨ ᠪᠣᠯᠵᠠᠶ᠃    ︵ᠳᠥᠷᠪᠡ︶ ᠬᠡᠰᠡᠭ ᠳᠠᠭᠠᠭᠠᠴᠢᠯᠠᠨ ᠭᠦᠢᠴᠡᠳᠬᠡᠬᠦ ᠨᠢᠭᠡᠴᠢ ᠶᠢᠨ ᠠᠵᠢᠯ ᠤᠨ ᠬᠠᠭᠤᠳᠠᠰᠤ ᠶᠢᠨ ᠭᠦᠢᠴᠡᠳᠬᠡᠭᠰᠡᠨ ᠠᠭᠤᠯᠭ᠎ᠠ ᠶᠢᠨ ᠳᠦᠷᠰᠦᠯᠡᠯ ᠨᠢ ᠨᠠᠷᠢᠨ ᠲᠣᠳᠣᠷᠬᠠᠶ ᠥᠬᠡᠶ ᠠᠴᠠ ᠪᠣᠯᠵᠣ ᠠᠵᠢᠯ ᠤᠨ ᠬᠠᠭᠤᠳᠠᠰᠤ ᠶᠢᠨ ᠬᠠᠷᠢᠭᠤ ᠰᠤᠷᠪᠤᠯᠵᠢᠯᠠᠬᠤ ᠳᠤ ᠬᠦᠴᠢᠷᠲᠡᠶ ᠪᠣᠯᠵᠣ᠂ ᠤᠲᠠᠰᠤ ᠢᠷᠡᠭᠴᠢ ᠶᠢᠨ ᠬᠦᠰᠡᠯ ᠱᠠᠭᠠᠷᠳᠠᠯᠭ᠎ᠠ ᠪᠠ ᠳᠠᠭᠠᠭᠠᠨ ᠭᠦᠢᠴᠡᠳᠬᠡᠬᠦ ᠨᠢᠭᠡᠴᠢ ᠶᠢᠨ ᠪᠣᠳᠠᠲᠠᠶ ᠭᠦᠢᠴᠡᠳᠬᠡᠭᠰᠡᠨ ᠪᠠᠶᠢᠳᠠᠯ ᠢ ᠬᠢᠨᠠᠨ ᠬᠠᠷᠭᠤᠭᠤᠯᠬᠤ ᠶᠢᠨ ᠠᠷᠭ᠎ᠠ ᠥᠬᠡᠶ ᠪᠣᠯᠭᠠᠭᠰᠠᠨ᠃
 
ᠢᠷᠡᠯᠲᠡ᠄ ᠬᠥᠯᠦᠨ ᠪᠦᠢᠷ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号